ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-07-27 18:04:24

ᠵᠣᠬᠢᠶᠠᠭ᠍ᠴᠢ᠄ ᠰᠦᠩ ᠱᠤᠸᠠᠩ ᠪᠠᠢ ᠯᠢᠶᠠᠨ ᠯᠢ ᠶᠦᠩ ᠲᠤᠤ ᠣᠩᠱᠢᠭ᠍ᠰᠠᠨ ᠣᠳᠠᠭ᠎ᠠ᠄ 3

ᠬᠦᠨᠵᠡᠬᠡᠢ ᠰᠤᠷᠤᠯᠴᠠᠨ ᠨᠠᠷᠢᠯᠢᠬ ᠤᠬᠠᠪᠤᠷᠢᠯᠠᠵᠤ ᠰᠡᠳᠬᠢᠯ᠎ᠳ᠋ᠡᠭᠡᠨ ᠬᠠᠳᠠᠩᠰᠢᠭᠤᠯᠤᠨ ᠪᠠᠷᠢᠮᠵᠢᠶᠠᠯᠠᠨ ᠬᠠᠷᠭᠤᠭᠤᠯᠵᠦ ᠬᠦᠨᠵᠡᠬᠡᠢ ᠰᠦᠪᠡᠭᠴᠢᠯᠡᠨ ᠪᠤᠳᠠᠳᠠᠢ ᠠᠵᠢᠯᠯᠠᠨ᠎ᠠ — ᠮᠠᠨ᠎ᠤ ᠣᠷᠣᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢ

ᠵᠢᠷᠤᠭ ᠲᠥᠰᠦᠪ᠎ᠢ ᠵᠢᠷᠤᠭ᠍ᠯᠠᠨ ᠪᠠᠢᠯᠳᠤᠭᠠᠨ ᠤ᠋ ᠬᠡᠩᠬᠡᠷᠬᠡ ᠳᠡᠯᠡᠳᠬᠦᠶ᠎ᠡ᠂ ᠳᠠᠷᠪᠠᠭᠤᠯ ᠬᠡᠢᠰᠬᠡᠨ ᠳᠠᠪᠠᠯᠭᠠᠨ᠎ᠢ ᠵᠦᠰᠦᠵᠥ ᠠᠶᠠᠨ ᠵᠠᠮ ᠳ᠋ᠠᠭᠠᠨ ᠳᠡᠮᠡᠤᠯᠤᠨ᠎ᠡ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠱᠢᠨ᠎ᠡ ᠠᠶᠠᠨ ᠵᠠᠮ᠎ᠳᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠢ ᠱᠢᠰᠲ᠋ᠧᠮ᠎ᠲᠡᠶ ᠪᠠᠢᠷᠢᠯᠠᠭᠤᠯᠤᠯᠲᠠ ᠬᠢᠪᠠ᠃ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ ᠬᠢᠨ ᠣᠯᠠᠨ ᠵᠦᠶ᠋ᠯ᠎ᠦᠨ ᠬᠡᠯᠪᠡᠷᠢ᠎ᠪᠡᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠬᠢᠨᠠᠮᠠᠭᠠᠶ ᠰᠤᠷᠤᠯᠴᠠᠨ᠂ ᠥᠷᠭᠡᠨ᠎ᠢᠶᠡᠷ ᠶᠠᠷᠢᠯᠴᠠᠵᠤ᠂ ᠭᠦᠨᠵᠡᠭᠡᠶ ᠰᠣᠯᠢᠯᠴᠠᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠣᠶ ᠪᠣᠯᠭᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠦᠨ ᠬᠡᠯᠳᠡᠰ ᠤ᠋ᠨ ᠠᠵᠢᠯ᠎ᠤᠨ ᠬᠤᠷᠠᠯ ᠡᠴᠡ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠬᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠴᠠᠭ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠪᠥᠬᠥ᠌ ᠣᠷᠣᠨ᠎ᠤ ᠨᠢᠭᠡᠳᠦᠮᠡᠯ ᠹᠷᠣᠨᠲ᠎ᠤᠨ ᠱᠢᠰᠲ᠋ᠧᠮ᠎ᠦᠨ᠎ᠬᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠬᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠤᠳᠤᠷᠢᠳᠭᠤ ᠺᠠᠳ᠋ᠷᠴᠤᠳ ᠲᠦᠷᠦᠭᠦᠯᠡᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠡᠵᠡᠮᠱᠢᠵᠦ᠍ ᠂ ᠪᠦᠬᠦ᠌ ᠣᠷᠣᠨ᠎ᠤ ᠥᠷᠭᠡᠨ ᠤᠯᠠᠨ ᠨᠢᠭᠡᠳᠦᠮᠡᠯ ᠹᠷᠣᠨᠲ᠎ᠤᠨ ᠪᠦᠷᠢᠯᠳᠦᠬᠦᠨ᠎ᠢ ᠳᠠᠭᠠᠭᠤᠯᠤᠨ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠪᠦᠭᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ ᠪᠠ ᠪᠠᠢᠯᠳᠤᠬᠤ ᠪᠤᠳᠤᠯᠭ᠎ᠠ᠎ᠶ᠋ᠢᠨ ᠪᠣᠳᠣᠯᠬᠢᠯᠠᠯ᠎ᠢ ᠭᠦᠢᠴᠡᠳ ᠲᠠᠨᠢᠵᠤ ᠂ ᠬᠠᠮᠲᠤ᠎ᠪᠠᠷ ᠪᠦᠯᠬᠦᠮᠳᠡᠨ ᠲᠡᠮᠡᠴᠡᠬᠦ᠌ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠤᠯᠠᠮ ᠨᠢᠬᠡ ᠠᠯᠬᠤᠮ ᠪᠡᠬᠢᠵᠢᠭᠦᠯᠬᠦ᠌ ᠬᠡᠷᠡᠭ᠌ᠲᠡᠢ᠃ ᠨᠢᠭᠡᠳᠦᠮᠡᠯ ᠹᠷᠣᠨᠲ᠎ᠤᠨ ᠬᠦᠷᠢᠶᠡᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠶ᠋ᠢ ᠭᠦᠨᠵᠡᠭᠡᠢ ᠰᠤᠳᠤᠯᠤᠨ ᠰᠦᠪᠡᠭ᠌ᠴᠢᠯᠡᠵᠦ᠍᠂ ᠨᠢᠭᠡᠳᠦᠮᠡᠯ ᠹᠷᠣᠨᠲ᠎ᠤᠨ ᠴᠢᠳᠠᠪᠤᠷᠢᠲᠠᠨ ᠴᠤᠭ᠍ᠯᠠᠷᠠᠭ᠍ᠰᠠᠨ᠂ ᠤᠶᠤᠨ ᠴᠢᠳᠠᠪᠤᠷᠢ ᠲᠥᠪᠯᠡᠷᠡᠭ᠌ᠰᠡᠨ ᠳᠠᠪᠠᠭᠤᠯᠢᠭ ᠪᠣᠯᠤᠨ ᠬᠦᠴᠦᠷᠬᠡᠭ ᠶᠡᠬᠡ ᠡᠷᠳᠡᠨᠢᠰ ᠤ᠋ᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠬᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠥᠮᠦᠰ᠎ᠦᠨ ᠰᠡᠳᠭᠢᠯ ᠪᠣᠯᠤᠨ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ ᠬᠡᠵᠥ ᠵᠢᠭᠠᠵᠥ ᠭᠠᠷᠭᠠᠪᠠ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠬᠤᠷᠠᠯ ᠬᠤᠷᠠᠯᠳᠤᠭᠤᠯᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠪᠦᠬᠦ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠰᠲ᠋ᠧᠮ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠪᠦᠬᠦ᠌ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠨᠢᠭ᠍ᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠯ ᠤ᠋ᠨ ᠥᠭᠡᠷᠡᠴᠢᠯᠡᠯᠲᠡ᠎ᠶ᠋ᠢᠨ ᠦᠢᠯᠡᠳᠦᠯᠭᠡ᠎ᠶ᠋ᠢ ᠵᠢᠯᠣᠭᠣᠳᠭᠤ ᠬᠡᠷᠡᠭ᠌ᠲᠡᠢ᠃ ᠬᠠᠷᠠᠯᠲᠠ᠎ᠪᠠᠨ ᠤᠨᠢᠯᠠᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠲᠤᠬᠠᠢ ᠬᠡᠷᠡᠭ᠌ᠵᠢᠭᠦᠯᠬᠦ᠌ ᠰᠠᠨᠠᠯ》 ᠢ᠋ ᠲᠣᠭ᠍ᠲᠠᠭᠠᠬᠤ᠎ᠪᠠᠷ ᠭᠠᠷᠳᠠᠴᠠ ᠪᠣᠯᠭᠠᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ ᠵᠢ ᠠᠬᠢᠭᠤᠯᠬᠤ᠂ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠵᠢᠴᠢ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠥᠩᠭᠥᠨ ᠭᠦᠢᠯᠭᠡᠭᠡ᠎ᠶ᠋ᠢ ᠬᠥᠭ᠌ᠵᠢᠭᠦᠯᠬᠦ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠤᠷᠮᠠᠱᠢᠭᠤᠯᠤᠯ᠎ᠢ ᠴᠢᠩᠭᠠᠳᠭᠠᠬᠤ ᠵᠡᠷᠭᠡ ᠲᠠᠯ᠎ᠠ ᠎ᠶ᠋ᠢᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠱᠢᠨ᠎ᠡ᠎ᠶ᠋ᠢ ᠡᠭᠦᠳᠬᠦ᠌ ᠲᠥᠯᠥᠪᠵᠢᠭᠦᠯᠭᠡ᠂ ᠱᠢᠨ᠎ᠡ᠎ᠶ᠋ᠢ ᠡᠭᠦᠳᠬᠦ᠌ ᠲᠠᠪᠴᠠᠩ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠦᠷᠦ᠍᠎ᠶ᠋ᠢᠨ ᠪᠤᠳᠤᠯᠭ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠯᠥᠪᠯᠡᠭᠡ᠎ᠶ᠋ᠢᠨ ᠲᠦᠷᠦᠯ ᠵᠦᠢᠯ᠎ᠢ ᠨᠢᠭᠡᠳᠦᠯᠲᠡᠢ ᠲᠥᠯᠥᠪᠯᠡᠬᠦ᠎ᠶ᠋ᠢ ᠴᠢᠩᠭᠠᠳᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠪᠦᠬᠦᠳᠠ ᠬᠤᠷᠠᠯ᠎ᠡᠴᠡ ᠪᠠᠢᠷᠢᠯᠠᠭᠤᠯᠤᠭ᠍ᠰᠠᠨ ᠴᠢᠬᠤᠯᠠ ᠶᠡᠬᠡ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠲᠤᠭᠤᠱᠢᠯᠠᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠢ᠃ ᠬᠡᠷᠡᠭ᠌ᠵᠢᠭᠦᠯᠬᠦ᠌ ᠰᠠᠨᠠᠯ᠎ᠤᠨ ᠠᠵᠢᠯ᠎ᠤᠨ ᠬᠤᠪᠢᠶᠠᠷᠢᠯᠠᠯ᠎ᠤᠨ ᠲᠥᠰᠦᠯ᠎ᠢ ᠲᠦᠷᠭᠡᠨ ᠵᠢᠡᠷ ᠲᠣᠭ᠍ᠲᠠᠭᠠᠵᠤ᠂ ᠴᠠᠭ᠎ᠤᠨ ᠬᠦᠰᠦᠨᠦᠭ᠌ᠲᠦ᠂ ᠡᠭᠦᠷᠭᠡ᠎ᠶ᠋ᠢᠨ ᠵᠢᠷᠤᠭ᠂ ᠤᠷᠢᠳ᠎ᠢᠶᠠᠷ ᠬᠢᠬᠦ᠌ ᠲᠠᠰ ᠳᠠᠷᠠᠭᠠᠯᠠᠯ᠎ᠢ ᠲᠣᠳᠣᠷᠬᠠᠢᠯᠠᠨ᠂ ᠰᠠᠨᠠᠭᠠᠴᠢᠯᠠᠭ᠎ᠠ᠎ᠡᠴᠡ᠎ᠪᠠᠨ ᠠᠵᠢᠯᠯᠠᠵᠤ᠂ ᠡᠯ᠎ᠡ ᠱᠠᠲᠤ᠎ᠯᠤᠭ᠎ᠠ ᠵᠣᠬᠢᠴᠠᠯᠳᠤᠨ ᠬᠠᠮᠲᠤᠷᠠᠨ ᠬᠥᠳᠡᠯᠦᠯᠴᠡᠬᠦ᠌᠎ᠶ᠋ᠢ ᠴᠢᠩᠭᠠᠳᠭᠠᠨ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠦᠴᠦᠷᠬᠡᠭ ᠶᠡᠬᠡ ᠬᠠᠮᠳᠤᠷᠠᠯ ᠬᠦᠴᠦᠨ᠎ᠢ ᠪᠣᠶ ᠪᠣᠯᠭᠠᠵᠤ᠂ ᠱᠢᠨ᠎ᠡ ᠵᠠᠮ ᠨᠡᠭᠡᠭᠡᠵᠤ ᠳᠤᠮᠳᠠ ᠲᠦᠪᠰᠢᠨ ᠳ᠋ᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠲᠦᠷᠢᠮ᠎ᠦᠨ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠲᠡᠷᠡ ᠳᠠᠷᠤᠢ᠎ᠳᠤᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠡᠴᠡ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠭᠤᠤᠯ ᠬᠠᠷᠢᠭᠤᠴᠠᠯᠭ᠎ᠠ ᠭᠤᠤᠯ ᠠᠵᠢᠯ᠎ᠲᠠᠶ ᠤᠶᠠᠯᠳᠤᠭᠤᠯᠤᠨ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ ᠥᠭᠡᠷᠡᠴᠢᠯᠡᠯᠲᠡ᠎ᠶ᠋ᠢᠨ ᠭᠤᠤᠯᠳᠠᠯᠭ᠎ᠠ᠂ ᠭᠤᠤᠯ ᠱᠢᠪᠲᠤᠯᠬᠤ ᠴᠢᠭ᠌ᠯᠡᠯ ᠪᠠ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠣᠨᠣᠪᠴᠢᠲᠠᠶ ᠲᠥᠯᠥᠪᠯᠡᠵᠦ᠍ ᠪᠣᠳᠠᠲᠠᠶ ᠲᠥᠯᠥᠪᠯᠡᠵᠦ᠍ ᠨᠠᠷᠢᠯᠢᠭ ᠲᠥᠯᠥᠪᠯᠡᠨ᠂ ᠬᠡᠷ ᠪᠠᠢᠱᠢᠩ ᠭᠠᠵᠠᠷ ᠱᠢᠷᠣᠶ᠎ᠶ᠋ᠢᠨ ᠬᠥᠷᠥᠩᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠲᠦᠷᠭᠡᠨ ᠵᠢᠡᠷ ᠪᠠᠢᠭᠤᠯᠵᠤ᠂ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠵᠠᠰᠠᠯᠲᠠ᠎ᠶ᠋ᠢᠨ ᠲᠦᠪᠰᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠂ ᠠᠷᠠᠳ ᠲᠦᠮᠡᠨ᠎ᠦ ᠬᠠᠮᠤᠭ᠎ᠡᠴᠡ ᠠᠩᠬᠠᠷᠴᠤ᠌ ᠪᠠᠢᠭ᠎ᠠ ᠬᠠᠮᠤᠭ᠎ᠤᠨ ᠱᠢᠭᠤᠳ ᠬᠠᠮᠤᠭ᠎ᠤᠨ ᠪᠣᠳᠠᠲᠠᠶ ᠠᠱᠢᠭ ᠲᠤᠰᠠ᠎ᠶ᠋ᠢᠨ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠥᠭᠡᠷᠡᠴᠢᠯᠡᠯᠲᠡ᠎ᠶ᠋ᠢ ᠬᠥᠭ᠌ᠵᠢᠯᠲᠡ᠎ᠶ᠋ᠢᠨ ᠬᠡᠷᠡᠭ᠌ᠴᠡᠭᠡ᠂ ᠦᠨᠳᠦᠰᠦᠨ ᠱᠠᠲᠤᠨ᠎ᠤ ᠬᠦᠰᠡᠯ᠂ ᠠᠷᠠᠳ᠎ᠤᠨ ᠰᠡᠳᠭᠢᠯ᠎ᠦᠨ ᠬᠠᠨᠳᠤᠰᠢ᠎ᠲᠠᠶ ᠨᠠᠩ ᠰᠠᠢᠨ ᠵᠣᠯᠭᠠᠯᠴᠠᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠣᠳᠣᠬᠠᠨ᠎ᠤ ᠠᠬᠢᠭᠤᠯᠵᠤ ᠪᠠᠢᠭ᠎ᠠ ᠳᠤᠯᠠᠭᠠᠯᠠᠭ᠎ᠠ᠎ᠶᠢᠨ ᠢᠨᠵᠧᠨᠧᠷᠢᠩ᠂ ᠪᠠᠲᠤᠯᠠᠨ ᠲᠤᠱᠢᠶᠠᠬᠤ ᠠᠰᠠᠷ᠂ ᠪᠠᠲᠤᠯᠠᠨ ᠲᠤᠱᠢᠶᠠᠬᠤ ᠭᠡᠷ᠂ ᠪᠠᠷᠢᠯᠭ᠎ᠠ᠎ᠶ᠋ᠢᠨ ᠦᠢᠯᠡᠰ᠎ᠢ ᠭᠤᠷᠪᠠᠨ ᠵᠢᠯ᠎ᠳᠦ ᠳᠠᠬᠢᠨ᠎ᠢᠶᠠᠷ ᠨᠡᠮᠡᠭ᠌ᠳᠡᠭᠦᠯᠬᠦ᠌ ᠠᠵᠢᠯᠯᠠᠭ᠎ᠠ᠂ ᠬᠣᠲᠠ᠎ᠶ᠋ᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠱᠢᠨ᠎ᠦ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ ᠪᠤᠯᠤᠨ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠡᠬᠢ ᠬᠠᠤᠯᠢ᠎ᠡᠴᠡ ᠵᠥᠷᠢᠴᠡᠭ᠌ᠰᠡᠨ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠵᠡᠷᠭᠡ ᠭᠤᠤᠯᠳᠠᠯᠭ᠎ᠠ᠎ᠲᠠᠶ ᠡᠭᠦᠷᠭᠡ ᠲᠠᠢ ᠤᠶᠠᠯᠳᠤᠭᠤᠯᠤᠨ᠂ ᠦᠶ᠋ᠯᠡᠳᠦᠯᠭᠡ᠎ᠶ᠋ᠢᠨ ᠳᠤᠮᠳᠠ ᠵᠣᠷᠢᠭ᠍ᠲᠠᠶ᠎ᠪᠠᠷ ᠬᠠᠢᠨ ᠰᠦᠪᠡᠭ᠌ᠴᠢᠯᠡᠬᠦ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠳᠠᠮᠵᠢᠭᠤᠯᠤᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠤᠨ᠂ ᠠᠵᠢᠯ ᠪᠣᠯᠭᠠᠨ᠎ᠳᠤ ᠱᠢᠨ᠎ᠡ᠎ᠶ᠋ᠢ ᠡᠭᠦᠳᠬᠦ᠌ ᠴᠢᠨᠠᠷᠲᠠᠶ ᠠᠷᠭ᠎ᠠ ᠬᠡᠮᠵᠢᠶ᠎ᠡ ᠠᠪᠬᠤ᠂ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠂ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ ᠤᠯᠬᠤ᠎ᠪᠡᠷ ᠴᠢᠷᠮᠠᠢᠵᠤ᠂ ᠬᠣᠲᠠ᠎ᠶ᠋ᠢᠨ ᠡᠨᠧᠷᠭᠢ᠎ᠶ᠋ᠢᠨ ᠳᠡᠰ᠂ ᠰᠠᠭᠤᠷᠢ ᠲᠥᠬᠥᠭᠡᠷᠦᠮᠵᠢ᠎ᠶ᠋ᠢᠨ ᠡᠨᠧᠷᠭᠢ᠎ᠶ᠋ᠢᠨ ᠳᠡᠰ᠂ ᠠᠵᠤ ᠦᠢᠯᠡᠰ᠎ᠦᠨ ᠡᠨᠧᠷᠭᠢ᠎ᠶ᠋ᠢᠨ ᠳᠡᠰ᠂ ᠠᠮᠢ ᠠᠬᠤᠶ᠎ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠡᠨᠧᠷᠭᠢ᠎ᠶ᠋ᠢᠨ ᠳᠡᠰ᠂ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢᠨ ᠡᠨ᠋ᠸᠷᠬᠢ᠎ᠶᠢᠨ ᠳᠡᠰ ᠶᠡᠬᠡ᠎ᠪᠡᠷ ᠳᠡᠭᠡᠭ᠌ᠰᠢᠯᠡᠬᠦ᠎ᠵᠢ ᠪᠡᠶᠡᠯᠡᠭᠦᠯᠬᠦ ᠭᠡᠷᠡᠭᠲᠡᠢ ᠭᠡᠵᠦ᠍ ᠳᠤᠷᠠᠳᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面