ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-07-29 10:14:28

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠦᠨᠳᠦᠷ ᠲᠥᠪᠱᠢᠨ ᠪᠦᠬᠦᠢ ᠨᠡᠢᠬᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠪᠠᠲᠤᠯᠠᠭ᠎ᠠ ᠮᠥᠨ᠃ ᠡᠷᠬᠡᠪᠰᠢ ᠵᠠᠬ᠎ᠠ ᠳᠡᠯᠭᠡᠭᠦᠷ᠎ᠤᠨ ᠲᠣᠭ᠍ᠲᠡᠴᠡ᠎ᠶ᠋ᠢᠨ ᠦᠢᠯᠡᠳᠦᠯ᠎ᠢ ᠨᠠᠩ ᠰᠠᠢᠨ ᠪᠠᠳᠠᠷᠠᠭᠤᠯᠵᠤ᠂ ᠨᠠᠩ ᠲᠦᠪ ᠭᠤᠤᠯᠴᠢ᠂ ᠨᠠᠩ ᠠᠮᠢᠵᠢᠷᠠᠯ᠎ᠤᠨ ᠬᠦᠴᠦᠨ᠎ᠲᠠᠢ ᠵᠠᠬ᠎ᠠ ᠳᠡᠯᠭᠡᠭᠦᠷ᠎ᠤᠨ ᠣᠷᠴᠢᠨ ᠨᠦᠭᠦᠴᠡᠯ᠎ᠢ ᠡᠭᠦᠳᠴᠦ᠍᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠠᠮᠤᠭ᠎ᠤᠨ ᠱᠢᠯᠢᠳᠡᠭ ᠪᠣᠯᠭᠠᠬᠤ ᠪᠠ ᠦᠷ᠎ᠡ ᠠᠱᠢᠭ᠎ᠢ ᠬᠠᠮᠤᠭ᠎ᠤᠨ ᠶᠡᠭᠡ ᠪᠣᠯᠭᠠᠬᠤ᠎ᠶ᠋ᠢ ᠪᠡᠶᠡᠯᠡᠭᠦᠯᠵᠦ᠍᠂ 《ᠠᠮᠢᠳᠦᠯᠢᠬ ᠪᠤᠯᠭᠠᠵᠦ᠍ ᠴᠢᠳᠠᠬᠤ》 ᠮᠥᠷᠲᠡᠭᠡᠨ ᠪᠠᠰᠠ 《ᠬᠠᠮᠢᠶᠠᠷᠴᠤ᠌ ᠲᠡᠢᠯᠬᠦ᠌》ᠪᠠᠢᠵᠦ᠍᠂ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠨᠡᠩ ᠰᠠᠢᠨ ᠬᠠᠮᠠᠭᠠᠯᠠᠵᠤ᠂ ᠵᠠᠬ᠎ᠠ ᠲᠡᠯᠭᠡᠬᠦᠷ ᠦᠢᠯᠡᠳᠦᠯ᠎ᠢᠶᠠᠨ ᠠᠯᠳᠠᠬᠤ᠎ᠶ᠋ᠢ ᠨᠠᠩ ᠰᠠᠢᠨ ᠨᠦᠬᠦᠪᠦᠷᠢᠯᠡᠵᠦ᠍᠂ ᠤᠯᠤᠰ ᠠᠷᠠᠳ᠎ᠤᠨ ᠠᠵᠤ ᠠᠬᠤᠶ᠎ᠶ᠋ᠢᠨ ᠣᠷᠴᠢᠯ᠎ᠢ ᠰᠠᠭᠠᠳ ᠦᠭᠡᠢ ᠨᠡᠪᠲᠡᠷᠡᠭᠦᠯᠵᠦ᠍᠂ ᠪᠦᠬᠦ᠌ ᠨᠡᠢᠭᠡᠮ᠎ᠤᠨ ᠳᠣᠲᠣᠭᠠᠳᠤ ᠬᠥᠳᠡᠯᠭᠡᠭ᠌ᠴᠢ ᠬᠦᠴᠦᠨ ᠪᠠ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠭᠡᠷᠡᠭ᠌ᠳᠡᠢ᠃ ᠨᠡᠢᠲᠡ᠎ᠶ᠋ᠢᠨ ᠥᠮᠴᠢᠯᠡᠯ᠎ᠤᠨ ᠠᠵᠤ ᠠᠬᠤᠶ᠎ᠶ᠋ᠢ ᠦᠴᠦᠭᠡᠨ ᠴᠦ᠍ ᠭᠤᠢᠪᠢᠰᠢ ᠦᠭᠡᠶ᠎ᠪᠠᠷ ᠪᠠᠬᠢᠵᠢᠭᠦᠯᠦᠨ ᠬᠥᠭ᠌ᠵᠢᠭᠦᠯᠵᠦ᠍᠂ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠶ᠎ᠶ᠋ᠢᠨ ᠬᠥᠭ᠌ᠵᠢᠯᠲᠡ᠎ᠶ᠋ᠢ ᠦᠴᠦᠭᠡᠨ ᠴᠦ᠍ ᠭᠤᠢᠪᠢᠰᠢ ᠦᠭᠡᠶ᠎ᠪᠠᠷ ᠵᠣᠷᠢᠬ᠍ᠵᠢᠭᠤᠯᠤᠨ ᠳᠡᠮᠵᠢᠵᠦ᠍ ᠬᠥᠲᠥᠯᠥᠨ ᠵᠢᠯᠣᠭᠤᠳᠴᠤ᠌᠂ ᠡᠯ᠎ᠡ ᠵᠦᠢᠯ᠎ᠤᠨ ᠥᠮᠴᠢᠯᠡᠯ᠎ᠤᠨ ᠠᠵᠤ ᠠᠬᠤᠶ᠎ᠶ᠋ᠢᠨ ᠬᠠᠤᠯᠢ ᠶᠣᠰᠣᠭᠠᠷ ᠦᠢᠯᠡᠳᠪᠦᠷᠢᠯᠡᠯ᠎ᠤᠨ ᠡᠯᠧᠮᠧᠨ᠋ᠲ᠎ᠢ ᠡᠷᠬᠡ ᠲᠡᠭ᠌ᠰᠢ᠎ᠪᠠᠷ ᠬᠡᠷᠡᠭ᠌ᠯᠡᠬᠦ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠠᠳᠠᠯᠢ ᠲᠡᠭ᠌ᠰᠢ᠎ᠪᠠᠷ ᠣᠷᠣᠯᠴᠠᠬᠤ᠂ ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠶ᠋ᠢ ᠠᠳᠠᠯᠢ᠎ᠪᠠᠷ ᠬᠦᠷᠲᠡᠬᠦ᠌᠎ᠶ᠋ᠢ ᠪᠠᠲᠤᠯᠠᠵᠦ᠍᠂ ᠡᠯ᠎ᠡ ᠵᠦᠢᠯ᠎ᠤᠨ ᠥᠮᠴᠢᠯᠡᠯ᠎ᠤᠨ ᠠᠵᠤ ᠠᠬᠤᠶ᠎ᠶ᠋ᠢᠨ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ᠎ᠪᠠᠷ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃ ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠢ ᠪᠠᠢᠭᠤᠯᠵᠤ᠂ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠰᠠᠭᠤᠷᠢ ᠳᠦᠷᠢᠮ᠎ᠢ ᠲᠡᠭᠦᠯᠳᠡᠷᠵᠢᠭᠦᠯᠬᠦ᠌ ᠬᠡᠷᠡᠭ᠌ᠲᠡᠢ᠃

— ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ 《ᠲᠣᠭ᠍ᠲᠠᠭᠠᠯ》 ᠡᠴᠡ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面