2024-08-02 11:23:21
ᠠᠯᠤᠰ᠎ᠤᠨ ᠲᠦᠰᠦᠪ ᠡᠴᠡ ᠦᠵᠡᠮᠵᠢ ᠵᠢᠷᠤᠭ᠎ᠤᠳ ᠵᠢᠷᠤᠭᠯᠠᠭᠳᠠᠨ᠂ ᠡᠷᠡᠮᠡᠬᠡᠢᠯᠡᠨ ᠤᠷᠤᠭᠰᠢᠯᠠᠬᠤ ᠴᠠᠭ ᠦᠶ᠎ᠠ ᠬᠦᠷᠴᠤ ᠢᠷᠡᠯ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠢ᠍ᠮᠠᠳᠤᠭᠠᠷ ᠪᠦᠬᠦᠳᠡ ᠬᠤᠷᠠᠯ 7 ᠰᠠᠷ᠎ᠠ᠎ᠶᠢᠨ 29 ᠡᠴᠡ 31 ᠤ᠋ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠪᠠ᠃ ᠪᠥᠬᠥᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠬᠣᠷᠢᠶᠠᠨ᠎ᠤ ᠳᠡᠭᠡᠷ᠎ᠡ ᠬᠠᠭᠠᠰ ᠵᠢᠯ᠎ᠦᠨ ᠠᠵᠢᠯ᠎ᠤᠨ ᠮᠡᠳᠡᠭᠦᠯᠦᠯᠲᠡ᠎ᠶᠢ ᠰᠣᠨᠣᠰᠤᠨ ᠶᠠᠷᠢᠯᠴᠠᠵᠤ᠂ ᠳᠣᠣᠷ᠎ᠠ ᠬᠠᠭᠠᠰ ᠵᠢᠯ᠎ᠦᠨ ᠠᠵᠢᠯ᠎ᠢ ᠲᠣᠬᠢᠷᠠᠭᠤᠯᠤᠨ ᠪᠠᠢᠷᠢᠯᠠᠭᠤᠯᠵᠤ᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠠᠨᠠᠯ》 ᠢ᠋ ᠬᠢᠨᠠᠨ ᠵᠥᠪᠯᠡᠵᠦ ᠪᠠᠲᠤᠯᠠᠪᠠ᠃
ᠪᠦᠬᠦ ᠣᠷᠣᠨ᠎ᠤ ᠡᠯ᠎ᠡ ᠹᠷᠣᠨᠲ᠎ᠡᠴᠡ ᠬᠦᠷᠦᠯᠴᠡᠨ ᠢᠷᠡᠵᠤ ᠬᠤᠷᠠᠯ᠎ᠳᠤ ᠣᠷᠣᠯᠴᠠᠭᠰᠠᠳ ᠶᠡᠬᠡ ᠬᠤᠷᠠᠯ᠎ᠤᠨ ᠵᠥᠪᠯᠡᠬᠦ ᠵᠦᠢᠯ᠎ᠦᠨ ᠲᠣᠭᠣᠷᠢᠨ᠎ᠳᠤ ᠬᠥᠭᠵᠢᠶᠡᠨᠲᠡᠢ ᠶᠠᠷᠢᠯᠴᠠᠵᠤ᠂ ᠰᠡᠳᠬᠢᠬᠦᠢ᠎ᠵᠢᠨ ᠴᠤᠤᠷᠢᠶᠠᠳᠤᠯ᠂ ᠬᠠᠢᠷ᠎ᠠ ᠰᠡᠳᠬᠢᠯᠭᠡ᠎ᠵᠢᠨ ᠲᠡᠷᠪᠢᠯᠳᠡ ᠲᠤᠤᠷ᠎ᠠ ᠬᠠᠮᠲᠤ᠎ᠶᠢᠨ ᠲᠠᠨᠢᠯᠲᠠ ᠨᠢ ᠨᠡᠩ ᠢᠯᠡᠭᠦᠦ ᠨᠢᠭ᠍ᠲᠠᠷᠠᠵᠤ᠂ ᠨᠠᠷᠢᠯᠢᠭ᠋ ᠰᠤᠷᠤᠯᠴᠠᠨ ᠭᠦᠨᠵᠡᠭᠡᠢ ᠰᠤᠳᠤᠯᠵᠤ᠂ ᠰᠣᠯᠢᠯᠴᠠᠨ ᠶᠠᠷᠢᠯᠴᠠᠬᠤ ᠳᠤᠮᠳᠠ ᠢᠲᠡᠭᠡᠯ ᠪᠢᠰᠢᠷᠡᠯ ᠨᠢ ᠨᠡᠩ ᠪᠠᠲᠤ ᠴᠢᠩᠭ᠎ᠠ ᠪᠣᠯᠪᠠ᠃
ᠣᠯᠠᠨ᠎ᠢᠶᠠᠷ᠎ᠢᠶᠠᠨ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠡᠷᠴᠢ ᠵᠣᠷᠢᠭ᠋᠎ᠢᠶᠠᠨ ᠬᠥᠪᠴᠢᠯᠡᠨ᠂ ᠬᠦᠨᠳᠦ ᠡᠭᠦᠷᠭᠡ᠎ᠶᠢ ᠵᠣᠷᠢᠭ᠍ᠲᠠᠢ᠎ᠪᠠᠷ ᠡᠭᠦᠷᠭᠡᠯᠡᠵᠦ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠲᠠᠢ ᠬᠠᠮᠲᠤ᠎ᠪᠠᠷ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠤᠨ᠂ ᠡᠯ᠎ᠡ ᠵᠦᠢᠯ ᠦᠨ ᠥᠭᠡᠷᠡᠴᠢᠯᠡᠯᠲᠡ᠎ᠶᠢᠨ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠪᠥᠬᠥ ᠬᠦᠴᠦᠨ᠎ᠢᠶᠡᠷ᠎ᠢᠶᠡᠨ ᠰᠠᠢᠲᠤᠷ ᠠᠳᠬᠤᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦᠲᠤᠮᠳᠠ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠣᠯᠬᠤ᠎ᠶᠢ ᠠᠬᠢᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ ᠲᠡᠢᠰᠢ ᠲᠣᠮᠣ᠌ ᠠᠯᠬᠤᠮ᠎ᠢᠶᠠᠷ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠵᠦ᠂ ᠡᠬᠡ ᠤᠯᠤᠰ᠎ᠤᠨ ᠤᠮᠠᠷᠠᠲᠤ᠎ᠶᠢᠨ ᠦᠵᠡᠮᠵᠢ᠎ᠶᠢᠨ ᠣᠷᠣᠨ᠎ᠢᠶᠠᠨ ᠨᠠᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠤᠨ᠎ᠠ ᠭᠡᠵᠦ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶᠠᠨ᠎ᠤ ᠨᠠᠢ᠍ᠮᠠᠳᠤᠭᠠᠷ ᠪᠦᠬᠦᠳᠡ ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠮᠥᠨ᠂ ᠳᠣᠣᠷ᠎ᠠ ᠬᠠᠭᠠᠰ ᠵᠢᠯ᠎ᠳᠦ ᠨᠡᠩ ᠲᠣᠪᠣᠢᠮ᠎ᠠ ᠰᠠᠢᠲᠤᠷ ᠠᠳᠬᠤᠵᠤ᠂ ᠥᠭᠡᠷᠡᠴᠢᠯᠡᠯᠲᠡ᠎ᠶᠢ ᠡᠯ᠎ᠡ ᠵᠦᠢᠯ᠎ᠦᠨ ᠠᠵᠢᠯ᠎ᠳᠠᠭᠠᠨ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠵᠠᠩᠭᠢᠯᠠᠭ᠎ᠠ᠎ᠶᠢᠨ ᠬᠤᠭᠤᠴᠠᠭᠠᠨ᠎ᠤ ᠴᠢᠬᠤᠯᠠ ᠪᠠᠢᠷᠢᠯᠠᠭᠤᠯᠤᠯᠲᠠ ᠨᠢ ᠲᠠᠷᠠᠭᠠᠴᠢ᠎ᠶᠢᠨ ᠱᠠᠲᠤᠨ᠎ᠤ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠠᠷᠠᠯᠲᠠ ᠡᠭᠦᠷᠭᠡ᠎ᠶᠢ ᠨᠠᠷᠢᠯᠢᠭ᠍ᠵᠢᠭᠤᠯᠤᠨ ᠪᠣᠳᠠᠲᠠᠢᠵᠢᠭᠤᠯᠤᠭᠰᠠᠨ ᠮᠥᠷᠲᠡᠭᠡᠨ ᠪᠠᠰᠠ ᠴᠠᠭ᠎ᠤᠨ ᠬᠦᠰᠦᠨᠦᠭᠲᠦ᠂ ᠪᠠᠷᠢᠯᠭ᠎ᠠ᠎ᠶᠢᠨ ᠵᠢᠷᠤᠭ᠎ᠢ ᠲᠣᠳᠣᠷᠬᠠᠢᠯᠠᠪᠠ᠃
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠬᠣᠩ ᠹᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠪᠥᠬᠥ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠰᠢᠰᠲᠧᠮ᠎ᠦᠨ ᠣᠳᠣᠬᠠᠨ ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶᠠᠨ᠎ᠤ ᠨᠠᠢ᠍ᠮᠠᠳᠤᠭᠠᠷ ᠪᠥᠬᠥᠳᠡ ᠬᠤᠷᠠᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠣᠷᠣᠨ ᠪᠦᠰᠡ᠎ᠶᠢᠨ ᠨᠡᠭᠡᠭᠡᠯᠲᠡ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠬᠦ》 ᠴᠢᠬᠤᠯᠠ ᠶᠡᠬᠡ ᠠᠷᠭ᠎ᠠ ᠬᠡᠮᠵᠢᠶ᠎ᠡ᠎ᠶᠢᠨ ᠠᠪᠴᠢᠷᠠᠭᠰᠠᠨ ᠲᠡᠦᠬᠡᠲᠦ ᠠᠵᠠ ᠲᠣᠬᠢᠶᠠᠯ᠎ᠢ ᠠᠮᠵᠢᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠪᠦᠲᠦᠭᠡᠨ ᠪᠠᠢᠭᠤᠯᠤᠯᠲᠠ᠎ᠪᠠᠷ ᠪᠥᠬᠥ ᠣᠷᠣᠨ᠎ᠤ ᠨᠡᠭᠡᠭᠡᠯᠲᠡᠲᠤ ᠬᠡᠯᠪᠡᠷᠢ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠪᠥᠬᠥ ᠲᠠᠯ᠎ᠠ᠎ᠶᠢ ᠶᠡᠷᠦᠩᠬᠡᠢᠯᠡᠨ ᠵᠢᠯᠣᠭᠣᠳᠤᠭᠤᠯᠵᠤ᠂ ᠴᠢᠯᠦᠭᠡᠲᠦ ᠠᠷᠠᠯᠵᠢᠶᠠᠨ᠎ᠤ ᠣᠷᠣᠨ᠎ᠢ ᠭᠤᠶᠤᠴᠢᠯᠠᠨ ᠪᠠᠶ᠋ᠢᠭᠤᠯᠬᠤ ᠠᠵᠢᠯ᠎ᠢ ᠬᠦᠴᠦᠲᠡᠢ ᠡᠮᠬᠢ ᠵᠢᠷᠤᠮ᠎ᠲᠠᠢ ᠠᠬᠢᠭᠤᠯᠵᠤ᠂ ᠳᠣᠲᠣᠭᠠᠳᠤ ᠭᠠᠳᠠᠭᠠᠳᠤ ᠬᠣᠯᠪᠤᠭᠠᠯᠠᠨ ᠬᠥᠳᠡᠯᠦᠯᠴᠡᠵᠦ᠂ ᠤᠯᠠᠨ ᠲᠠᠯ᠎ᠠ᠎ᠳᠤ ᠨᠡᠭᠡᠭᠡᠯᠲᠡ᠎ᠶᠢᠨ ᠪᠠᠢᠷᠢᠰᠢᠯ᠎ᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠢᠯᠡᠳᠭᠡᠪᠡ᠃
《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶᠠᠨ ᠤ ᠨᠠᠢ᠍ᠮᠠᠳᠤᠭᠠᠷ ᠪᠥᠬᠥᠳᠡ ᠬᠤᠷᠠᠯ᠎ᠳᠤ ᠣᠷᠣᠯᠴᠠᠭᠰᠠᠨ᠎ᠤ ᠭᠦᠨᠵᠡᠭᠡᠢ ᠲᠥᠷᠥᠭᠳᠡᠯ ᠪᠣᠯ ᠳᠠᠷᠤᠢ ᠵᠣᠬᠢᠶᠠᠯ᠎ᠤᠨ ᠰᠤᠷᠲᠠᠯ ᠪᠤᠳᠠᠳᠠᠢ᠂ ᠬᠤᠷᠠᠯ᠎ᠤᠨ ᠰᠤᠷᠲᠠᠯ ᠪᠤᠳᠠᠳᠠᠢ᠂ ᠳᠤᠷᠠᠳᠤᠭᠰᠠᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ ᠪᠤᠳᠠᠳᠠᠢ ᠪᠠᠢᠵᠤ᠂ ᠪᠥᠬᠥᠳᠡ ᠬᠤᠷᠠᠯ᠎ᠡᠴᠡ 〈ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠠᠨᠠᠯ〉 ᠢ᠋ ᠬᠢᠨᠠᠨ ᠵᠥᠪᠯᠡᠵᠦ ᠪᠠᠲᠤᠯᠠᠭᠠᠳ᠂ ᠬᠣᠢᠰᠢᠳᠠ᠎ᠶᠢᠨ ᠬᠡᠰᠡᠭ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠵᠢᠷᠤᠭ ᠲᠥᠰᠥᠪ᠎ᠢ ᠵᠢᠷᠤᠭᠯᠠᠨ ᠥᠭᠴᠦ᠂ ᠵᠠᠩᠭᠢᠯᠠᠭ᠎ᠠ ᠨᠢ ᠨᠠᠢᠳᠠᠪᠦᠷᠢᠵᠢᠭᠤᠯᠬᠤ ᠳ᠋ᠤ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠳᠡᠳ᠋ ᠱᠦᠵᠢ᠂ ᠲᠢᠩᠬᠢᠮ᠎ᠦᠨ ᠳᠡᠳ᠋ ᠳᠠᠷᠤᠭ᠎ᠠ ᠵᠠᠩ ᠸᠸᠨ ᠲᠤᠤ ᠶᠠᠷᠢᠬᠤ ᠵᠢᠨ ᠬᠠᠮᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠲᠢᠩᠬᠢᠮ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠰᠢᠨ᠎ᠡ᠎ᠶᠢ ᠡᠭᠦᠳᠬᠦ ᠬᠦᠨᠳᠦ ᠡᠭᠦᠷᠭᠡ᠎ᠶᠢ ᠡᠷᠡᠰ ᠡᠭᠦᠷᠭᠡᠯᠡᠵᠦ᠂ ᠦᠨᠡᠨ ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ ᠣᠪᠣᠷ᠎ᠢᠶᠠᠷ᠂ ᠮᠠᠨ᠎ᠤ ᠣᠷᠣᠨ᠎ᠤ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠬᠦ ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠰᠢᠨ᠎ᠡ᠎ᠶᠢ ᠡᠭᠦᠳᠬᠦ ᠡᠨᠡ ᠬᠦ᠌ 《ᠵᠠᠩᠭᠢᠯᠠᠭ᠎ᠠ᠎ᠶᠢᠨ ᠬᠤᠪᠢᠰᠤᠭ᠍ᠴᠢ ᠬᠡᠮᠵᠢᠭᠳᠡᠬᠦᠨ》 ᠢ᠋ ᠮᠠᠨ᠎ᠤ ᠣᠷᠣᠨ᠎ᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳ᠋ᠤ ᠣᠷᠣᠬᠤ ᠬᠠᠷᠠᠯᠲᠠ᠎ᠶᠢ ᠪᠡᠶᠡᠯᠡᠭᠦᠯᠬᠦ 《ᠬᠠᠮᠤᠭ᠎ᠤᠨ ᠶᠡᠬᠡ ᠨᠡᠮᠡᠭᠳᠡᠯ》 ᠪᠣᠯᠭᠠᠬᠤ᠎ᠪᠠᠷ ᠴᠢᠷᠮᠠᠢᠨ᠎ᠠ ᠭᠡᠵᠦ ᠬᠡᠯᠡᠪᠡ᠃
《ᠡᠮᠴᠢᠯᠡᠭᠡ ᠡᠷᠡᠭᠦᠯ ᠬᠠᠮᠠᠭᠠᠯᠠᠯ᠎ᠤᠨ ᠬᠦᠷᠢᠶᠡᠨ᠎ᠳᠦ ᠠᠵᠢᠯᠯᠠᠭᠴᠢ ᠵᠢᠨ ᠬᠤᠪᠢ᠎ᠳᠤ᠂ ᠪᠢᠳᠡ ᠡᠮᠴᠢᠯᠡᠭᠡ ᠡᠷᠡᠭᠦᠯ ᠬᠠᠮᠠᠭᠠᠯᠠᠯ᠎ᠤᠨ ᠬᠦᠷᠢᠶᠡᠨ᠎ᠦ ᠥᠭᠡᠷᠡᠴᠢᠯᠡᠯᠲᠡ᠎ᠶᠢᠨ ᠬᠡᠷᠡᠭᠴᠡᠭᠡ᠎ᠶᠢ ᠣᠨᠣᠪᠴᠢᠲᠠᠶ ᠡᠵᠡᠮᠳᠡᠵᠦ᠂ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠡᠮᠴᠢᠯᠡᠭᠡᠨ᠎ᠦ ᠲᠦᠪᠰᠢᠨ᠎ᠤ ᠲᠡᠩᠴᠡᠭᠦᠷᠢᠲᠡᠢ ᠬᠥᠭᠵᠢᠯᠳᠡ᠎ᠶᠢ ᠪᠠᠷᠢᠮᠲᠠᠯᠠᠵᠤ᠂ ᠠᠯᠪᠠᠨ᠎ᠡᠴᠡ ᠪᠠᠢᠭᠤᠯᠤᠭᠰᠠᠨ ᠡᠮᠨᠡᠯᠭᠡ᠎ᠶᠢᠨ ᠬᠣᠷᠢᠶᠠᠨ ᠤ ᠨᠠᠷᠢᠯᠢᠭ᠍ᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ》᠃ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶᠢᠨ ᠬᠣᠷᠢᠶᠠᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠷᠢᠶᠠᠨ ᠳᠠᠷᠤᠭ᠎ᠠ ᠴᠸᠨ ᠰᠠᠷᠠᠨ᠎ᠠ᠂ ᠬᠢᠲᠠᠳ ᠮᠣᠩᠭᠣᠯ ᠡᠮ ᠡᠮᠨᠡᠯᠭᠡ᠎ᠶᠢᠨ ᠦᠢᠯᠡᠰ᠎ᠦᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠤᠯᠠᠮᠵᠢᠯᠠᠨ ᠬᠥᠭᠵᠢᠭᠦᠯᠵᠦ᠂ ᠣᠯᠠᠨ ᠲᠦᠮᠡᠨ᠎ᠦ ᠡᠪᠡᠳᠴᠢᠨ ᠦᠵᠡᠭᠦᠯᠵᠦ ᠡᠮᠨᠡᠭᠦᠯᠬᠦ ᠲᠦᠪᠡᠭᠳᠡᠯ᠎ᠢ ᠦᠨᠡᠨ ᠬᠦ᠌ ᠰᠢᠢᠳᠪᠦᠷᠢᠯᠡᠵᠦ᠂ ᠡᠮᠨᠡᠯᠭᠡ᠎ᠶᠢᠨ ᠬᠣᠷᠢᠶ᠎ᠠ ᠪᠠᠨ ᠴᠢᠳᠠᠮᠵᠢ ᠨᠢ ᠪᠦᠷᠢᠨ ᠭᠦᠢᠴᠡᠳ᠂ ᠣᠨᠴᠠᠯᠢᠭ᠋ ᠨᠢ ᠢᠯᠡ ᠲᠣᠳᠣ᠌᠂ ᠮᠡᠷᠭᠡᠵᠢᠯ ᠨᠢ ᠨᠠᠷᠢᠯᠢᠭ᠋᠂ ᠦᠢᠯᠡᠴᠢᠯᠡᠭᠡ ᠨᠢ ᠪᠣᠳᠠᠲᠠᠢᠵᠢᠭ᠍ᠰᠠᠨ ᠣᠳᠣᠬᠢᠴᠢᠯᠠᠭᠰᠠᠨ ᠡᠮᠴᠢᠯᠡᠭᠡᠨ᠎ᠦ ᠪᠠᠢᠭᠤᠯᠤᠮᠵᠢ ᠪᠣᠯᠭᠠᠨ ᠪᠦᠲᠦᠭᠡᠨ ᠪᠠᠢᠭᠤᠯᠵᠤ᠂ ᠨᠠᠩ ᠣᠯᠠᠨ ᠡᠪᠡᠳᠴᠢᠲᠡᠨ᠎ᠳᠦ 《ᠭᠡᠷ᠎ᠦᠨ ᠡᠭᠦᠳᠡᠨ》ᠳ᠋ᠡᠭᠡᠨ ᠴᠢᠨᠠᠷ ᠰᠠᠢᠲᠠᠢ᠂ ᠥᠨᠳᠥᠷ ᠪᠦᠲᠦᠮᠵᠢᠲᠡᠶ᠂ ᠣᠯᠠᠨ ᠡᠰᠢᠲᠦ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠦᠢᠯᠡᠴᠢᠯᠡᠭᠡ ᠬᠦᠷᠲᠡᠭᠡᠬᠦ ᠬᠡᠷᠡᠭᠲᠡᠢ ᠭᠡᠵᠦ ᠬᠡᠯᠡᠪᠡ᠃
ᠪᠦᠭᠦᠳᠡ ᠬᠤᠷᠠᠯ᠎ᠡᠴᠡ᠂ ᠥᠭᠡᠷᠡᠴᠢᠯᠡᠯᠲᠡ ᠨᠢ ᠮᠥᠨ ᠴᠢᠨᠠᠷ ᠳᠡᠭᠡᠷ᠎ᠡ᠎ᠪᠡᠨ ᠪᠤᠯ ᠰᠢᠨ᠎ᠡ᠎ᠶᠢ ᠡᠭᠦᠳᠴᠦ ᠡᠭᠦᠳᠦᠨ ᠪᠦᠲᠦᠭᠡᠬᠦ ᠶᠠᠪᠤᠳᠠᠯ ᠮᠥᠨ᠂ ᠡᠷᠬᠡᠪᠰᠢ ᠲᠦᠭᠵᠢᠮᠡᠯ ᠬᠡᠪᠰᠢᠮᠡᠯ ᠦᠵᠡᠯᠲᠡ᠎ᠶᠢ ᠲᠦᠷᠭᠡᠨ ᠬᠤᠪᠢᠷᠠᠭᠤᠯᠵᠤ᠂ ᠳᠦᠷᠢᠮ ᠭᠣᠷᠢᠮ᠎ᠡᠴᠡ ᠦᠰᠦᠷᠦᠨ ᠭᠠᠷᠴᠤ ᠵᠣᠷᠢᠭ᠍ᠲᠠᠢ ᠲᠤᠷᠰᠢᠵᠤ᠂ ᠵᠣᠷᠢᠭ᠍ᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠬᠥᠬᠡᠬᠣᠲᠠ᠎ᠶᠢᠨ ᠣᠲᠣ᠌ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠤᠷᠭᠠᠭᠤᠯᠢ᠎ᠶᠢᠨ ᠳᠡᠳ᠋ ᠵᠠᠬᠢᠷᠤᠯ ᠬᠠᠨ ᠵᠢᠶᠠ ᠲᠦᠩ᠂ ᠪᠥᠬᠥᠳᠡ ᠬᠤᠷᠠᠯ᠎ᠡᠴᠡ ᠭᠠᠷᠭᠠᠭᠰᠠᠨ ᠠᠯᠢ ᠣᠯᠠᠨ ᠰᠢᠨ᠎ᠡ ᠪᠠᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠨᠢ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ《ᠪᠦᠰᠡᠯᠡᠯᠲᠡ᠎ᠶᠢ ᠰᠢᠪᠲᠤᠯᠬᠤ》 ᠢᠨᠵᠧᠨᠧᠷᠢᠩ ᠪᠠ《ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠶᠢᠨ ᠴᠢᠬᠤᠯᠠ ᠴᠢᠨᠠᠷ᠎ᠢ ᠨᠠᠩ ᠭᠦᠨᠵᠡᠭᠡᠢ ᠲᠠᠨᠢᠭᠤᠯᠤᠭᠰᠠᠨ ᠪᠠᠢᠨ᠎ᠠ ᠭᠡᠵᠦ ᠢᠯᠡᠳᠭᠡᠪᠡ᠃ 《ᠡᠨᠡ ᠪᠣᠯ ᠥᠪᠥᠷ ᠮᠣᠩᠭᠣᠯ᠎ᠤᠨ ᠬᠢᠨ ᠬᠥᠭᠡᠭᠡᠵᠦ ᠭᠦᠢᠴᠡᠬᠦ᠂ ᠮᠤᠷᠤᠢ ᠵᠠᠮ᠎ᠢᠶᠠᠷ ᠲᠡᠷᠭᠡ ᠳᠠᠪᠠᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠪᠦᠬᠦ ᠲᠠᠯ᠎ᠠ᠎ᠶᠢᠨ ᠰᠢᠨ᠎ᠡ᠎ᠶᠢ ᠡᠭᠦᠳᠬᠦ᠎ᠶᠢ ᠳᠠᠢᠴᠢᠯᠠᠬᠤ ᠰᠢᠢᠳᠪᠦᠷᠢᠲᠦ ᠠᠷᠭ᠎ᠠ ᠵᠠᠮ ᠪᠣᠯᠣᠨ᠎ᠠ᠃ ᠪᠢ ᠪᠦᠬᠦ ᠬᠦᠴᠦᠨ᠎ᠢᠶᠡᠷ᠎ᠢᠶᠡᠨ ᠴᠢᠷᠮᠠᠢᠵᠤ ᠪᠠᠢᠭᠠᠳ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 〈ᠪᠦᠰᠡᠯᠡᠯᠲᠡ᠎ᠶᠢ ᠰᠢᠪᠲᠤᠯᠬᠤ〉 ᠢᠨᠵᠧᠨᠧᠷᠢᠩ᠎ᠦᠨ ᠰᠢᠨ᠎ᠡ ᠵᠠᠮ᠎ᠢ᠋ ᠨᠡᠭᠡᠭᠡᠨ᠎ᠡ》 ᠭᠡᠵᠦ ᠬᠠᠨ ᠵᠢᠶᠠ ᠲᠦᠩ ᠬᠡᠯᠡᠪᠡ᠃
ᠮᠢᠩ ᠶᠠᠩ ᠪᠦᠯᠦᠭᠯᠡᠯ᠎ᠦᠨ ᠨᠠᠮ᠎ᠤᠨ ᠬᠣᠷᠢᠶᠠᠨ᠎ᠤ ᠭᠡᠰᠢᠭᠦᠨ᠂ ᠳᠡᠭᠡᠳᠦ ᠵᠡᠷᠭᠡ᠎ᠶᠢᠨ ᠳᠡᠳ᠋ ᠶᠡᠷᠦᠩᠬᠡᠢ ᠵᠠᠬᠢᠷᠤᠭ᠍ᠴᠢ᠂ ᠮᠢᠩ ᠶᠠᠩ᠎ᠤᠨ ᠬᠠᠭᠤᠷᠠᠢ ᠳᠡᠭᠡᠷᠡᠬᠢ ᠲᠣᠨᠣᠭᠯᠠᠯ᠎ᠤᠨ ᠶᠡᠷᠦᠩᠬᠡᠢ ᠬᠡᠯᠲᠡᠰ᠎ᠦᠨ ᠪᠦᠯᠦᠭᠯᠡᠯ᠎ᠦᠨ ᠳᠡᠳ᠋ ᠬᠡᠷᠡᠭ ᠮᠡᠳᠡᠭᠴᠢᠳ᠎ᠦᠨ ᠳᠠᠷᠤᠭ᠎ᠠ ᠪᠥᠭᠡᠳ ᠶᠡᠷᠦᠩᠬᠡᠢ ᠵᠠᠬᠢᠷᠤᠭ᠍ᠴᠢ ᠵᠠᠩ ᠵᠦᠩ ᠬᠠᠢ᠄ 《ᠮᠢᠩ ᠶᠠᠩ ᠪᠦᠯᠦᠭᠯᠡᠯ ᠨᠢ ᠥᠪᠥᠷ ᠮᠣᠩᠭᠣᠯ᠎ᠤᠨ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ ᠦᠢᠯᠡᠳᠬᠦ ᠠᠵᠤ ᠦᠢᠯᠡᠰ᠎ᠦᠨ ᠬᠡᠯᠬᠢᠶ᠎ᠡ᠎ᠶᠢᠨ 〈ᠬᠡᠯᠬᠢᠶᠡᠨ᠎ᠦ ᠭᠣᠣᠯ〉 ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ ᠨᠢᠭᠡᠨᠲᠡ ᠬᠠᠭᠤᠷᠠᠢ ᠳᠡᠭᠡᠷᠡᠬᠢ ᠰᠢᠨ᠎ᠡ ᠡᠨᠧᠷᠭᠢ᠎ᠶᠢᠨ ᠲᠣᠨᠣᠭᠯᠠᠯ᠎ᠤᠨ ᠶᠡᠷᠦᠩᠬᠡᠢ ᠬᠡᠯᠲᠡᠰ᠎ᠢ ᠥᠪᠥᠷ ᠮᠣᠩᠭᠣᠯ ᠳ᠋ᠤ ᠪᠠᠢᠭᠤᠯᠬᠤ ᠪᠡᠷ ᠲᠤᠭᠳᠠᠵᠤ᠂ ᠠᠵᠤ ᠦᠢᠯᠡᠰ᠎ᠦᠨ ᠲᠥᠪ᠂ ᠰᠢᠨ᠎ᠡ᠎ᠶᠢ ᠡᠭᠦᠳᠬᠦ ᠰᠤᠳᠤᠯᠤᠨ ᠨᠡᠭᠡᠭᠡᠬᠦ ᠲᠥᠪ᠂ ᠦᠢᠯᠡᠳᠬᠦ ᠲᠥᠪ᠂ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠥᠪ ᠵᠡᠷᠭᠡ ᠵᠢ ᠴᠦᠮ ᠦᠪᠦᠷ ᠮᠤᠩᠭᠤᠯ ᠳ᠋ᠤ ᠪᠠᠢᠷᠢᠯᠠᠭᠤᠯᠤᠨ᠎ᠠ᠃ ᠪᠢᠳᠡ ᠠᠵᠤ ᠦᠢᠯᠡᠰ᠎ᠦᠨ ᠰᠢᠨ᠎ᠡ᠎ᠶᠢ ᠡᠭᠦᠳᠬᠦ ᠪᠠ ᠰᠤᠳᠤᠯᠤᠨ ᠨᠡᠭᠡᠭᠡᠬᠦ᠎ᠶᠢ ᠨᠢᠭᠡ ᠴᠣᠭᠴᠠᠵᠢᠭᠤᠯᠤᠨ ᠬᠥᠭᠵᠢᠭᠦᠯᠵᠦ᠂ ᠥᠪᠥᠷ ᠮᠣᠩᠭᠣᠯ᠎ᠤᠨ ᠲᠤᠬᠠᠢ᠎ᠶᠢᠨ ᠭᠠᠵᠠᠷ᠎ᠤᠨ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ᠎ᠤᠨ ᠠᠵᠤ ᠦᠢᠯᠡᠰ᠎ᠤᠨ ᠭᠡᠯᠬᠢᠶ᠎ᠠ ᠵᠢᠨ ᠡᠬᠢᠨ᠎ᠤ ᠪᠠ ᠡᠴᠦᠰ᠎ᠤᠨ ᠭᠡᠯᠬᠢᠶ᠎ᠠ᠎ᠵᠢᠨ ᠬᠠᠮᠲᠤ᠎ᠶᠢᠨ ᠬᠥᠭᠵᠢᠯᠲᠡ᠎ᠶᠢ ᠳᠠᠶ᠋ᠢᠴᠢᠯᠠᠵᠤ᠂ ᠰᠢᠨ᠎ᠡ ᠡᠨᠧᠷᠭᠢ᠎ᠶᠢᠨ ᠬᠦᠷᠢᠶᠡᠨ᠎ᠳᠦ〈ᠠᠵᠤ ᠦᠢᠯᠡᠳᠪᠦᠷᠢ᠎ᠶᠢᠨ ᠥᠪᠥᠷ ᠮᠣᠩᠭᠣᠯ〉 ᠢ᠋ ᠳᠠᠬᠢᠨ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃