2024-07-31 10:08:08
7 ᠰᠠᠷ᠎ᠠ᠎ᠶ᠋ᠢᠨ 30 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠲᠥᠪ ᠦᠨ ᠤᠬᠠᠭᠤᠯᠤᠨ ᠲᠠᠢᠯᠪᠤᠷᠢᠯᠠᠬᠤ ᠪᠦᠯᠬᠦᠮ ᠮᠠᠨ᠎ᠤ ᠣᠷᠣᠨ᠎ᠳᠤ ᠤᠬᠠᠭᠤᠯᠤᠨ ᠲᠠᠢᠯᠪᠤᠷᠢᠯᠠᠪᠠ᠃ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠬᠤᠷᠢᠶᠠᠨ ᠳᠠᠷᠤᠭ᠎ᠠ ᠾᠧ ᠱᠢᠶᠤᠤ ᠷᠦᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠵᠥ᠂ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠵᠡᠷᠭᠡ ᠲᠠᠯ᠎ᠠ᠎ᠪᠠᠷ ᠭᠦᠨᠵᠡᠭᠡᠢ ᠲᠣᠳᠣᠷᠬᠠᠢᠯᠠᠨ ᠦᠬᠦᠯᠡᠪᠡ᠃ ᠤᠬᠠᠭᠤᠯᠤᠨ ᠲᠠᠢᠯᠪᠤᠷᠢᠯᠠᠯᠳᠠ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠷᠭᠡᠨ ᠣᠯᠠᠨ ᠺᠠᠳ᠋ᠷ ᠣᠯᠠᠨ ᠲᠦᠮᠡᠨ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠬᠠᠭᠤᠯᠤᠨ ᠲᠠᠢᠯᠪᠤᠷᠢᠯᠠᠯᠳᠠ᠎ᠪᠠᠷ ᠠᠵᠠ ᠲᠣᠬᠢᠶᠠᠯ ᠪᠣᠯᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠷᠭᠦᠯᠵᠢᠯᠡᠨ ᠭᠠᠷᠭᠠᠵᠤ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠣᠭ ᠢ ᠥᠨᠳᠥᠷ ᠮᠠᠨᠳᠤᠭᠤᠯᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃
《ᠤᠬᠠᠭᠤᠯᠤᠨ ᠲᠠᠢᠯᠪᠤᠷᠢᠯᠠᠬᠰᠠᠨ ᠠᠭᠤᠯᠭ᠎ᠠ ᠨᠢ ᠪᠦᠬᠦ᠌ ᠲᠠᠯ᠎ᠠ᠎ᠶ᠋ᠢᠨ᠂ ᠡᠮᠬᠢ ᠴᠡᠭ᠌ᠴᠡ ᠲᠣᠳᠣᠷᠬᠠᠢ᠂ ᠲᠠᠢᠯᠤᠮᠵᠢ ᠨᠢ ᠨᠡᠪᠲᠡᠷᠬᠡᠢ᠂ ᠣᠢᠯᠠᠭᠠᠮᠵᠢᠲᠠᠢ ᠪᠠᠢᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠤᠬᠠᠭᠤᠯᠤᠨ ᠲᠠᠢᠯᠪᠤᠷᠢᠯᠠᠵᠤ ᠭᠦᠨᠵᠡᠭᠡᠢ ᠲᠣᠳᠣᠷᠬᠠᠢᠯᠠᠨ ᠲᠠᠢᠯᠪᠤᠷᠢᠯᠠᠵᠤ᠂ ᠪᠢᠳᠡᠨ᠎ᠦ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠢ ᠣᠢᠯᠠᠭᠠᠵᠤ ᠭᠦᠨᠵᠡᠭᠡᠢ ᠣᠢᠯᠠᠭᠠᠬᠤ᠎ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠡᠢ》᠃ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶᠠᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶᠠᠨ᠎ᠤ ᠪᠠᠢᠩᠭᠤ᠎ᠶ᠋ᠢᠨ ᠳᠡᠳ᠋ ᠱᠦᠵᠢ ᠰᠦᠨ ᠠᠶ ᠹᠠᠩ᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ ᠤ ᠨᠠᠶ᠋ᠮᠠᠳᠤᠭᠠᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ ᠶᠣᠰᠣᠭᠠᠷ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦᠳᠡ ᠬᠤᠷᠠᠯ᠎ᠤᠨ 〈ᠲᠣᠭ᠍ᠲᠠᠭᠠᠯ〉 ᠡᠴᠡ ᠭᠠᠷᠭᠠᠭ᠍ᠰᠠᠨ ᠴᠢᠬᠤᠯᠠ ᠶᠡᠬᠡ ᠪᠠᠢᠷᠢᠯᠠᠭᠤᠯᠤᠯᠲᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠦᠪᠡᠷᠳᠡᠬᠡᠨ ᠵᠠᠰᠠᠬᠤ ᠣᠷᠣᠨ ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠤᠯᠤᠰ ᠲᠥᠷᠥ᠎ᠶ᠋ᠢᠨ ᠤᠬᠠᠮᠰᠠᠷ᠎ᠢᠶᠠᠨ ᠤᠯᠠᠮ ᠨᠢᠭᠡ ᠠᠯᠬᠤᠮ ᠪᠠᠲᠤᠳᠭᠠᠵᠤ᠂ ᠤᠬᠠᠭᠤᠯᠤᠨ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠭᠤᠯ᠎ᠢ ᠴᠢᠷᠮᠠᠢᠨ ᠪᠣᠶ ᠪᠣᠯᠭᠠᠵᠤ᠂ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠂ 〈ᠤᠮᠠᠷᠠᠲᠤ ᠬᠢᠯᠢ᠎ᠶ᠋ᠢᠨ ᠵᠢᠱ᠌ᠢᠶᠡᠴᠢ ᠪᠠᠢᠭᠤᠯᠭ᠎ᠠ〉 ᠶ᠋ᠢ ᠡᠭᠦᠳᠦᠨ ᠪᠠᠢᠭᠤᠯᠬᠤ᠂ ᠪᠠᠲᠤ ᠴᠢᠩᠭ᠎ᠠ ᠪᠡᠬᠢᠯᠡᠯᠲᠡ᠎ᠶ᠋ᠢᠨ ᠵᠢᠱ᠌ᠢᠶᠡᠴᠢ ᠨᠠᠮ᠎ᠤᠨ ᠡᠭᠦᠷ᠎ᠢ ᠡᠭᠦᠳᠦᠨ ᠪᠠᠢᠭᠤᠯᠬᠤ᠂ 〈ᠪᠠᠷᠢᠮᠵᠢᠶ᠎ᠠ ᠪᠡᠨ ᠳᠡᠭᠡᠭ᠌ᠰᠢᠯᠡᠭᠦᠯᠵᠤ᠂ ᠬᠤᠷᠳᠤᠴᠠ ᠪᠡᠨ ᠲᠦᠷᠭᠡᠳᠭᠡᠵᠤ᠂ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠬᠦ᠌〉 ᠲᠤᠰᠭᠠᠶ ᠠᠵᠢᠯᠯᠠᠭ᠎ᠠ ᠵᠡᠷᠭᠡ ᠠᠴᠢᠶᠠᠯᠠᠪᠤᠷᠢ᠎ᠪᠠᠷ ᠭᠠᠷᠳᠠᠴᠠ ᠪᠣᠯᠭᠠᠵᠤ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠵᠢᠯᠣᠭᠣᠳᠤᠮᠵᠢ ᠪᠠ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠦᠶ᠋ᠯᠡᠳᠦᠯ᠎ᠢ ᠪᠥᠬᠥ᠌ ᠬᠦᠴᠦᠨ᠎ᠢᠶᠡᠷ ᠪᠠᠳᠠᠷᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶᠠᠨ ᠤ᠋ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠡᠯ᠎ᠡ ᠬᠦᠷᠢᠶᠡᠨ᠎ᠦ ᠥᠭᠡᠷᠡᠴᠢᠯᠡᠯᠲᠡ ᠲᠦᠷᠭᠡᠨ ᠪᠥᠭᠡᠳ ᠯᠠᠪᠳᠠᠭᠤᠨ᠎ᠢᠶᠠᠷ ᠬᠦᠴᠦᠲᠡᠶ ᠲᠤᠯᠭᠠᠭᠤᠷᠢᠯᠠᠯ ᠬᠠᠩᠭᠠᠵᠠᠢ》 ᠭᠡᠵᠤ ᠬᠡᠯᠡᠪᠡ᠃
《ᠤᠬᠠᠭᠤᠯᠤᠨ ᠲᠠᠢᠯᠪᠤᠷᠢᠯᠠᠬᠰᠠᠨ ᠠᠭᠤᠯᠭ᠎ᠠ ᠨᠢ ᠡᠯᠪᠡᠭ ᠪᠠᠶᠠᠯᠢᠭ᠂ ᠭᠦᠨᠵᠡᠭᠡᠢ ᠨᠡᠪᠲᠡᠷᠬᠡᠢ ᠪᠠᠢᠵᠤ᠂ ᠪᠢᠳᠡᠨ᠎ᠢ ᠬᠠᠪᠰᠤᠷᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭᠠᠨ᠎ᠤ ᠲᠤᠬᠠᠢ ᠣᠢᠯᠠᠭᠠᠯᠲᠠ᠎ᠶ᠋ᠢ ᠭᠦᠨᠵᠡᠭᠡᠢᠷᠡᠭᠦᠯᠵᠡᠢ》᠃ ᠤᠯᠠᠭᠠᠨᠬᠠᠳᠠ ᠬᠣᠲᠠ᠎ᠶ᠋ᠢᠨ ᠠᠷᠤ ᠬᠣᠷᠴᠢᠨ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠣᠷᠢᠶᠠᠨ ᠳᠠᠷᠤᠭ᠎ᠠ ᠵᠦ᠍ ᠱᠢᠤᠢ ᠭᠤᠸᠠᠩ᠄ 《ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠤᠢᠯᠠᠭᠠᠨ ᠰᠠᠢᠲᠤᠷ ᠲᠤᠭᠤᠱᠢᠯᠠᠭᠤᠯᠵᠤ᠂ ᠱᠢᠭᠦᠨ ᠲᠠᠰᠤᠯᠤᠯᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠱᠢᠭᠦᠨ ᠲᠠᠰᠤᠯᠬᠤ ᠭᠡᠷᠡᠭᠵᠢᠬᠦᠯᠬᠦ ᠡᠷᠬᠡ᠎ᠶ᠋ᠢᠨ ᠠᠵᠢᠯᠯᠠᠭᠠᠨ᠎ᠳᠤ ᠬᠢᠨᠠᠯᠲᠠ ᠲᠠᠯᠪᠢᠵᠤ ᠬᠢᠵᠠᠭᠠᠷᠯᠠᠬᠤ᠎ᠪᠠᠨ ᠴᠢᠩᠭᠠᠳᠭᠠᠵᠤ᠂ ᠬᠠᠤᠯᠢ ᠪᠠᠷᠢᠵᠤ ᠬᠡᠷᠡᠭ ᠱᠢᠶ᠋ᠳᠪᠦᠷᠢᠯᠡᠬᠦ᠌ ᠡᠯ᠎ᠡ ᠭᠣᠭ᠍ᠴᠣᠭ᠎ᠠ᠎ᠶ᠋ᠢᠨ ᠪᠦᠲᠦᠮᠵᠢᠲᠡᠶ ᠬᠢᠵᠠᠭᠠᠷᠯᠠᠯ ᠬᠢᠨᠠᠯᠲᠠ ᠳᠤᠤᠷ᠎ᠠ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠨᠠᠠ; ᠬᠠᠤᠯᠢ ᠴᠠᠭᠠᠵᠠ᠎ᠶ᠋ᠢ ᠢᠯᠡ ᠪᠣᠯᠭᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠦᠨ ᠵᠢᠷᠤᠮᠵᠢᠭᠤᠯᠵᠤ᠂ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢᠨ ᠡᠯ᠎ᠡ ᠵᠦᠶ᠋ᠯ᠎ᠦᠨ ᠡᠭᠦᠷᠭᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠱᠢᠭᠦᠬᠦ᠌ ᠬᠣᠷᠢᠶᠠᠨ᠎ᠤ ᠡᠯ᠎ᠡ ᠵᠦᠶ᠋ᠯ᠎ᠦᠨ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠷᠤ ᠬᠣᠷᠴᠢᠨ ᠬᠣᠱᠢᠭᠤᠨ᠎ᠤ ᠠᠵᠤ ᠠᠬᠤᠶ ᠨᠡᠢᠭᠡᠮ᠎ᠦᠨ ᠡᠶ᠎ᠡ ᠵᠣᠬᠢᠴᠠᠩᠭᠤᠶ ᠲᠣᠭ᠍ᠲᠠᠭᠤᠨ᠎ᠢ ᠬᠠᠮᠠᠭᠠᠯᠠᠬᠤ᠎ᠳᠤ ᠨᠠᠩ ᠴᠢᠨᠠᠷ ᠰᠠᠢᠲᠠᠶ ᠥᠨᠳᠥᠷ ᠪᠦᠲᠦᠮᠵᠢᠲᠡᠶ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠪᠠ ᠪᠠᠲᠤᠯᠠᠭ᠎ᠠ ᠬᠠᠩᠭᠠᠨ᠎ᠠ》 ᠭᠡᠵᠤ ᠬᠡᠯᠡᠪᠡ᠃
30 ᠤ᠋ ᠦᠳᠡ᠎ᠶ᠋ᠢᠨ ᠬᠣᠢᠨ᠎ᠠ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠢᠯᠢ ᠤᠳᠤ ᠦᠶ᠎ᠡ᠎ᠶ᠋ᠢᠨ ᠤᠶᠤᠨᠲᠤ ᠡᠷᠡᠭᠦᠯ ᠮᠡᠨᠳᠦ᠍᠎ᠶ᠋ᠢᠨ ᠬᠥᠨᠳᠡᠢ᠎ᠳᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠢᠯᠢ ᠪᠦᠯᠦᠭ᠌ᠯᠡᠯ᠎ᠦᠨ ᠠᠵᠢᠯᠲᠠᠳ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠲᠤᠢᠯ᠎ᠢᠶᠠᠷ ᠣᠮᠣᠭ᠍ᠰᠢᠪᠠ᠃ ᠢᠯᠢ ᠪᠦᠯᠦᠭ᠌ᠯᠡᠯ᠎ᠦᠨ ᠱᠢᠨ᠎ᠡ᠎ᠶ᠋ᠢ ᠡᠭᠦᠳᠬᠦ᠌ ᠰᠤᠳᠤᠯᠤᠨ ᠨᠡᠭᠡᠭᠡᠬᠦ᠌ ᠠᠵᠢᠯᠳᠠᠨ ᠵᠠᠩ ᠸᠠᠨ ᠺᠸ ᠄ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠡᠴᠡ ᠪᠦᠬᠦ᠌ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌ ᠪᠠᠢᠭᠤᠯᠤᠯ ᠲᠣᠭ᠍ᠲᠠᠴᠠ᠎ᠶ᠋ᠢ ᠪᠠᠢᠭᠤᠯᠤᠨ᠎ᠠ ᠭᠡᠵᠦ᠍ ᠳᠤᠷᠠᠳᠤᠭ᠍ᠰᠠᠨ ᠨᠢ ᠪᠢᠳᠡᠨ᠎ᠳᠦ ᠰᠡᠳᠭᠢᠴᠡ᠎ᠶ᠋ᠢ ᠲᠣᠳᠣᠷᠬᠠᠢᠯᠠᠵᠤ᠂ ᠴᠢᠭ᠌ᠯᠡᠯ᠎ᠢ ᠵᠢᠭᠠᠵᠤ ᠥᠭ᠌ᠭᠦᠭ᠌ᠰᠡᠨ᠎ᠢᠶᠡᠷ ᠪᠠᠷᠠᠬᠤ ᠦᠭᠡᠢ ᠪᠠᠰᠠ ᠪᠢᠳᠡᠨ᠎ᠳᠦ ᠲᠤᠢᠯ᠎ᠤᠨ ᠶᠡᠬᠡ ᠳᠡᠮᠵᠢᠯᠭᠡ ᠪᠠ ᠵᠣᠷᠢᠭ᠍ᠵᠢᠭᠤᠯᠤᠯ ᠪᠣᠯᠵᠠᠢ᠃ ᠦᠨᠳᠦᠰᠦᠨ ᠱᠠᠲᠤᠨ᠎ᠤ ᠰᠤᠳᠤᠯᠤᠨ ᠨᠡᠭᠡᠭᠡᠬᠦ᠌ ᠠᠵᠢᠯᠲᠠᠨ ᠪᠣᠯᠤᠭ᠍ᠰᠠᠨ᠎ᠤ ᠬᠤᠪᠢ᠎ᠳᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠡᠴᠡ ᠪᠣᠯᠤᠭ᠍ᠰᠠᠨ ᠯᠤᠲᠤ ᠶᠡᠬᠡ ᠬᠤᠪᠢᠷᠠᠯᠲᠠ᠎ᠶ᠋ᠢ ᠪᠢ ᠦᠨᠡᠨ ᠬᠦ᠌ ᠮᠡᠳᠡᠷᠡᠵᠤ᠂ ᠪᠢᠳᠡ ᠨᠢᠭᠡ ᠪᠦᠯᠦᠭ ᠠᠵᠢᠯ ᠲᠥᠷᠥᠯ᠎ᠦᠨ 〈ᠪᠣᠭᠣᠮᠢ 〉 ᠵᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠤᠯᠤᠰ᠎ᠤᠨ ᠳᠣᠲᠣᠭᠠᠳᠤ᠎ᠶ᠋ᠢᠨ ᠴᠠᠭᠠᠨ ᠢᠳᠡᠭᠡᠨ᠎ᠦ ᠲᠥᠷᠥᠯ ᠵᠦᠶ᠋ᠯ᠎ᠢ ᠪᠠᠶᠠᠯᠢᠭ᠍ᠵᠢᠭᠤᠯᠵᠤ᠂ ᠬᠡᠷᠡᠭ᠌ᠯᠡᠭᠡᠨ᠎ᠦ ᠪᠡᠶᠡᠴᠢ ᠣᠢᠯᠠᠭᠠᠯᠲᠠ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠵᠢᠯᠣᠭᠣᠳᠣᠯᠭ᠎ᠠ ᠳᠤᠤᠷ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠨᠢ ᠪᠢᠳᠡᠨ᠎ᠦ ᠨᠠᠩ ᠣᠯᠠᠨ ᠦᠷ᠎ᠡ ᠪᠦᠲᠦᠭᠡᠯ ᠤᠯᠬᠤ᠎ᠶ᠋ᠢ ᠠᠬᠢᠭᠤᠯᠵᠤ᠂ ᠰᠦ᠎ᠶᠢᠨ ᠦᠶ᠋ᠯᠡᠰ᠎ᠢ ᠠᠷᠠᠳ ᠲᠦᠮᠡᠨ᠎ᠦ ᠱᠢᠮ᠎ᠡ ᠲᠡᠵᠢᠭᠡᠯ ᠡᠷᠡᠭᠦᠯ ᠮᠡᠨᠳᠦ᠍᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌᠎ᠶ᠋ᠢ ᠪᠢ ᠢᠲᠡᠭᠡᠵᠦ᠍ ᠪᠠᠢᠨ᠎ᠠ》 ᠭᠡᠵᠡᠢ᠃
ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠪᠠᠰᠠ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠰᠠᠨ ᠱᠦᠨ ᠳ᠋ᠢᠶᠠᠨ ᠨᠡᠢᠭᠡᠮ ᠲᠣᠭᠣᠷᠢᠭ᠎ᠲᠤ ᠤᠬᠠᠭᠤᠯᠤᠨ ᠲᠠᠢᠯᠪᠤᠷᠢᠯᠠᠵᠤ᠂ ᠨᠡᠢᠭᠡᠮ ᠲᠣᠭᠣᠷᠢᠭ᠎ᠤᠨ ᠺᠠᠳ᠋ᠷ᠂ ᠰᠠᠭᠤᠭᠠᠯᠢ ᠠᠷᠠᠳ᠎ᠲᠠᠶ ᠰᠠᠨᠠᠯ᠎ᠢᠶᠠᠨ ᠰᠣᠯᠢᠯᠴᠠᠪᠠ᠃ 《ᠤᠬᠠᠭᠤᠯᠤᠨ ᠲᠠᠢᠯᠪᠤᠷᠢᠯᠠᠬᠰᠠᠨ ᠭᠣᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠡᠯᠪᠡᠭ ᠪᠠᠶᠠᠯᠢᠭ ᠪᠠᠢᠵᠤ᠂ ᠭᠦᠨᠵᠡᠭᠡᠢ ᠣᠢᠯᠠᠭᠠᠮᠵᠢᠲᠠᠢ ᠤᠨᠤᠯ᠎ᠤᠨ ᠲᠠᠢᠯᠪᠤᠷᠢᠯᠠᠯᠲᠠ ᠪᠠᠢᠬᠤ᠎ᠪᠠᠷ ᠪᠠᠷᠠᠬᠤ ᠦᠭᠡᠢ᠂ ᠪᠠᠰᠠ ᠪᠣᠳᠠᠲᠠᠢ᠎ᠲᠠᠶ ᠬᠣᠯᠪᠣᠭ᠍ᠳᠠᠭ᠍ᠰᠠᠨ ᠲᠦᠷᠦᠭ᠌ᠳᠡᠯ ᠪᠣᠳᠣᠯᠬᠢᠯᠠᠯ᠎ᠲᠠᠶ ᠪᠠᠢᠵᠤ᠂ ᠨᠠᠳᠠ᠎ᠳᠤ ᠭᠦᠨ ᠬᠥᠮᠦᠵᠢᠯ ᠪᠠ ᠰᠡᠩᠬᠡᠷᠡᠭᠦᠯᠦᠯ ᠣᠯᠭᠣᠪᠠ》 ᠃ ᠰᠠᠨ ᠱᠦᠨ ᠳ᠋ᠢᠶᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠯᠢ ᠢ ᡁᠢ᠂ ᠨᠡᠢᠭᠡᠮ ᠲᠣᠭᠣᠷᠢᠭ ᠨᠢ ᠤᠯᠠᠨ ᠲᠦᠮᠡᠨ᠎ᠳᠦ ᠦᠢᠯᠡᠴᠢᠯᠡᠬᠦ᠌ 《ᠡᠴᠦᠰ᠎ᠦᠨ ᠨᠢᠭᠡ ᠮᠧᠲ᠋ᠷ》 ᠪᠣᠯᠤᠭ᠍ᠰᠠᠨ᠎ᠤ ᠬᠤᠪᠢ᠎ᠳᠤ᠂ ᠰᠠᠭᠤᠭᠠᠯᠢ ᠠᠷᠠᠳ᠎ᠤᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠰᠠᠭᠤᠭᠠᠯᠢ ᠠᠷᠠᠳ᠎ᠢ ᠨᠡᠩ ᠤᠯᠠᠨ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠲᠡᠶ ᠪᠣᠯᠭᠠᠵᠤ᠂ ᠪᠦᠬᠦᠳᠡ ᠬᠤᠷᠠᠯ᠎ᠡᠴᠡ ᠵᠢᠷᠤᠭ᠍ᠯᠠᠭ᠍ᠰᠠᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠱᠢᠨ᠎ᠡ ᠵᠢᠷᠤᠭ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠦ᠍ ᠢᠯᠡᠳᠭᠡᠪᠡ᠃
ᠤᠬᠠᠭᠤᠯᠤᠨ ᠲᠠᠢᠯᠪᠤᠷᠢᠯᠠᠯᠳᠠ ᠵᠢ ᠰᠤᠨᠤᠰᠤᠬᠰᠠᠨ᠎ᠤ ᠲᠠᠷᠠᠭ᠎ᠠ᠂ ᠰᠢᠯᠢ ᠵᠢᠨ ᠭᠤᠤᠯ ᠠᠵᠢᠯ ᠮᠡᠷᠬᠡᠵᠢᠯ᠎ᠤᠨ ᠲᠡᠭᠡᠳᠤ ᠰᠤᠷᠭᠠᠭᠤᠯᠢ ᠵᠢᠨ ᠪᠠᠬᠰᠢ ᠮᠢ ᠡᠯ ᠸᠧᠨ᠌᠄《ᠬᠤᠢᠰᠢᠳᠠ ᠪᠢ ᠪᠦᠬᠦᠳᠡ ᠬᠤᠷᠠᠯ᠎ᠤᠨ ᠰᠤᠷᠤᠯᠴᠠᠯᠭ᠎ᠠ ᠪᠠᠨ ᠦᠷᠬᠦᠯᠵᠢᠯᠡᠨ ᠴᠢᠩᠭᠠᠳᠬᠠᠵᠦ᠂ ᠦᠨᠳᠦᠰᠦᠨ ᠱᠠᠳᠤᠨ᠎ᠤ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠳᠤᠷ ᠬᠢᠨ᠎ᠠ》 ᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃