2024-08-04 11:48:42
— ᠮᠠᠨ᠎ᠤ ᠣᠷᠣᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠪᠤᠢ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠠᠰᠠᠭᠤᠳᠠᠯ᠎ᠢ ᠭᠦᠨᠵᠡᠭᠡᠢ ᠵᠠᠳᠠᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠵᠢᠨ ᠲᠣᠭᠣᠷᠢᠨ᠎ᠳᠤ ᠥᠭᠡᠷᠡᠴᠢᠯᠡᠯᠲᠡ ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠬᠦ᠌ ᠶᠡᠷᠦᠩᠬᠡᠢ ᠪᠠᠢᠷᠢᠯᠠᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ ᠪᠠᠷ ᠤᠬᠠᠭᠠᠯᠠᠨ ᠲᠥᠯᠥᠪᠯᠡᠵᠡᠢ᠃ ᠤᠢ᠍ᠢᠷ᠎ᠠ᠎ᠶ᠋ᠢᠨ ᠡᠳᠦᠷ᠎ᠦᠳ᠎ᠲᠦ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠪᠦᠬᠦᠳᠠ ᠬᠤᠷᠠᠯ᠎ᠤᠨ ᠵᠣᠷᠢᠭ ᠰᠠᠨᠠᠭ᠎ᠠ ᠲᠠᠶ ᠦᠨᠡᠨ ᠬᠦ᠌ ᠨᠢᠭᠡᠳᠭᠡᠵᠦ᠍᠂ ᠥᠭᠡᠷᠡᠴᠢᠯᠡᠯᠲᠡ ᠨᠡᠭᠡᠭᠡᠯᠳᠠ᠎ᠶ᠋ᠢᠨ ᠲᠤᠭ᠎ᠢ ᠥᠨᠳᠥᠷ ᠮᠠᠨᠳᠤᠭᠤᠯᠵᠤ᠂ ᠲᠡᠷᠢᠭᠦᠨ᠎ᠦ ᠬᠢ ᠪᠤᠯᠬᠤ ᠪᠡᠷ ᠲᠡᠮᠡᠴᠡᠬᠦ ᠤᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠣᠪᠣᠷ ᠪᠠᠢᠳᠠᠯ᠎ᠢᠶᠠᠷ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠥᠭᠡᠷᠡᠴᠢᠯᠡᠯᠲᠡ᠎ᠶ᠋ᠢ ᠠᠬᠢᠭᠤᠯᠵᠤ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ ᠬᠥᠭ᠌ᠵᠢᠯᠲᠡ᠎ᠶ᠋ᠢ ᠡᠷᠢᠯᠬᠢᠯᠡᠵᠦ᠍᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠨᠠᠮ᠎ᠤᠨ ᠬᠣᠷᠢᠶ᠎ᠠ (ᠥᠷᠭᠡᠳᠭᠡᠭ᠌ᠰᠡᠨ) ᠶ᠋ᠢᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠭᠤᠷᠪᠠᠳᠤᠭᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ ᠪᠥᠬᠥ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠦᠨ᠎ᠬᠢᠨ ᠦᠵᠡᠯ ᠰᠠᠨᠠᠭ᠎ᠠ ᠪᠣᠯᠤᠨ ᠦᠶ᠋ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠳᠠᠷᠤᠶ ᠲᠦᠷᠭᠡᠨ ᠨᠢᠭᠡᠳᠭᠡᠵᠦ᠍᠂ ᠪᠥᠬᠥᠳᠡ ᠬᠤᠷᠠᠯ᠎ᠡᠴᠡ ᠭᠠᠷᠭᠠᠭ᠍ᠰᠠᠨ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠬᠦᠷᠢᠶᠡᠯᠡᠵᠦ᠍᠂ ᠡᠷᠡᠰ ᠲᠤᠭᠤᠱᠢᠯᠠᠭᠤᠯᠵᠤ᠂ ᠪᠠᠷᠢᠮᠵᠢᠶᠠᠯᠠᠨ ᠬᠠᠷᠭᠤᠭᠤᠯᠵᠤ᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢᠨ ᠡᠯ᠎ᠡ ᠵᠦᠶ᠋ᠯ᠎ᠦᠨ ᠠᠵᠢᠯ᠎ᠢ ᠭᠦᠨᠵᠡᠭᠡᠶ ᠲᠥᠯᠥᠪᠯᠡᠨ ᠪᠣᠳᠠᠲᠠᠶ ᠠᠳᠭᠤᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠠᠤᠯᠢᠵᠢᠯ᠎ᠤᠨ ᠪᠠᠲᠤᠯᠠᠭ᠎ᠠ ᠬᠠᠩᠭᠠᠬᠤ ᠬᠡᠷᠡᠭ᠌ᠲᠡᠶ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ ᠠᠵᠢᠯ᠎ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠵᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠲᠠᠶ ᠤᠶᠠᠯᠳᠤᠭᠤᠯᠵᠤ᠂ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭ᠍ᠲᠠᠭᠠᠯ》᠎ᠢ᠋ ᠤᠤᠯ ᠬᠡᠪ᠎ᠢᠶᠡᠷ᠎ᠨᠢ ᠰᠤᠳᠤᠯᠤᠨ ᠤᠩᠱᠢᠵᠤ᠂ ᠲᠠᠰ ᠳᠠᠪᠬᠤᠷᠭ᠎ᠠ ᠬᠤᠪᠢᠶᠠᠭ᠍ᠰᠠᠨ᠂ ᠪᠦᠬᠦᠨ᠎ᠢ ᠬᠠᠮᠤᠷᠤᠭ᠍ᠰᠠᠨ ᠪᠥᠬᠥ᠌ ᠭᠡᠱᠢᠭᠦᠳ᠎ᠦᠨ ᠪᠣᠯᠪᠠᠰᠤᠷᠠᠯ᠎ᠢ ᠥᠷᠨᠢᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥᠢᠯᠡ ᠱᠢᠰᠲ᠋ᠧᠮ᠎ᠤᠨ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠤ᠂ ᠪᠣᠳᠠᠲᠠᠶ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ; ᠪᠠᠢᠴᠠᠭᠠᠨ ᠰᠤᠳᠤᠯᠤᠯᠲᠠ᠎ᠶ᠋ᠢ ᠭᠦᠨᠵᠡᠭᠡᠢ ᠥᠷᠨᠢᠭᠦᠯᠵᠦ᠍᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠦᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠪᠣᠳᠠᠲᠠᠢ ᠠᠷᠭ᠎ᠠ ᠬᠡᠮᠵᠢᠶ᠎ᠡ᠎ᠶ᠋ᠢ ᠰᠤᠳᠤᠯᠤᠨ ᠲᠣᠭ᠍ᠲᠠᠭᠠᠵᠤ᠂ ᠡᠯ᠎ᠡ ᠵᠦᠢᠯ᠎ᠦᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠣᠢᠷ᠎ᠠ᠎ᠶ᠋ᠢᠨ ᠡᠳᠦᠷ᠎ᠦᠳ᠎ᠲᠦ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠤ ᠲᠤᠮᠳᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠦᠷᠭᠦᠯᠵᠢᠯᠡᠨ ᠭᠠᠷᠪᠠ᠃ ᠪᠥᠬᠥᠳᠡ ᠬᠤᠷᠠᠯ᠎ᠡᠴᠡ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠠᠭᠤᠯᠭ᠎ᠠ᠎ᠶ᠋ᠢ ᠲᠤᠰᠭᠠᠢᠯᠠᠨ ᠪᠠᠢᠷᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠦᠨ ᠪᠠᠢᠭᠠᠯᠢᠡᠶᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ ᠮᠥᠨ ᠭᠡᠵᠦ᠍ ᠳᠤᠷᠠᠳᠴᠠᠶ᠂ ᠡᠨᠡ ᠨᠢ ᠥᠪᠥᠷ ᠮᠣᠩᠭᠣᠯ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ᠃ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠣᠶ ᠱᠢᠭᠤᠶ ᠨᠤᠳᠤᠭ ᠪᠡᠯᠴᠢᠭᠡᠷ᠎ᠦᠨ ᠭᠣᠣᠯᠳᠠᠯᠭ᠎ᠠ᠎ᠲᠠᠶ ᠠᠵᠢᠯ᠎ᠲᠠᠶ ᠤᠶᠠᠯᠳᠤᠭᠤᠯᠵᠤ᠂ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠨᠡᠪᠲᠡᠷᠡᠲᠡᠯ᠎ᠡ ᠣᠢᠯᠠᠭᠠᠵᠤ᠂ ᠪᠣᠳᠠᠲᠠᠢᠵᠢᠭᠤᠯᠤᠨ ᠬᠤᠪᠢᠷᠠᠭᠤᠯᠬᠤ ᠬᠡᠷᠡᠭ᠌ᠲᠡᠶ᠃ ᠲᠠᠷᠠᠭᠠᠴᠢ᠎ᠶ᠋ᠢᠨ ᠠᠯᠬᠤᠮ᠎ᠳᠤ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ ᠦᠷᠭᠦᠯᠵᠢᠯᠡᠨ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠍᠂ ᠴᠢᠩᠭ᠎ᠠ ᠬᠦᠴᠦᠲᠡᠢ ᠠᠴᠢ ᠡᠨᠡᠷᠢᠯ᠎ᠳᠤ ᠲᠠᠯᠠᠷᠬᠠᠬᠤ ᠰᠡᠳᠭᠢᠯᠭᠡ᠂ ᠡᠷᠡᠮᠡᠬᠡᠢᠯᠡᠨ ᠳᠠᠪᠱᠢᠬᠤ ᠵᠣᠷᠢᠭ᠎ᠢᠶᠠᠷ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠦᠴᠦᠨ᠎ᠢᠶᠡᠨ ᠲᠥᠪᠯᠡᠷᠡᠭᠦᠯᠦᠨ᠂ 《ᠭᠤᠷᠪᠠᠨ ᠤᠮᠠᠷᠠᠲᠤ》᠎ᠶ᠋ᠢᠨ ᠢᠨᠵᠧᠨᠧᠷᠢᠩ᠎ᠦᠨ ᠪᠤᠭᠤᠮᠲᠠ ᠰᠢᠪᠲᠤᠯᠬᠤ ᠳᠠᠢᠯᠠᠯᠳᠤᠭᠠᠨ ᠪᠣᠯᠤᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍ ᠢᠯᠠᠯᠲᠠ ᠵᠢ ᠲᠡᠮᠡᠴᠡᠨ ᠣᠯᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠬᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ᠎ᠢ ᠡᠮᠬᠢ ᠵᠢᠷᠤᠮ᠎ᠲᠠᠶ᠎ᠪᠠᠷ ᠠᠬᠢᠭᠤᠯᠵᠤ᠂ ᠤᠯᠤᠰ᠎ᠤᠨ ᠭᠠᠵᠠᠷ ᠱᠢᠷᠣᠶ᠎ᠶ᠋ᠢᠨ ᠨᠣᠭᠣᠭᠠᠷᠠᠭᠤᠯᠤᠯᠲᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠣᠶ ᠱᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠣᠶ ᠱᠢᠭᠤᠶ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠪᠦᠲᠦᠭᠡᠭ᠌ᠳᠡᠬᠦᠨ᠎ᠦ ᠥᠷᠲᠡᠭ᠎ᠦᠨ ᠪᠡᠶᠡᠯᠡᠭ᠌ᠳᠡᠯᠤᠨ ᠰᠢᠨ᠎ᠡ ᠵᠢ ᠡᠭᠦᠳᠴᠦ᠂ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠠᠵᠤ ᠠᠬᠤᠶ᠎ᠶ᠋ᠢᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠣᠶ ᠱᠢᠭᠤᠶ ᠨᠤᠲᠤᠭ ᠪᠡᠯᠴᠢᠭᠡᠷ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠤᠯᠠᠨ᠎ᠢᠶᠡᠷ᠎ᠢᠶᠡᠨ ᠰᠠᠨᠠᠯ ᠨᠢᠭᠡᠲᠡᠢ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠮᠥᠨ ᠴᠢᠨᠠᠷ ᠪᠣᠯᠤᠨ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠬᠦ᠌ ᠬᠡᠷᠡᠭ᠌ᠲᠡᠢ᠃ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭ᠍ᠲᠠᠭᠠᠯ》 ᠵᠢᠡᠷ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠪᠣᠯᠭᠠᠵᠤ᠂ ᠴᠢᠭ᠌ᠯᠡᠯ᠎ᠢ ᠲᠣᠭ᠍ᠲᠠᠭᠠᠨ᠂ ᠰᠡᠳᠭᠢᠮᠵᠢ᠎ᠶ᠋ᠢ ᠱᠢᠯᠤᠭᠤᠳᠭᠠᠵᠤ᠂ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠨ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠡᠮ ᠡᠮᠨᠡᠯᠭᠡ᠎ᠶ᠋ᠢᠨ ᠳᠠᠭᠠᠳᠭᠠᠯ᠎ᠤᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠵᠢ ᠠᠬᠢᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠦᠶ᠋ᠯᠡᠴᠢᠯᠡᠬᠦ᠌ ᠪᠠ ᠪᠠᠲᠤᠯᠠᠬᠤ ᠬᠦᠴᠦᠷᠬᠡᠭ ᠶᠡᠬᠡ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠶ᠃ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢ ᠪᠠᠲᠤᠯᠠᠬᠤ᠎ᠪᠠᠷ ᠭᠤᠤᠯ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠠᠵᠢᠯ᠎ᠤᠨ ᠭᠤᠤᠯ ᠱᠢᠵᠢᠮ ᠪᠣᠯᠭᠠᠵᠤ᠂ 《ᠤᠮᠠᠷᠠᠲᠤ ᠬᠢᠯᠢ᠎ᠶ᠋ᠢᠨ ᠵᠢᠱ᠌ᠢᠶᠡᠴᠢ ᠪᠠᠢᠭᠤᠯᠭ᠎ᠠ》᠎ᠶ᠋ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠭᠦᠨᠵᠡᠭᠡᠢᠷᠡᠭᠦᠯᠵᠦ᠍᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠶ ᠲᠤᠰᠭᠠᠢᠵᠢᠭ᠍ᠰᠠᠨ ᠡᠮ ᠡᠮᠨᠡᠯᠭᠡ᠎ᠶ᠋ᠢᠨ ᠳᠠᠭᠠᠳᠭᠠᠯ᠎ᠤᠨ ᠺᠠᠳ᠋ᠷ᠎ᠤᠨ ᠡᠩᠨᠡᠭᠡ᠎ᠶ᠋ᠢ ᠪᠠᠢᠭᠤᠯᠵᠤ᠂ ᠣᠯᠠᠨ ᠲᠠᠰ ᠳᠠᠪᠬᠤᠷᠭ᠎ᠠ᠎ᠶ᠋ᠢᠨ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠬᠦᠴᠦ᠍ ᠣᠷᠣᠭᠤᠯᠤᠨ ᠳᠠᠭᠠᠳᠭᠠᠯ᠎ᠳᠤ ᠣᠷᠣᠯᠴᠠᠬᠤ᠎ᠶ᠋ᠢ ᠠᠳᠭᠤᠵᠤ᠂ ᠲᠡᠷᠢᠭᠦᠨ ᠴᠢᠬᠤᠯᠠ ᠶᠠᠪᠤᠳᠠᠯ᠎ᠢ ᠠᠩᠬᠠᠷᠴᠤ ᠲᠥᠷᠥ᠎ᠶ᠋ᠢᠨ ᠪᠣᠳᠣᠯᠭ᠎ᠠ᠎ᠶ᠋ᠢ ᠠᠳᠭᠤᠵᠤ᠂ ᠦᠷᠭᠦᠯᠵᠢᠯᠡᠨ ᠪᠠᠢᠯᠳᠤᠵᠤ ᠬᠢᠨᠠᠯᠲᠠ ᠬᠠᠮᠢᠶᠠᠷᠤᠯᠲᠠ᠎ᠶ᠋ᠢ ᠠᠳᠭᠤᠵᠤ᠂ ᠪᠤᠲᠠᠲᠠᠢ᠎ᠳᠤ ᠨᠠᠢᠳᠠᠪᠤᠷᠢᠵᠢᠭᠤᠯᠤᠨ ᠤᠬᠠᠭᠤᠯᠭ᠎ᠠ᠎ᠶ᠋ᠢ ᠠᠳᠭᠤᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃