ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-07-29 10:10:06

ᠵᠣᠬᠢᠶᠠᠭ᠍ᠴᠢ᠄ ᠠᠨᠢᠷ ᠰᠦᠩ ᠱᠤᠸᠠᠩ ᠶᠠᠩ ᠹᠠᠨ ᠯᠢ ᠼᠦᠨ ᠱᠢᠶᠠ ᠣᠩᠱᠢᠭ᠍ᠰᠠᠨ ᠣᠳᠠᠭ᠎ᠠ᠄ 3

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠲᠠ ᠬᠤᠷᠠᠯ ᠡᠴᠡ ᠠᠯᠢ ᠤᠯᠠᠠ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ᠎ᠶ᠋ᠢ ᠳᠤᠷᠠᠳᠤᠨ ᠭᠠᠷᠭᠠᠵᠥ᠂ ᠥᠭᠡᠷᠡᠴᠢᠯᠡᠯᠲᠡ᠎ᠶ᠋ᠢ ᠤᠯᠠᠮ ᠨᠢᠬᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠬᠥᠱᠢᠭᠡ᠎ᠶ᠋ᠢ ᠨᠡᠭᠡᠭᠡᠵᠡᠢ᠃ ᠣᠢᠷ᠎ᠠ᠎ᠶ᠋ᠢᠨ ᠡᠳᠦᠷ᠎ᠦᠳ᠎ᠲᠦ᠂ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ᠎ᠬᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠣᠯᠠᠨ᠎ᠢᠶᠠᠷ᠎ᠢᠶᠠᠨ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠎ᠤᠨ ᠵᠣᠷᠢᠭ ᠰᠠᠨᠠᠭ᠎ᠠ᠎ᠲᠠᠶ ᠨᠢᠭᠡᠳᠭᠡᠵᠦ᠍᠂ ᠬᠦᠴᠦᠨ ᠴᠢᠳᠠᠯ᠎ᠢᠶᠠᠨ ᠨᠢᠭ᠍ᠲᠠᠷᠠᠭᠤᠯᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠥᠭᠡᠷᠡᠴᠢᠯᠡᠯᠲᠡ᠎ᠶ᠋ᠢ ᠤᠯᠠᠮ ᠨᠢᠬᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠱᠢᠨ᠎ᠡ ᠪᠠᠢᠳᠠᠯ᠎ᠢ ᠲᠠᠰᠤᠷᠠᠯᠲᠠ ᠥᠬᠡᠶ ᠡᠭᠦᠳᠦᠨ᠎ᠡ ᠭᠡᠵᠦ᠍ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ ᠡᠴᠡ ᠬᠡᠯᠳᠡᠰ ᠤ᠋ᠨ ᠠᠵᠢᠯ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ ᠤ᠋ ᠭᠤᠷᠪᠠᠳᠤᠭᠠᠷ ᠭᠤᠷᠪᠠᠳᠤᠭᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ ᠡᠴᠡ᠂ ᠪᠥᠬᠥ᠌ ᠣᠷᠣᠨ᠎ᠤ ᠡᠯ᠎ᠡ ᠱᠠᠲᠤᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ᠎ᠬᠢᠨ 《ᠬᠣᠶᠠᠷ ᠎ᠢ ᠲᠣᠭ᠍ᠲᠠᠭᠠᠬᠰᠠᠨ》 ᠤ᠋ ᠱᠢᠶ᠋ᠳᠪᠦᠷᠢᠯᠡᠭᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ ᠲᠡᠷᠡ ᠬᠡᠪ᠎ᠢᠶᠡᠷ᠎ᠨᠢ ᠰᠤᠷᠤᠯᠴᠠᠵᠤ᠂ ᠪᠥᠬᠥ᠌ ᠲᠠᠯ᠎ᠠ᠎ᠪᠠᠷ ᠱᠢᠰᠲ᠋ᠧᠮ᠎ᠲᠡᠶ ᠰᠤᠷᠤᠯᠴᠠᠵᠤ᠂ ᠪᠣᠳᠠᠲᠠᠶ᠎ᠲᠠᠶ ᠤᠶᠠᠯᠳᠤᠭᠤᠯᠤᠨ ᠰᠤᠷᠤᠯᠴᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠬᠦ᠌ ᠬᠡᠷᠡᠭ᠌ᠲᠡᠶ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠠᠮ᠎ᠤᠨ ᠭᠡᠱᠢᠭᠦᠨ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠴᠢᠬᠤᠯᠠ ᠠᠭᠤᠯᠭ᠎ᠠ ᠪᠣᠯᠭᠠᠵᠤ᠂ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠎ᠶ᠋ᠢᠨ ᠭᠤᠤᠯ ᠴᠣᠭ᠍ᠴᠠ᠎ᠶ᠋ᠢᠨ ᠪᠣᠯᠪᠠᠰᠤᠷᠠᠯ᠎ᠤᠨ ᠠᠩᠭᠢ᠎ᠳᠤ ᠣᠷᠣᠭᠤᠯᠵᠤ᠂ ᠱᠢᠶᠠᠨ ᠭᠠᠵᠠᠷ᠎ᠤᠨ ᠲᠠᠰ ᠡᠴᠡ ᠳᠡᠭᠡᠭ᠌ᠰᠢᠬᠢ ᠺᠠᠳ᠋ᠷ᠎ᠢ ᠪᠦᠬᠦᠨ᠎ᠢ ᠬᠠᠮᠤᠷᠬᠤ ᠪᠣᠯᠪᠠᠰᠤᠷᠠᠯ᠎ᠢ ᠰᠠᠢᠲᠤᠷ ᠠᠳᠭᠤᠵᠤ᠂ ᠪᠣᠯᠪᠠᠰᠤᠷᠠᠯ᠎ᠤᠨ ᠬᠢᠴᠢᠶᠡᠯ᠎ᠢ ᠣᠨᠣᠪᠴᠢᠲᠠᠶ ᠲᠣᠬᠢᠷᠠᠭᠤᠯᠵᠤ ᠂ ᠪᠣᠯᠪᠠᠰᠤᠷᠠᠯ᠎ᠤᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠨᠠᠮ᠎ᠤᠨ ᠭᠡᠱᠢᠭᠦᠨ᠂ ᠺᠠᠳ᠋ᠷ᠎ᠤᠨ ᠥᠭᠡᠷᠡᠴᠢᠯᠡᠯᠲᠡ᠎ᠶ᠋ᠢᠨ ᠬᠠᠮᠲᠤ᠎ᠶ᠋ᠢᠨ ᠲᠠᠨᠢᠯᠲᠠ ᠎ᠶ᠋ᠢ ᠨᠢᠭ᠍ᠲᠠᠷᠠᠭᠤᠯᠬᠤ᠎ᠶ᠋ᠢ ᠠᠬᠢᠭᠤᠯᠵᠤ᠂ ᠥᠭᠡᠷᠡᠴᠢᠯᠡᠯᠲᠡ ᠎ᠶ᠋ᠢᠨ ᠤᠬᠠᠮᠰᠠᠷ᠎ᠢ ᠴᠢᠩᠭᠠᠳᠭᠠᠵᠤ᠂ ᠥᠭᠡᠷᠡᠴᠢᠯᠡᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠠᠭᠠᠷᠳᠠᠯᠭ᠎ᠠ᠎ᠲᠠᠶ ᠪᠦᠬᠦ᠌ ᠲᠠᠯ᠎ᠠ᠎ᠪᠠᠷ ᠬᠠᠷᠭᠤᠭᠤᠯᠵᠤ᠂ ᠤᠬᠠᠮᠰᠠᠷ᠎ᠠᠴᠠ᠎ᠪᠠᠨ ᠥᠭᠡᠷᠡᠴᠢᠯᠡᠯᠲᠡ᠎ᠶ᠋ᠢ ᠤᠯᠠᠮ ᠨᠢᠬᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠶᠡᠷᠦᠩᠬᠡᠢ ᠪᠠᠢᠷᠢᠱᠢᠭᠤᠯᠤᠯᠲᠠ᠎ᠶ᠋ᠢᠨ ᠳᠤᠮᠳᠠ ᠣᠷᠣᠨ ᠪᠠᠢᠷᠢ᠎ᠪᠠᠨ ᠣᠨᠣᠪᠴᠢᠲᠠᠢ ᠣᠯᠵᠤ᠂ ᠪᠠᠢᠷᠢ ᠲᠣᠭ᠍ᠲᠠᠭᠠᠯᠲᠠ᠎ᠪᠠᠨ ᠲᠣᠳᠣᠷᠬᠠᠢᠯᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠦᠷᠢ᠂ ᠺᠠᠳ᠋ᠷ ᠠᠵᠢᠯᠳᠠᠨ᠎ᠤ ᠶᠠᠪᠤᠳᠠᠯ᠎ᠤᠨ ᠲᠦᠷᠢᠮ᠂ ᠦᠨᠳᠦᠰᠦᠨ ᠱᠠᠲᠤᠨ ᠎ᠤ ᠵᠣᠬᠢᠶᠠᠨ ᠪᠠᠢᠭᠤᠯᠤᠯᠲᠠ᠎ᠶ᠋ᠢᠨ ᠴᠤᠬᠴᠠᠯᠠᠯᠳᠠ᠎ᠶ᠋ᠢᠨ ᠲᠦᠷᠢᠮ ᠂ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ ᠬᠡᠵᠥ ᠵᠢᠭᠠᠵᠥ ᠭᠠᠷᠭᠠᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠨᠠᠮ᠎ᠤᠨ ᠬᠣᠷᠢᠶᠠᠨ᠎ᠤ ᠣᠨᠣᠯ ᠰᠤᠷᠤᠯᠴᠠᠬᠤ ᠭᠤᠤᠯ ᠳᠤᠭᠤᠢᠯᠠᠩ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠪᠦᠬᠦᠳᠠ ᠭᠤᠷᠪᠠᠳᠤᠭᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠰᠭᠠᠶ ᠰᠡᠳᠦᠪ ᠎ᠢᠶᠡᠷ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ ᠡᠴᠡ᠂ ᠪᠥᠬᠥ᠌ ᠣᠷᠣᠨ᠎ᠤ ᠡᠯ᠎ᠡ ᠱᠠᠲᠤᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ᠎ᠬᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠬᠦᠴᠦᠯᠡᠬᠦ᠌ ᠴᠡᠭ ᠪᠣᠯᠤᠨ ᠭᠤᠤᠯ ᠱᠢᠪᠲᠤᠯᠬᠤ ᠴᠢᠭ᠌ᠯᠡᠯ᠎ᠢ ᠰᠠᠢᠲᠤᠷ ᠤᠬᠠᠭᠠᠯᠠᠨ ᠲᠦᠯᠦᠪᠯᠡᠵᠤ᠂ ᠡᠯ᠎ᠡ ᠵᠦᠶ᠋ᠯ᠎ᠦᠨ ᠥᠭᠡᠷᠡᠴᠢᠯᠡᠯᠲᠡ᠎ᠶ᠋ᠢᠨ ᠪᠠᠢᠷᠢᠯᠠᠭᠤᠯᠤᠯᠲᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ; ᠤᠯᠤᠰ᠎ᠤᠨ ᠥᠮᠴᠢᠯᠡᠯ᠎ᠦᠨ ᠡᠳ᠋ ᠬᠦᠷᠦᠨᠭ᠌ᠭᠡ ᠪᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠢ ᠬᠦᠴᠦᠷᠬᠡᠭ᠌ᠵᠢᠭᠦᠯᠵᠤ ᠱᠢᠯᠢᠳᠡᠭ᠌ᠵᠢᠭᠦᠯᠤᠨ ᠪᠤᠵᠠᠭᠠᠢᠷᠠᠭᠤᠯᠬᠤ᠎ᠶ᠋ᠢ ᠪᠠᠷᠢᠮᠲᠠᠯᠠᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠢ ᠬᠦᠳᠦᠯᠦᠨ ᠵᠢᠯᠣᠭᠣᠳᠴᠤ᠌ ᠭᠣᠣᠯ ᠬᠠᠷᠢᠭᠤᠴᠠᠯᠭ᠎ᠠ ᠭᠣᠣᠯ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢᠯᠠᠯ᠎ᠤᠨ ᠭᠣᠣᠯᠯᠠᠬᠤ ᠴᠢᠳᠠᠮᠵᠢ᠎ᠶ᠋ᠢ ᠴᠢᠩᠭᠠᠳᠭᠠᠵᠤ᠂ ᠭᠣᠣᠯᠯᠠᠬᠤ ᠦᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠬᠦ ᠭᠡᠷᠡᠭᠳᠠᠢ;ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠤᠯᠪᠤᠬᠳᠠᠯ ᠪᠥᠬᠥᠶ ᠠᠵᠢᠯ᠎ᠤᠨ ᠱᠠᠭᠠᠷᠳᠠᠯᠭ᠎ᠠ᠎ᠲᠠᠶ ᠤᠶᠠᠯᠳᠤᠭᠤᠯᠤᠨ᠂ ᠬᠥᠲᠥᠯᠥᠨ ᠵᠢᠯᠣᠭᠣᠳᠭᠤ᠂ ᠬᠢᠨᠠᠯᠲᠠ ᠲᠠᠯᠪᠢᠬᠤ᠂ ᠦᠶ᠋ᠯᠡᠴᠢᠯᠡᠬᠦ᠌ ᠡᠭᠦᠷᠭᠡ ᠴᠢᠳᠠᠪᠬᠢ ᠪᠣᠯᠤᠨ ᠬᠦᠴᠦᠲᠡᠶ᠂ ᠡᠮᠬᠢ ᠵᠢᠷᠤᠮ᠎ᠲᠠᠶ᠂ ᠪᠦᠲᠦᠮᠵᠢᠲᠡᠶ ᠬᠢᠨᠠᠨ ᠬᠠᠮᠢᠶᠠᠷᠬᠤ ᠬᠠᠷᠠᠯᠲᠠ᠎ᠲᠠᠶ ᠨᠢᠭ᠍ᠲᠠ ᠤᠶᠠᠯᠳᠤᠭᠤᠯᠤᠨ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠬᠠᠮ ᠠᠷᠭ᠎ᠠ ᠬᠡᠮᠵᠢᠶ᠎ᠡ᠎ᠶ᠋ᠢ ᠪᠦᠷᠢᠯᠳᠦᠭᠦᠯᠵᠦ᠍᠂ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠥ᠌ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠱᠢᠰᠲ᠋ᠧᠮ᠎ᠳᠦ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ;ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠬᠠᠨᠳᠤᠰᠢ᠎ᠶ᠋ᠢ ᠦᠷᠭᠦᠯᠵᠢᠯᠡᠨ ᠠᠩᠬᠠᠷᠴᠤ᠌᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠬᠤ᠂ ᠤᠬᠠᠭᠤᠯᠤᠨ ᠲᠠᠢᠯᠪᠤᠷᠢᠯᠠᠬᠤ ᠠᠵᠢᠯ᠎ᠢ ᠨᠢᠭᠡᠳᠦᠯᠲᠡᠶ ᠲᠦᠯᠦᠪᠯᠡᠨ ᠰᠠᠢᠲᠤᠷ ᠠᠳᠭᠤᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠯ᠎ᠡ ᠱᠠᠲᠤᠨ ᠎ᠤ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠭᠡᠱᠢᠭᠦᠨ ᠺᠠᠳ᠋ᠷ ᠠᠵᠢᠯᠲᠠᠨ ᠨᠢᠭᠡᠪᠦᠷᠢ᠎ᠳᠦ ᠤᠯᠠᠮᠵᠢᠯᠠᠵᠤ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠭᠦᠨᠵᠡᠭᠡᠢᠷᠡᠭᠦᠯᠬᠦ᠌᠎ᠳᠦ ᠠᠱᠢᠭ᠍ᠲᠠᠶ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ ᠭᠡᠷᠡᠭᠳᠠᠢ ᠭᠡᠵᠤ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠬᠤᠷᠠᠯ ᠬᠤᠷᠠᠯᠳᠤᠭᠤᠯᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠢ ᠱᠢᠨ᠎ᠡ ᠦᠵᠡᠯ ᠰᠠᠨᠠᠭ᠎ᠠ ᠱᠢᠨ᠎ᠡ ᠦᠵᠡᠯᠲᠡ ᠱᠢᠨ᠎ᠡ ᠨᠤᠲᠠᠯᠠᠯᠲᠠ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ ᠬᠢᠨᠠᠨ ᠶᠠᠷᠢᠯᠴᠠᠵᠤ ᠪᠠᠲᠤᠯᠠᠭ᠍ᠰᠠᠨ《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠢ ᠲᠤᠮᠳᠠᠳᠤ ᠤᠯᠤᠰ ᠤ᠋ᠨ ᠡᠪ ᠬᠠᠮᠳᠤ ᠨᠠᠮ ᠤ᠋ᠨ ᠲᠦᠪ ᠬᠤᠷᠢᠶᠠᠨ ᠤ᠋ ᠲᠤᠬᠳᠠᠭᠠᠯ》 ᠵᠢᠡᠷ ᠦᠵᠡᠯ ᠰᠠᠨᠠᠭ᠎ᠠ ᠪᠡᠨ ᠨᠢᠭᠡᠳᠭᠡᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠭᠣᠣᠯ ᠰᠡᠳᠦᠪ᠂ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠵᠢ ᠬᠦᠨᠵᠡᠭᠡᠢ ᠤᠢᠯᠠᠭᠠᠨ ᠡᠵᠡᠮᠳᠡᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠭᠡᠵᠤ᠂ ᠣᠳᠣᠬᠠᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠯ᠎ᠡ ᠲᠥᠷᠥᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠪᠠ᠃

ᠮᠠᠨᠵᠤᠤᠷ ᠪᠣᠭᠣᠮᠲᠠ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠵᠤ᠂ ᠬᠤᠷᠠᠯ᠎ᠡᠴᠡ᠂ 《1 + 3》 ᠶ᠋ᠢ ᠪᠦᠷᠢᠨ ᠪᠥᠷᠬᠥᠭᠦᠯᠬᠦ᠌ ᠣᠨᠣᠯ ᠰᠤᠷᠤᠯᠴᠠᠬᠤ ᠵᠠᠭ᠍ᠪᠤᠷ᠎ᠢᠶᠠᠷ ᠳᠠᠮᠵᠢᠭᠤᠯᠤᠨ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠭᠤᠤᠯ ᠰᠡᠳᠦᠪ᠂ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ᠎ᠶ᠋ᠢ ᠭᠦᠨᠵᠡᠭᠡᠶ ᠣᠢᠯᠠᠭᠠᠵᠤ᠂ ᠤᠶᠤᠨᠴᠢ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠵᠦ᠍᠂ 《ᠤᠶᠤᠨᠴᠢ ᠪᠣᠭᠣᠮᠲᠠ᠎ᠶ᠋ᠢᠨ ᠬᠦᠴᠦᠷᠬᠡᠭ ᠤᠯᠤᠰ》 ᠤ᠋ᠨ ᠠᠵᠢᠯᠯᠠᠭ᠎ᠠ᠎ᠶ᠋ᠢᠨ ᠦᠷ᠎ᠡ ᠪᠦᠲᠦᠮᠵᠢ᠎ᠶ᠋ᠢ ᠥᠷᠭᠡᠳᠭᠡᠵᠦ᠍᠂ ᠬᠢᠨᠠᠯᠲᠠ ᠬᠠᠮᠢᠶᠠᠷᠤᠯᠲᠠ᠎ᠶ᠋ᠢᠨ ᠦᠷ᠎ᠡ ᠪᠦᠲᠦᠮᠵᠢ ᠪᠠ ᠦᠶ᠋ᠯᠡᠴᠢᠯᠡᠭᠡᠨ᠎ᠦ ᠬᠢᠷᠢ ᠬᠡᠮᠵᠢᠶ᠎ᠡ᠎ᠵᠢ ᠬᠦᠴᠦᠯᠡᠨ ᠳᠡᠭᠡᠭ᠌ᠰᠢᠯᠡᠭᠦᠯᠵᠦ᠍᠂ ᠤᠯᠤᠰ᠎ᠤᠨ ᠡᠭᠦᠳᠡᠨ ᠎ᠦ ᠠᠮᠤᠷ ᠲᠦᠪᠱᠢᠨ᠎ᠢ ᠬᠠᠮᠠᠭᠠᠯᠠᠬᠤ ᠬᠡᠷᠡᠭ᠌ᠲᠡᠶ᠃ ᠬᠠᠷᠢᠶ᠎ᠠ ᠣᠷᠣᠨ᠎ᠤ ᠳᠤᠮᠳᠠᠳᠤ ᠣᠷᠣᠰ᠎ᠤᠨ ᠡᠬᠡ ᠬᠠᠭᠤᠷᠠᠶ᠎ᠶ᠋ᠢᠨ ᠲᠣᠮᠣ ᠵᠠᠮ᠎ᠤᠨ ᠬᠦᠶ᠋ᠰᠦ ᠪᠠᠷᠢᠯᠭ᠎ᠠ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢᠨ ᠭᠤᠤᠯ ᠣᠷᠣᠨ ᠪᠦᠰᠡ᠎ᠳᠦ ᠪᠠᠢᠷᠢᠯᠠᠵᠤ ᠪᠠᠢᠭ᠎ᠠ ᠴᠢᠬᠤᠯᠠ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠥᠪᠥᠷ ᠮᠣᠩᠭᠣᠯ᠎ᠤᠨ 《ᠲᠠᠪᠤᠨ ᠶᠡᠬᠡ ᠡᠭᠦᠷᠭᠡ》ᠪᠠ ᠱᠢᠨ᠎ᠡ ᠴᠠᠭ ᠦᠶ᠎ᠡ᠎ᠶ᠋ᠢᠨ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ 《ᠭᠤᠷᠪᠠᠨ ᠵᠦᠶ᠋ᠯ᠎ᠦᠨ ᠲᠣᠭ᠍ᠲᠠᠴᠠ》ᠶ᠋ᠢᠨ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠦᠨ᠂ ᠭᠠᠳᠠᠭᠠᠳᠤ ᠠᠷᠠᠯᠵᠢᠶᠠᠨ᠎ᠤ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠵᠠᠭ᠍ᠪᠤᠷ᠎ᠢ ᠬᠥᠭ᠌ᠵᠢᠭᠦᠯᠬᠦ᠌᠎ᠶ᠋ᠢ ᠳᠡᠮᠵᠢᠵᠦ᠍᠂ ᠭᠠᠳᠠᠭᠠᠳᠤ ᠠᠷᠠᠯᠵᠢᠶᠠᠨ᠎ᠤ ᠱᠢᠨ᠎ᠡ ᠬᠥᠳᠡᠯᠭᠡᠭᠴᠢ ᠡᠨᠧᠷᠭᠢ᠎ᠶ᠋ᠢ ᠲᠦᠷᠭᠡᠳᠭᠡᠨ ᠪᠣᠢᠵᠢᠭᠤᠯᠤᠨ᠎ᠠ᠃《ᠲᠦᠷᠭᠡᠨ᠂ ᠣᠨᠣᠪᠴᠢᠲᠠᠶ᠂ ᠪᠣᠳᠠᠲᠠᠶ 》 ᠠᠵᠢᠯ᠎ᠤᠨ ᠰᠤᠷᠲᠠᠯ᠎ᠢᠶᠠᠷ ᠥᠪᠥᠷ ᠮᠣᠩᠭᠣᠯ᠎ᠤᠨ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ ᠪᠠ ᠤᠮᠠᠷᠠᠰᠢ ᠨᠡᠭᠡᠭᠡᠯᠲᠡ ᠬᠢᠬᠦ᠌ ᠴᠢᠬᠤᠯᠠ ᠬᠥᠭᠥᠷᠭᠡᠨ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠳᠤ ᠪᠣᠭᠣᠮᠲᠠ᠎ᠶ᠋ᠢᠨ ᠬᠦᠴᠦᠨ ᠴᠢᠳᠠᠯ᠎ᠢᠶᠠᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面