ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-03 10:49:55

ᠵᠣᠬᠢᠶᠠᠭ᠍ᠴᠢ᠄ ​ ᠸᠠᠩ ᠬᠤᠤ ᠰᠦᠩ ᠱᠤᠸᠠᠩ ᠬᠤᠤ ᠵᠢᠶᠠ ᠯᠢ ᠶᠠᠩ ᠯᠢᠦ ᠱᠢᠤᠢ ᠵᠢᠩ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠺᠠᠳ᠋ᠷ ᠠᠵᠢᠯᠳᠠᠨ᠎ᠤ ᠳᠤᠮᠳᠠ ᠴᠢᠩᠭ᠎ᠠ ᠲᠤᠰᠭᠠᠯ ᠭᠠᠷᠪᠠ


ᠥᠭᠡᠷᠡᠴᠢᠯᠡᠯᠲᠡ ᠠᠤᠭ᠎ᠠ ᠶᠡᠬᠡ ᠬᠦᠴᠦᠨ ᠢ᠋ ᠬᠦᠭᠵᠢᠭᠡᠵᠦ᠂ ᠬᠥᠭ᠌ᠵᠢᠯᠲᠡ ᠰᠦᠷ ᠵᠢᠪᠬᠤᠯᠠᠩᠲᠤ ᠲᠦᠷᠰᠦ ᠪᠠᠢᠳᠠᠯ ᠢ᠋ ᠵᠢᠷᠤᠭᠯᠠᠨ᠎ᠠ᠃ 7 ᠰᠠᠷ᠎ᠠ᠎ᠶ᠋ᠢᠨ 29 ᠤ᠋ ᠡᠳᠦᠷ᠎ᠡᠴᠡ 31 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠶ᠋ᠮᠠᠳᠤᠭᠠᠷ ᠪᠥᠬᠥᠳᠡ ᠬᠤᠷᠠᠯ ᠠᠮᠵᠢᠯᠲᠠ᠎ᠲᠠᠶ ᠬᠤᠷᠠᠯᠳᠤᠪᠠ᠃ ᠪᠥᠬᠥᠳᠡ ᠬᠤᠷᠠᠯ᠎ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠳᠡᠭᠡᠷ᠎ᠡ ᠬᠠᠭᠠᠰ ᠵᠢᠯ᠎ᠦᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠨ ᠶᠠᠷᠢᠯᠴᠠᠵᠤ᠂ ᠳᠤᠤᠷ᠎ᠠ ᠬᠠᠭᠠᠰ ᠵᠢᠯ᠎ᠦᠨ ᠠᠵᠢᠯ᠎ᠢ ᠲᠣᠬᠢᠷᠠᠭᠤᠯᠤᠨ ᠪᠠᠢᠷᠢᠯᠠᠭᠤᠯᠵᠤ᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠠᠨᠠᠯ》 ᠢ᠋ ᠬᠢᠨᠠᠨ ᠵᠥᠪᠯᠡᠵᠦ᠍ ᠪᠠᠲᠤᠯᠠᠪᠠ᠃

ᠱᠢᠨ᠎ᠡ ᠪᠠᠢᠷᠢᠯᠠᠭᠤᠯᠤᠯᠲᠠ᠂ ᠱᠢᠨ᠎ᠡ ᠭᠠᠷᠤᠭ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠺᠠᠳ᠋ᠷ ᠠᠵᠢᠯᠳᠠᠨ᠎ᠤ ᠳᠤᠮᠳᠠ ᠬᠠᠯᠠᠭᠤᠨ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠬᠤᠷᠠᠯ᠎ᠤᠨ ᠵᠣᠷᠢᠭ ᠰᠠᠨᠠᠭ᠎ᠠ᠎ᠶ᠋ᠢ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠲᠠᠬᠢᠨ ᠱᠢᠨ᠎ᠡ ᠭᠠᠪᠢᠶ᠎ᠠ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠢ᠍ᠮᠠᠳᠤᠭᠠᠷ ᠪᠦᠬᠦᠳᠡ ᠬᠤᠷᠠᠯ᠎ᠡᠴᠡ ᠪᠢᠳᠡᠨ᠎ᠳᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠴᠤᠭ᠍ᠯᠠᠷᠠᠯ᠎ᠤᠨ ᠪᠦᠷᠢᠢ᠎ᠡ᠎ᠶ᠋ᠢ ᠳᠠᠬᠢᠨᠲᠠ ᠬᠠᠩᠭᠢᠨᠠᠭᠤᠯᠪᠠ᠂ ᠡᠨᠡ ᠨᠢ ᠨᠠᠮᠠᠶ᠋ᠢ ᠶᠡᠬᠡᠳᠡ ᠵᠣᠷᠢᠭ᠍ᠵᠢᠭᠤᠯᠤᠭ᠍ᠰᠠᠨ ᠪᠥᠭᠡᠳ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠢ ᠮᠡᠳᠡᠷᠡᠭᠦᠯᠵᠡᠢ》 ᠬᠡᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠦᠨ ᠤᠬᠠᠭᠤᠯᠭ᠎ᠠ ᠬᠥᠮᠦᠵᠢᠯ᠎ᠦᠨ ᠭᠠᠵᠠᠷ᠎ᠤᠨ ᠳᠠᠷᠤᠭ᠎ᠠ ᠶᠠᠩ ᠵᠢᠶ᠍ᠸ ᠬᠡᠯᠡᠵᠡᠢ ᠃ ᠲᠡᠬᠦᠨ ᠎ᠤ ᠬᠡᠯᠡᠬᠦ ᠪᠠᠷ ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠳᠤᠷ ᠰᠤᠷᠤᠯᠴᠠᠵᠤ᠂ ᠰᠠᠢᠳᠤᠷ ᠤᠬᠠᠭᠤᠯᠵᠤ᠂ ᠰᠠᠢᠲᠤᠷ ᠲᠤᠭᠤᠱᠢᠯᠠᠭᠤᠯᠬᠤ ᠵᠢ ᠨᠢᠭᠡᠳᠦᠮᠡᠯ ᠹᠷᠣᠨᠲ᠎ᠤᠨ ᠤᠬᠠᠭᠤᠯᠭ᠎ᠠ ᠬᠥᠮᠦᠵᠢᠯ᠎ᠦᠨ ᠠᠵᠢᠯ ᠤ᠋ᠨ ᠴᠢᠬᠤᠯᠠ ᠤᠯᠤᠰ ᠲᠦᠷᠦ ᠵᠢᠨ ᠵᠠᠰᠠᠭ ᠤ᠋ᠨ ᠶᠠᠪᠤᠳᠠᠯ ᠪᠣᠯᠭᠠᠵᠤ᠂ ᠬᠣᠢᠱᠢᠳᠠ᠎ᠶ᠋ᠢᠨ ᠨᠢᠭᠡᠳᠦᠮᠡᠯ ᠹᠷᠣᠨᠲ᠎ᠤᠨ ᠬᠥᠮᠦᠵᠢᠯ ᠪᠣᠯᠪᠠᠰᠤᠷᠠᠯ᠎ᠤᠨ 《ᠠᠩᠬᠠᠨ᠎ᠤ ᠬᠢᠴᠢᠶᠡᠯ》 ᠤ᠋ᠨ ᠲᠣᠭ᠍ᠲᠠᠴᠠ᠎ᠳᠤ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠶ᠋ᠮᠠᠳᠤᠭᠠᠷ ᠪᠥᠬᠥᠳᠡ ᠬᠤᠷᠠᠯ᠎ᠤᠨ ᠡᠯ᠎ᠡ ᠵᠦᠶ᠋ᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠢᠭᠡᠳᠦᠮᠡᠯ ᠹᠷᠣᠨᠲ᠎ᠤᠨ ᠦᠷᠭᠡᠨ ᠤᠯᠠᠨ ᠪᠦᠷᠢᠯᠳᠦᠬᠦᠨ ᠪᠠ ᠨᠢᠭᠡᠳᠦᠮᠡᠯ ᠹᠷᠣᠨᠲ᠎ᠤᠨ ᠺᠠᠳ᠋ᠷᠴᠤᠳ ᠤ᠋ᠨ ᠶᠡᠷᠦᠩᠬᠡᠢ ᠱᠦᠵᠢ ᠰᠢ ᠵᠢᠨ ᠫᠢᠩ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠢ ᠠᠯᠢ ᠤᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ᠎ᠶ᠋ᠢᠨ ᠣᠢᠯᠠᠭᠠᠯᠲᠠ ᠪᠠ ᠡᠵᠡᠮᠱᠢᠯ ᠢ᠋ ᠴᠢᠩᠭᠠᠳᠭᠠᠵᠤ᠂ ᠨᠢᠭᠡᠳᠦᠮᠡᠯ ᠹᠷᠣᠨᠲ᠎ᠤᠨ ᠪᠦᠷᠢᠯᠳᠦᠬᠦᠨ ᠪᠠ ᠨᠢᠭᠡᠳᠦᠮᠡᠯ ᠹᠷᠣᠨᠲ᠎ᠤᠨ ᠺᠠᠳ᠋ᠷ᠎ᠢ ᠬᠥᠲᠥᠯᠥᠨ ᠵᠢᠯᠣᠭᠣᠳᠴᠤ᠌ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠵᠦ᠂ ᠨᠢᠭᠡᠳᠦᠮᠡᠯ ᠹᠷᠣᠨᠲ᠎ᠤᠨ ᠡᠯ᠎ᠡ ᠬᠦᠷᠢᠶᠡᠨ᠎ᠦ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠢᠳᠡᠪᠬᠢᠵᠢᠯ᠂ ᠪᠦᠲᠦᠭᠡᠯᠴᠢ ᠴᠢᠨᠠᠷ᠎ᠢ ᠳᠠᠢᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠳ᠋ᠤ ᠢᠳᠡᠪᠬᠢᠲᠡᠢ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ ᠎ᠤᠨ ᠬᠢᠨ ᠬᠡᠯᠲᠡᠰ᠎ᠤᠨ ᠶᠠᠪᠤᠳᠠᠯ᠎ᠤᠨ(ᠥᠷᠭᠡᠳᠭᠡᠭ᠌ᠰᠡᠨ) ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠪᠠ᠃ ᠣᠯᠠᠨ᠎ᠢᠶᠠᠷ᠎ᠢᠶᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠭᠦᠨᠵᠡᠭᠡᠶ ᠰᠤᠷᠤᠯᠴᠠᠨ ᠣᠢᠯᠠᠭᠠᠵᠤ᠂ ᠲᠠᠰᠤᠷᠠᠯᠲᠠ ᠥᠬᠡᠶ ᠭᠦᠨᠵᠡᠭᠡᠶ ᠤᠢᠯᠠᠭᠠᠨ ᠡᠵᠡᠮᠱᠢᠵᠦ᠍᠂ ᠭᠦᠨᠵᠡᠭᠡᠶ ᠰᠤᠷᠤᠯᠴᠠᠨ ᠪᠣᠳᠠᠲᠠᠶ ᠬᠢᠬᠦ᠌᠎ᠶ᠋ᠢ ᠦᠨᠡᠨ ᠬᠦ᠌ ᠪᠡᠶᠡᠯᠡᠭᠦᠯᠦᠨ᠎ᠡ᠃ ᠲᠠᠷᠠᠭᠠᠴᠢ ᠪᠡᠷ᠂ ᠨᠡᠢᠭᠡᠮ᠎ᠦᠨ ᠠᠵᠢᠯ᠎ᠤᠨ ᠬᠡᠯᠲᠡᠰ᠎ᠦᠨ ᠪᠣᠳᠠᠲᠠᠢ ᠠᠵᠢᠯ᠎ᠲᠠᠶ ᠤᠶᠠᠯᠳᠤᠭᠤᠯᠵᠤ᠂ ᠠᠷᠠᠳ᠎ᠤᠨ ᠣᠶᠤᠨ ᠤᠬᠠᠭᠠᠨ᠎ᠢ ᠲᠥᠪᠯᠡᠷᠡᠭᠦᠯᠵᠦ᠍᠂ ᠠᠷᠠᠳ᠎ᠤᠨ ᠵᠣᠪᠠᠨᠢᠯ ᠠᠰᠠᠭᠤᠳᠠᠯ ᠢ᠋ ᠰᠢᠢᠳᠪᠦᠷᠢᠯᠡᠵᠦ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠪᠠ ᠴᠢᠳᠠᠪᠬᠢ ᠣᠯᠭᠣᠵᠤ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠵᠤ᠂ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠨᠠᠮ᠎ᠤᠨ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠳᠡᠬᠢ ᠤᠷᠢᠶᠠᠯᠠᠬᠤ ᠬᠦᠴᠦᠨ ᠨᠢᠭ᠍ᠲᠠᠷᠠᠭᠤᠯᠬᠤ ᠬᠦᠴᠦᠨ ᠨᠥᠯᠥᠭᠡᠯᠡᠬᠦ᠌ ᠬᠦᠴᠦᠨ᠎ᠢ ᠴᠢᠩᠭᠠᠳᠭᠠᠬᠤ ᠵᠢᠴᠢ ᠨᠡᠢᠭᠡᠮ᠎ᠦᠨ ᠠᠵᠢᠯ᠎ᠤᠨ ᠴᠢᠳᠠᠪᠤᠷᠢᠲᠠᠨ᠎ᠤ ᠡᠩᠨᠡᠭᠡ ᠪᠣᠯᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ ᠤ᠋ᠨ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠬᠢ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠵᠦ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠪᠠ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌ ᠣᠪᠣᠷ᠎ᠢᠶᠠᠷ᠂ ᠬᠦᠴᠢᠷ ᠪᠡᠷᠬᠡᠱᠢᠶᠡᠯ᠎ᠢ ᠳᠠᠭᠠᠭᠠᠵᠤ ᠱᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳ᠋ᠤ ᠤᠷᠤᠬᠤ ᠪᠡᠷ ᠴᠤᠴᠠᠰᠢ ᠦᠭᠡᠢ ᠤᠷᠤᠭ᠍ᠰᠢᠯᠠᠵᠤ᠂ ᠨᠡᠢᠭᠡᠮ᠎ᠦᠨ ᠠᠵᠢᠯ᠎ᠤᠨ ᠬᠦᠷᠢᠶᠡᠨ᠎ᠳᠡᠬᠢ ᠡᠯ᠎ᠡ ᠵᠦᠢᠯ᠎ᠦᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠦᠨᠡᠨ ᠪᠣᠳᠠᠲᠠᠶ ᠬᠢᠷᠢ ᠪᠦᠲᠦᠮᠵᠢ᠎ᠪᠡᠷ ᠳᠠᠩᠰᠠ ᠮᠡᠳᠡᠭᠦᠯᠵᠦ ᠰᠡᠳᠦᠪ ᠬᠠᠷᠢᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍ ᠲᠠᠰᠤᠷᠠᠯᠲᠠ ᠤᠢ᠍ᠭᠡᠢ ᠱᠢᠨ᠎ᠡ ᠦᠷ᠎ᠡ ᠪᠦᠲᠦᠭᠡᠯ ᠣᠯᠬᠤ᠎ᠳᠤ ᠨᠡᠢᠭᠡᠮ᠎ᠦᠨ ᠠᠵᠢᠯ᠎ᠤᠨ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ᠍ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠢ᠍ᠮᠠᠳᠤᠭᠠᠷ ᠪᠦᠬᠦᠳᠡ ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠂ ᠳᠣᠣᠷ᠎ᠠ ᠬᠠᠭᠠᠰ ᠵᠢᠯ᠎ᠳᠦ ᠨᠡᠩ ᠲᠤᠪᠤᠢ᠌ᠮ᠎ᠠ ᠰᠠᠢᠲᠤᠷ ᠠᠳᠭᠤᠵᠤ᠂ ᠥᠭᠡᠷᠡᠴᠢᠯᠡᠯᠲᠡ᠎ᠶ᠋ᠢ ᠡᠯ᠎ᠡ ᠵᠦᠢᠯ᠎ᠦᠨ ᠠᠵᠢᠯ᠎ᠳᠠᠭᠠᠨ ᠲᠤᠭᠤᠱᠢᠯᠠᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶᠠᠨ᠎ᠤ ᠥᠷᠭᠡᠨ ᠣᠯᠠᠨ ᠺᠠᠳ᠋ᠷ ᠴᠠᠭ᠍ᠳᠠᠭ᠎ᠠ᠂ ᠥᠭᠡᠷᠡᠴᠢᠯᠡᠯᠲᠡ ᠨᠡᠭᠡᠭᠡᠯᠳᠡ ᠪᠣᠯ ᠨᠠᠮ ᠪᠠ ᠠᠷᠠᠳ ᠲᠦᠮᠡᠨ᠎ᠦ ᠦᠢᠯᠡᠰ᠎ᠦᠨ ᠲᠤᠮᠤ ᠠᠯᠬᠤᠮ᠎ᠢᠶᠠᠷ ᠴᠠᠭ ᠦᠶ᠎ᠡ᠎ᠶ᠋ᠢ ᠬᠥᠭᠡᠭᠡᠵᠦ᠍ ᠭᠦᠢᠴᠡᠬᠦ᠌᠎ᠶ᠋ᠢᠨ ᠴᠢᠬᠤᠯᠠ ᠡᠷᠳᠡᠨᠢ ᠮᠥᠨ᠂ ᠱᠢᠭᠦᠬᠦ᠌ ᠬᠣᠷᠢᠶᠠᠨ᠎ᠤ ᠺᠠᠳ᠋ᠷ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ 《ᠬᠣᠶᠠᠷ᠎ᠢ ᠲᠣᠭ᠍ᠲᠠᠭᠠᠭᠰᠠᠨ》ᠤ᠋ ᠱᠢᠢᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》ᠶ᠋ᠢ ᠡᠷᠡᠰ ᠪᠡᠶᠡᠯᠡᠭᠦᠯᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ ᠨᠠᠢᠳᠠᠪᠤᠷᠢᠵᠢᠭᠤᠯᠬᠤ᠎ᠶ᠋ᠢ ᠬᠠᠤᠯᠢ ᠴᠠᠭᠠᠵᠠ᠎ᠶ᠋ᠢᠨ ᠱᠢᠭᠦᠨ ᠲᠠᠰᠤᠯᠤᠯᠳᠠ᠎ᠶ᠋ᠢᠨ ᠠᠵᠢᠯ᠎ᠳᠠᠭᠠᠨ ᠠᠭᠤᠰᠭᠠᠵᠤ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠦ᠂ ᠬᠠᠤᠯᠢ ᠴᠠᠭᠠᠵᠠ᠎ᠶ᠋ᠢᠨ ᠱᠢᠭᠦᠨ ᠲᠠᠰᠤᠯᠬᠤ ᠠᠵᠢᠯ᠎ᠤᠨ ᠪᠣᠳᠠᠲᠤ ᠪᠠᠶ᠋ᠳᠠᠯ᠎ᠳᠤ ᠰᠠᠭᠤᠷᠢᠯᠠᠵᠤ᠂ ᠴᠢᠳᠠᠮᠠᠭᠠᠶ᠎ᠪᠠᠷ ᠲᠤᠱᠢᠶᠠᠯ᠎ᠢᠶᠠᠨ ᠭᠦᠶ᠋ᠴᠡᠳᠭᠡᠵᠦ᠂ ᠬᠡᠷᠡᠭ ᠪᠣᠯᠭᠠᠨ᠎ᠢ ᠥᠨᠳᠥᠷ ᠪᠦᠲᠦᠮᠵᠢᠲᠡᠶ᠎ᠪᠡᠷ ᠰᠠᠢᠲᠤᠷ ᠬᠢᠵᠦ᠂ ᠱᠢᠨ᠎ᠡ ᠴᠠᠭ ᠦᠶ᠎ᠡ᠎ᠶ᠋ᠢᠨ ᠠᠷᠠᠳ ᠣᠯᠠᠨ᠎ᠤ ᠣᠯᠠᠨ ᠡᠱᠢᠲᠦ ᠬᠠᠤᠯᠢ ᠴᠠᠭᠠᠵᠠ᠎ᠵᠢᠨ ᠬᠡᠷᠡᠭ᠌ᠴᠡᠭᠡ᠎ᠳᠦ ᠢᠳᠡᠪᠬᠢᠲᠡᠶ ᠬᠠᠷᠢᠭᠤᠯᠲᠠ ᠥᠭᠴᠦ᠂ ᠬᠠᠤᠯᠢ ᠴᠠᠭᠠᠵᠠ᠎ᠶ᠋ᠢᠨ ᠬᠡᠷᠡᠭ ᠪᠣᠯᠭᠠᠨ᠎ᠡᠴᠡ ᠠᠷᠠᠳ ᠣᠯᠠᠨ᠎ᠳᠤ ᠲᠥᠪ ᠭᠤᠤᠯᠴᠢ ᠱᠢᠳᠤᠷᠭᠤ ᠶᠣᠰᠣ᠎ᠶ᠋ᠢ ᠮᠡᠳᠡᠷᠡᠭᠦᠯᠬᠦ᠌᠎ᠪᠡᠷ ᠴᠢᠷᠮᠠᠢᠨ᠂ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠥᠭᠡᠷᠡᠴᠢᠯᠡᠯᠲᠡ᠎ᠶ᠋ᠢᠨ ᠱᠠᠭᠠᠷᠳᠠᠯᠭ᠎ᠠ᠎ᠶ᠋ᠢ ᠬᠠᠤᠯᠢ ᠴᠠᠭᠠᠵᠠ᠎ᠶ᠋ᠢᠨ ᠱᠢᠭᠦᠨ ᠲᠠᠰᠤᠯᠬᠤ ᠠᠵᠢᠯ᠎ᠤᠨ ᠳᠤᠮᠳᠠ ᠣᠨᠣᠪᠴᠢᠲᠠᠶ ᠨᠠᠢᠳᠠᠪᠤᠷᠢᠵᠢᠭᠤᠯᠤᠨ᠎ᠠ ᠭᠡᠵᠦ ᠰᠠᠨᠠᠯ ᠨᠢᠭᠡᠲᠡᠶ ᠢᠯᠡᠳᠭᠡᠵᠡᠭᠡᠪᠡ᠃

《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ ᠥᠭᠡᠷᠡᠴᠢᠯᠡᠯᠲᠡ᠎ᠶ᠋ᠢᠨ ᠲᠤᠭ᠎ᠢ ᠥᠨᠳᠥᠷ ᠮᠠᠨᠳᠤᠭᠤᠯᠵᠤ᠂ ᠴᠠᠭ ᠦᠶ᠎ᠡ᠎ᠶ᠋ᠢᠨ ᠰᠡᠳᠦᠪ᠎ᠢ ᠬᠠᠷᠢᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠤᠷᠤᠭ᠍ᠰᠢᠯᠠᠯᠲᠠ᠎ᠶ᠋ᠢᠨ ᠪᠦᠷᠢᠢ᠎ᠡ᠎ᠶ᠋ᠢ ᠬᠠᠩᠭᠢᠨᠠᠭᠤᠯᠪᠠ᠂ ᠢᠯᠠᠩᠭᠤᠶ᠎ᠠ 〈ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ〉〈ᠪᠦᠬᠦ᠌ ᠲᠠᠯ᠎ᠠ᠎ᠪᠠᠷ ᠬᠠᠤᠯᠢ ᠶᠤᠰᠤ ᠪᠡᠷ ᠤᠯᠤᠰ᠎ᠢᠶᠠᠨ ᠵᠠᠰᠠᠬᠤ〉 ᠵᠡᠷᠭᠡ ᠵᠢᠷᠭᠤᠭᠠᠨ ᠵᠠᠷᠴᠢᠮ ᠨᠢ ᠮᠠᠨ᠎ᠤ ᠨᠠᠮ᠎ᠤᠨ ᠱᠢᠯᠢᠳᠡᠭ ᠤᠯᠠᠮᠵᠢᠯᠠᠯ ᠪᠣᠯᠤᠨ ᠢᠯᠡᠳᠲᠡ ᠳᠠᠪᠠᠭᠤᠯᠢᠭ᠎ᠢ ᠢᠯᠡᠷᠡᠭᠦᠯᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠱᠢᠨᠵᠢᠯᠡᠬᠦ᠌ ᠤᠬᠠᠭᠠᠨᠴᠢ ᠴᠢᠨᠠᠷ᠂ ᠤᠷᠢᠳᠴᠢᠯᠠᠨ ᠮᠡᠳᠡᠬᠦ᠌ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠴᠢᠩᠭᠠᠳᠭᠠᠬᠤ᠎ᠳᠤ ᠴᠢᠬᠤᠯᠠ ᠶᠡᠬᠡ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ》᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠲᠤᠰᠭᠠᠶ ᠲᠤᠱᠢᠶᠠᠯᠲᠤ ᠳᠡᠳ᠋ ᠱᠦᠵᠢ ᠱᠢᠤᠸᠠᠢ ᠵᠢᠶᠧ᠂ ᠪᠢᠳᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠢ᠍ᠮᠠᠳᠤᠭᠠᠷ ᠪᠦᠬᠦᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠬᠦ᠌ ᠲᠠᠯ᠎ᠠ᠎ᠪᠠᠷ ᠬᠠᠤᠯᠢ᠎ᠶᠤᠰᠤᠭᠠᠷ ᠣᠷᠣᠨ᠎ᠢᠶᠠᠨ ᠵᠠᠰᠠᠬᠤ ᠠᠵᠢᠯ᠎ᠳᠠᠬᠢ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯᠤᠨ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠠᠵᠢᠯ᠎ᠳᠠᠬᠢ ᠬᠠᠷᠢᠴᠠᠯᠠᠱᠢᠭᠦᠢ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠡᠯ᠎ᠡ ᠲᠠᠯ᠎ᠠ᠂ ᠪᠦᠬᠦ᠌ ᠶᠠᠪᠤᠴᠠ ᠳ᠋ᠤ᠌ ᠢᠯᠡᠷᠡᠭᠦᠯᠵᠦ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶ᠋ᠢ ᠳᠣᠪᠣᠢᠯᠭᠠᠨ᠂ ᠥᠭᠡᠷᠡᠴᠢᠯᠡᠯᠲᠡ ᠪᠡᠷ ᠴᠢᠳᠠᠪᠬᠢ ᠣᠯᠭᠣᠵᠤ᠂ ᠨᠠᠮ᠎ᠤᠨ ᠪᠠᠢᠭᠤᠯᠤᠯᠲᠠ ᠬᠢᠭᠡᠳ ᠲᠤᠬᠠᠢᠯᠠᠭ᠍ᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠤᠨ᠂ ᠤᠯᠤᠰ ᠲᠦᠷᠦ᠍᠎ᠶ᠋ᠢᠨ ᠪᠠᠢᠭᠤᠯᠤᠯᠲᠠ ᠬᠢᠭᠡᠳ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠵᠡᠷᠭᠡᠪᠡᠷ ᠬᠦᠴᠦᠯᠡᠨ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠴᠢᠨᠠᠷ ᠰᠠᠢᠲᠠᠶ ᠨᠠᠮ᠎ᠤᠨ ᠪᠠᠢᠭᠤᠯᠤᠯᠲᠠ᠎ᠪᠠᠷ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠺᠠᠳ᠋ᠷ ᠪᠠᠶ ᠶᠦᠨ ᠵᠢᠶᠦ᠋ᠨ᠂ ᠲᠣᠰ ᠲᠣᠪᠴᠢᠶ᠎ᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠪᠥᠬᠥ᠌ ᠨᠠᠮ᠎ᠤᠨ ᠭᠡᠱᠢᠭᠦᠨ ᠺᠠᠳ᠋ᠷᠴᠤᠳ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠭᠠᠷᠭᠠᠪᠠ᠃ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠂ 《 ᠭᠤᠷᠪᠠᠨ ᠬᠤᠷᠠᠯ ᠨᠢᠭᠡ ᠬᠢᠴᠢᠶᠡᠯ 》᠂ ᠭᠤᠤᠯ ᠰᠡᠳᠦᠪᠲᠦ ᠨᠠᠮ᠎ᠤᠨ ᠡᠳᠦᠷ ᠵᠡᠷᠭᠡ ᠬᠡᠯᠪᠡᠷᠢ᠎ᠵᠢ ᠠᠱᠢᠭ᠍ᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠶ ᠠᠯᠢ ᠣᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ ᠶ᠋ᠢ ᠭᠦᠨᠵᠡᠭᠡᠶ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠲᠣᠭᠠᠴᠢᠯᠠᠯᠲᠠ᠎ᠪᠠᠷ ᠳᠠᠮᠵᠢᠭᠤᠯᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠬᠥᠳᠡᠯᠭᠡᠬᠦ᠌ ᠴᠢᠳᠠᠪᠤᠷᠢ᠎ᠶ᠋ᠢᠨ ᠰᠣᠯᠢᠭ᠍ᠳᠠᠯ᠂ ᠵᠠᠰᠠᠭ᠎ᠤᠨ ᠣᠷᠳᠣᠨ᠎ᠤ ᠵᠠᠰᠠᠯᠲᠠ᠎ᠶ᠋ᠢᠨ ᠬᠤᠪᠢᠰᠤᠯᠲᠠ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠬᠤᠪᠢᠰᠤᠯᠲᠠ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠎ᠵᠢ ᠠᠬᠢᠭᠤᠯᠤᠨ᠂ ᠬᠠᠤᠯᠢ᠎ᠪᠠᠷ ᠵᠠᠰᠠᠬᠤ᠂ ᠵᠠᠬ᠎ᠠ ᠳᠡᠯᠭᠡᠭᠦᠷᠴᠢᠯᠡᠬᠦ᠌ ᠠᠷᠭ᠎ᠠ ᠪᠠᠷᠢᠯ᠎ᠢᠶᠠᠷ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠬᠦᠷᠢᠶ᠎ᠡ ᠴᠠᠷᠠᠭ᠎ᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠡᠢ ᠭᠡᠵᠦ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面