ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-05 10:32:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠮᠠᠨ᠎ᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ


ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠡᠮᠦᠨ᠎ᠡ ᠨᠢ ᠬᠤᠰᠢᠭᠤᠷᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠨᠠᠢᠳᠠᠪᠤᠷᠢᠵᠢᠭᠤᠯᠤᠯᠲᠠ ᠶ᠋ᠢ ᠠᠳᠭᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ ᠠᠮᠵᠢᠯᠲᠠ᠎ᠲᠠᠶ ᠬᠤᠷᠠᠯᠳᠤᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠲᠤᠬᠠᠢ ᠲᠤᠬᠢᠷᠠᠭᠤᠯᠤᠯᠳᠠ ᠪᠠᠢᠷᠢᠯᠠᠭᠤᠯᠤᠯᠲᠠ ᠬᠢᠵᠦ᠍᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ᠃ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠥᠭᠡᠷᠡᠴᠢᠯᠡᠯᠲᠡ᠎ᠶ᠋ᠢᠨ ᠲᠣᠭ᠎ᠢ ᠥᠨᠳᠥᠷ ᠮᠠᠨᠳᠤᠭᠤᠯᠤᠨ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠡᠷᠡᠮᠡᠬᠡᠢᠯᠡᠨ ᠤᠷᠤᠭ᠍ᠰᠢᠯᠠᠵᠤ᠂ ᠬᠠᠮᠲᠤ ᠪᠠᠷ ᠠᠵᠢᠯᠯᠠᠨ ᠬᠠᠮᠲᠤ᠎ᠪᠠᠷ ᠤᠷᠤᠭᠰᠢᠯᠠᠵᠤ ᠬᠠᠮᠲᠤ᠎ᠪᠠᠷ ᠡᠳ᠋ᠯᠡᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠤᠨ᠎ᠠ ᠭᠡᠵᠦ᠍ ᠣᠯᠠᠨ᠎ᠢᠶᠠᠷ᠎ᠢᠶᠠᠨ ᠰᠠᠨᠠᠯ ᠨᠢᠭᠡᠲᠡᠶ ᠢᠯᠡᠳᠭᠡᠵᠡᠭᠡᠪᠡ᠃

ᠥᠪᠥᠷ ᠮᠣᠩᠭᠣᠯ᠎ᠤᠨ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠎ᠦᠨ ᠶᠡᠷᠦᠩᠬᠡᠢ ᠳᠠᠭᠠᠭᠠᠮᠠᠯ᠎ᠤᠨ ᠲᠤᠰᠠᠯᠠᠭ᠍ᠴᠢ ᠵᠤᠤ ᠶᠣᠣ᠄ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠬᠤᠷᠠᠯᠳᠤᠭ᠍ᠰᠠᠨ ᠨᠢ ᠪᠢᠳᠡᠨ᠎ᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠪᠢᠳᠡ ᠬᠤᠷᠠᠯ᠎ᠤᠨ ᠵᠣᠷᠢᠭ ᠰᠠᠨᠠᠭᠠᠨ᠎ᠤ ᠲᠣᠭᠣᠷᠢᠨ᠎ᠳᠤ 〈ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭ᠌ᠯᠡᠬᠦ〉 ᠵᠢ ᠨᠢᠭᠡ ᠴᠤᠬ᠍ᠴᠠᠵᠢᠭᠤᠯᠤᠬ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠠᠭ᠍ᠪᠤᠷ᠎ᠢ ᠶᠡᠬᠡ᠎ᠪᠡᠷ ᠠᠬᠢᠭᠤᠯᠵᠤ᠂ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠳᠦ ᠠᠱᠢᠭ᠍ᠲᠠᠢ ᠦᠷ᠎ᠡ ᠪᠦᠲᠦᠭᠡᠯ᠎ᠢ ᠣᠨᠳᠣᠣᠱᠢᠭᠤᠯᠬᠤ ᠲᠣᠭ᠍ᠲᠠᠴᠠ᠎ᠶ᠋ᠢ ᠪᠠᠢᠭᠤᠯᠵᠤ᠂ 〈ᠰᠠᠭᠤᠷᠢ ᠰᠤᠳᠤᠯᠭᠠᠨ + ᠮᠡᠷᠭᠡᠵᠢᠯ᠎ᠦᠨ ᠪᠣᠭᠣᠮᠲᠠ ᠱᠢᠪᠲᠤᠯᠤᠯᠲᠠ + ᠦᠷ᠎ᠡ ᠪᠦᠲᠦᠭᠡᠯ᠎ᠢ ᠠᠵᠤ ᠦᠢᠯᠡᠰᠵᠢᠭᠦᠯᠬᠦ᠌ + ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠮᠥᠩᠭᠥᠨ ᠭᠦᠢᠯᠭᠡᠭᠡᠨ + ᠴᠢᠳᠠᠪᠤᠷᠢᠲᠠᠨ᠎ᠤ ᠲᠤᠯᠭᠠᠭᠤᠷᠢᠯᠠᠯ〉 ᠤ᠋ᠨ ᠰᠠᠢ᠌ᠨ ᠰᠠᠢᠬᠠᠨ ᠣᠷᠴᠢᠯ᠎ᠢ ᠪᠦᠷᠢᠯᠳᠦᠭᠦᠯᠦᠨ᠎ᠠ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠥᠭᠡᠷᠡᠴᠢᠯᠡᠯᠲᠡ᠎ᠶ᠋ᠢ ᠬᠥᠲᠥᠯᠥᠨ ᠳᠠᠭᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠱᠢᠪᠲᠤᠯᠤᠯᠲᠠ᠎ᠶ᠋ᠢᠨ ᠴᠡᠭ ᠪᠠ ᠵᠠᠩᠭᠢᠯᠠᠭ᠎ᠠ᠎ᠶ᠋ᠢᠨ ᠴᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠥᠬᠡᠶ ᠡᠭᠦᠳᠬᠦ᠌᠎ᠳᠦ ᠥᠭᠡᠷᠡᠴᠢᠯᠡᠯᠲᠡ᠎ᠶ᠋ᠢᠨ ᠬᠥᠳᠡᠯᠭᠡᠭᠴᠢ ᠬᠦᠴᠦᠨ ᠨᠡᠮᠡᠷᠢᠯᠡᠨ᠎ᠡ᠃ ᠵᠠᠬ᠎ᠠ ᠳᠡᠯᠭᠡᠭᠦᠷᠴᠢᠯᠡᠭ᠌ᠰᠡᠨ ᠡᠵᠡᠩᠨᠡᠯᠲᠡ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠥᠭᠡᠷᠡᠴᠢᠯᠡᠯᠲᠡ᠎ᠡᠴᠡ ᠬᠥᠳᠡᠯᠭᠡᠭᠴᠢ ᠬᠦᠴᠦᠨ᠂ ᠠᠮᠢᠵᠢᠷᠠᠯ᠎ᠤᠨ ᠬᠦᠴᠦᠨ᠂ ᠦᠷᠢᠰᠦᠯᠳᠦᠬᠦ᠌ ᠬᠦᠴᠦᠨ ᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠭᠡᠷᠡᠴᠢᠯᠡᠯᠲᠡ᠎ᠪᠡᠷ ᠳᠠᠮᠵᠢᠨ ᠳᠤᠲᠠᠭᠤᠳᠠᠯ ᠪᠠ ᠪᠠᠭᠤᠷᠠᠢ ᠲᠠᠯ᠎ᠠ᠎ᠪᠠᠨ ᠱᠢᠢᠳᠪᠦᠷᠢᠯᠡᠵᠦ᠍᠂ ᠠᠵᠤ ᠠᠬᠤᠢᠯᠠᠯ᠎ᠤᠨ ᠳᠣᠲᠣᠭᠠᠳᠤ ᠬᠥᠳᠡᠯᠭᠡᠭᠴᠢ ᠬᠦᠴᠦᠨ᠎ᠢ ᠬᠥᠭ᠌ᠵᠢᠭᠡᠨ᠎ᠡ》 ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ ᠡᠴᠡ ᠨᠠᠮ᠎ᠤᠨ ᠲᠥᠪ ᠬᠣᠷᠢᠶᠠᠨ᠎ᠤ 《ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ》 ᠲᠤᠬᠠᠢ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃ 《ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠪᠣᠯ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ᠎ᠶ᠋ᠢᠨ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠤᠨ᠎ᠠ᠃ ᠲᠠᠷᠠᠭᠠᠴᠢ ᠵᠢᠨ ᠠᠯᠬᠤᠮ ᠳ᠋ᠤ ᠨᠠᠶ᠋ᠮᠠᠨ ᠬᠣᠱᠢᠭᠤᠨ᠎ᠤ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠬᠤ᠎ᠶ᠋ᠢᠨ ᠬᠠᠮᠲᠤ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠷ᠎ᠡ ᠪᠦᠲᠦᠮᠵᠢ ᠲᠡᠶ ᠵᠠᠬ᠎ᠠ ᠳᠡᠯᠭᠡᠭᠦᠷ ᠪᠠ ᠦᠷ᠎ᠡ ᠪᠦᠳᠦᠮᠵᠢ ᠳᠠᠢ ᠵᠠᠰᠠᠭ᠎ᠤᠨ ᠣᠷᠳᠣᠨ᠎ᠤ ᠤᠶᠠᠯᠳᠤᠯ᠎ᠢ ᠠᠬᠢᠭᠤᠯᠬᠤ᠎ᠪᠠᠷ ᠴᠢᠷᠮᠠᠢᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠪᠥᠬᠥ᠌ ᠲᠠᠯ᠎ᠠ᠎ᠪᠠᠷ ᠬᠥᠭ᠌ᠵᠢᠭᠡᠵᠦ᠍᠂ ᠴᠢᠨᠠᠷ ᠰᠠᠢᠲᠠᠶ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠴᠣᠭ᠍ᠴᠠᠯᠠᠬᠤ᠎ᠳᠤ ᠬᠦᠴᠦᠨ ᠴᠢᠳᠠᠯ᠎ᠢ ᠨᠢᠭ᠍ᠲᠠᠷᠠᠭᠤᠯᠤᠨ᠎ᠠ》 ᠭᠡᠵᠦ᠍ ᠲᠦᠩᠯᠢᠶᠣᠤ ᠬᠣᠲᠠ᠎ᠶ᠋ᠢᠨ ᠨᠠᠶ᠋ᠮᠠᠨ ᠬᠣᠱᠢᠭᠤᠨ᠎ᠤ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠶᠠᠩ ᠱᠢᠤ ᠮᠢᠩ ᠬᠡᠯᠡᠪᠡ᠃

《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ ᠡᠴᠡ ᠥᠪᠥᠷ ᠮᠣᠩᠭᠣᠯ᠎ᠤᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠦᠢᠯᠡᠳᠦᠯᠭᠡ᠎ᠶ᠋ᠢᠨ ᠦᠷᠭᠦᠯᠵᠢᠯᠡᠯ᠎ᠢ ᠡᠬᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠥᠭᠡᠷᠡᠴᠢᠯᠡᠯᠲᠡ ᠨᠡᠬᠡᠬᠡᠯᠳᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠳᠠᠢ᠌ᠴᠢᠯᠠᠯᠳᠠ᠎ᠶ᠋ᠢᠨ ᠵᠠᠷᠯᠢᠭ᠎ᠢ ᠪᠠᠭᠤᠯᠭᠠᠪᠠ᠃ ᠵᠠᠯᠠᠢᠳ ᠬᠣᠱᠢᠭᠤᠨ᠎ᠤ ᠨᠠᠮ᠎ᠤᠨ ᠬᠣᠷᠢᠶ᠎ᠠ ᠥᠭᠡᠷᠡᠴᠢᠯᠡᠯᠲᠡ᠎ᠶ᠋ᠢᠨ ᠴᠢᠭ᠌ᠯᠡᠯ᠎ᠢᠶᠡᠨ ᠪᠠᠲᠤᠳᠭᠠᠵᠤ᠂ ᠣᠨ᠎ᠤ 6 ᠲᠠᠯ᠎ᠠ᠎ᠶ᠋ᠢᠨ 132 ᠵᠦᠶ᠋ᠯ᠎ᠦᠨ ᠪᠣᠳᠠᠲᠠᠶ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠠᠯᠤᠰ ᠬᠡᠲᠦ᠍᠎ᠶ᠋ᠢᠨ ᠬᠥᠭ᠌ᠵᠢᠯᠲᠡ᠎ᠳᠦ ᠬᠣᠯᠪᠣᠭ᠍ᠳᠠᠬᠤ ᠭᠤᠤᠯᠳᠠᠯᠭ᠎ᠠ ᠲᠠᠶ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠴᠢᠩᠭ᠎ᠠ ᠠᠩᠬᠠᠷᠴᠤ᠌᠂ ᠤᠰᠤᠨ ᠲᠤᠲᠤᠷᠭ᠎ᠠ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠂ ᠲᠠᠯ᠎ᠠ ᠨᠤᠲᠤᠭ᠎ᠤᠨ ᠮᠠᠯ ᠠᠵᠤ ᠠᠬᠤᠶ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠂ ᠪᠦᠬᠦᠢᠯᠡ ᠱᠢᠶᠠᠨ᠎ᠤ ᠱᠠᠲᠤᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠵᠢ ᠠᠬᠢᠭᠤᠯᠬᠤ᠂ ᠪᠥᠬᠥ᠌ ᠣᠷᠣᠨ ᠪᠦᠰᠡ᠎ᠶ᠋ᠢᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠂ ᠬᠥᠳᠡᠭᠡ ᠲᠣᠰᠭᠣᠨ᠎ᠤ〈ᠭᠤᠷᠪᠠ᠎ᠶ᠋ᠢ ᠬᠤᠪᠢᠷᠠᠭᠤᠯᠬᠤ ᠥᠭᠡᠷᠡᠴᠢᠯᠡᠯᠲᠡ〉᠂ ᠱᠢᠶᠠᠨ᠎ᠤ ᠬᠡᠪᠴᠢᠶᠡᠨ᠎ᠦ ᠡᠮᠴᠢᠯᠡᠭᠡᠨ᠎ᠦ ᠦᠢᠯᠡᠴᠢᠯᠡᠭᠡ᠎ᠶᠢᠨ ᠬᠠᠮᠲᠤ᠎ᠶ᠋ᠢᠨ ᠴᠣᠭ᠍ᠴᠠ᠎ᠶ᠋ᠢᠨ ᠪᠥᠲᠥᠭᠡᠨ ᠪᠠᠢᠭᠤᠯᠤᠯᠲᠠ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠨᠠᠩ ᠶᠡᠬᠡ ᠱᠢᠨ᠎ᠡ ᠦᠷ᠎ᠡ ᠪᠦᠲᠦᠮᠵᠢ ᠤᠯᠬᠤ᠎ᠪᠠᠷ ᠴᠢᠷᠮᠠᠢᠨ᠎ᠠ》 ᠭᠡᠵᠦ᠍ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠴᠢ ᠯᠢᠨ ᠢᠯᠡᠳᠭᠡᠪᠡ᠃

《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠪᠣᠳᠠᠲᠤ ᠴᠣᠭ᠍ᠴᠠ᠎ᠶ᠋ᠢᠨ ᠠᠵᠤ ᠠᠬᠤᠶ ᠪᠠ ᠲᠤᠭᠠᠴᠢᠯᠠᠬᠰᠠᠨ ᠠᠵᠤ ᠠᠬᠤᠶ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠵᠡᠷᠭᠡ ᠠᠵᠢᠯ᠎ᠳᠤ ᠱᠠᠭᠠᠷᠳᠠᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠡᠴᠡ ᠱᠢᠨ᠎ᠡ᠎ᠶ᠋ᠢ ᠡᠭᠦᠳᠬᠦ᠌ ᠨᠢ ᠡᠯ᠎ᠡ ᠲᠦᠷᠦᠯ᠎ᠦᠨ ᠲᠡᠷᠢᠭᠦᠨ᠎ᠦ ᠦᠢᠯᠡᠳᠪᠦᠷᠢᠯᠡᠯ᠎ᠦᠨ ᠡᠯᠧᠮᠧᠨ᠋ᠲ᠎ᠦᠨ ᠬᠥᠭ᠌ᠵᠢᠯᠲᠡ᠎ᠶ᠋ᠢᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠲᠡᠢᠰᠢ ᠲᠥᠪᠯᠡᠷᠡᠬᠦ᠌᠎ᠶ᠋ᠢ ᠠᠬᠢᠭᠤᠯᠤᠨ᠎ᠠ ᠭᠡᠵᠦ᠍ ᠳᠠᠬᠢᠨᠲᠠ ᠳᠤᠷᠠᠳᠴᠠᠢ᠂ ᠡᠨᠡ ᠨᠢ ᠮᠠᠨ᠎ᠤ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠲᠡᠶ ᠶᠠᠪ ᠴᠠᠪ ᠨᠡᠢᠴᠡᠵᠦ᠍᠂ ᠪᠢᠳᠠᠨ᠎ᠢ ᠢᠷᠡᠭᠡᠳᠦᠢ᠎ᠳ᠋ᠡᠬᠡᠨ ᠢᠲᠡᠭᠡᠯ ᠲᠡᠭᠦᠯᠳᠡᠷ ᠪᠤᠯᠭᠠᠭᠰᠠᠨ ᠪᠠᠢᠨ᠎ᠠ᠃ ᠲᠠᠷᠠᠭᠠᠴᠢ ᠪᠡᠷ ᠠᠵᠤ ᠠᠬᠤᠢᠯᠠᠯ ᠦᠷᠭᠦᠯᠵᠢᠯᠡᠨ ᠲᠣᠮᠣ ᠳ᠋ᠠᠢᠲ᠋ᠠ᠂ ᠡᠭᠦᠯᠡᠨ ᠪᠤᠳᠤᠯᠲᠠ᠂ ᠪᠠᠷᠠᠭ᠎ᠠ᠎ᠶ᠋ᠢᠨ ᠰᠦᠯᠵᠢᠶ᠎ᠡ ᠵᠡᠷᠭᠡ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠳᠦ ᠲᠦᠱᠢᠭ᠌ᠯᠡᠨ᠂ ᠦᠬᠠᠶ ᠬᠣᠲᠠ᠎ᠶ᠋ᠢᠨ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ᠎ᠲᠠᠶ ᠤᠶᠠᠯᠳᠤᠭᠤᠯᠤᠨ᠂ ᠲᠤᠭᠠᠴᠢᠯᠠᠬᠰᠠᠨ ᠠᠵᠤ ᠠᠬᠤᠶ᠎ᠶ᠋ᠢᠨ 〈ᠱᠢᠨ᠎ᠡ ᠬᠥᠳᠡᠯᠭᠡᠭᠦᠷ〉 ᠤ᠋ᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠡᠬᠢᠨ᠎ᠤ ᠪᠠ ᠡᠴᠦᠰ᠎ᠤᠨ ᠬᠡᠯᠬᠢᠶᠡᠨ᠎ᠤ ᠳᠤᠮᠳᠠ ᠪᠠᠭ᠎ᠠ ᠠᠵᠤ ᠠᠬᠤᠢᠯᠠᠯ᠎ᠤᠨ ᠲᠤᠭᠠᠴᠢᠯᠠᠬᠰᠠᠨ ᠬᠡᠷᠡᠭ᠌ᠯᠡᠭᠡᠨ᠎ᠦ ᠠᠬᠤᠶ ᠪᠠᠢᠳᠠᠯ ᠪᠠ ᠠᠵᠤ ᠦᠶ᠋ᠯᠡᠰ᠎ᠦᠨ ᠠᠮᠢ ᠠᠬᠤᠶ᠎ᠳᠤ ᠠᠭᠤᠰᠤᠯᠴᠠᠬᠤ᠎ᠶ᠋ᠢ ᠳᠠᠢᠴᠢᠯᠠᠵᠤ᠂ ᠤᠯᠠᠮᠵᠢᠯᠠᠯᠲᠤ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠦᠬᠦᠯᠢ ᠴᠣᠭ᠍ᠴᠠ᠎ᠶ᠋ᠢᠨ ᠦᠷ᠎ᠡ ᠪᠦᠲᠦᠮᠵᠢ ᠪᠠ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠦᠨ᠎ᠡ》 ᠭᠡᠵᠦ ᠥᠪᠥᠷ ᠮᠣᠩᠭᠣᠯ᠎ᠤᠨ ᠹᠸᠢ ᠱ᠌ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠴᠢᠦ ᠬᠤᠤ ᠢᠯᠡᠳᠭᠡᠪᠡ᠃

ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤᠨ᠎ᠤ ᠵᠢᠷᠠᠲᠠᠢ ᠪᠠᠯᠭᠠᠰᠤᠨ᠎ᠤ ᠱᠢᠷ᠎ᠠ ᠪᠦᠷᠢᠳᠦ ᠭᠠᠴᠠᠭᠠᠨ᠎ᠤ ᠮᠠᠯᠴᠢᠨ ᠪᠠᠳᠤᠪᠦ᠋ᠬᠡ᠎ᠵᠢᠨ ᠬᠢᠨ ᠤᠢ᠍ᠢᠷ᠎ᠠ᠎ᠶ᠋ᠢᠨ ᠵᠢᠯ᠎ᠡᠴᠡ ᠨᠠᠭᠠᠰᠢᠬᠢ ᠵᠠᠰᠠᠭ᠎ᠤᠨ ᠣᠷᠳᠣᠨ᠎ᠤ ᠲᠡᠮᠡᠭᠡᠨ᠎ᠦ ᠠᠵᠤ ᠦᠢᠯᠡᠰ᠎ᠢ ᠬᠥᠭ᠌ᠵᠢᠭᠦᠯᠬᠦ᠌ ᠰᠠᠢ᠌ᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠳᠣᠣᠷ᠎ᠠ ᠱᠢᠨᠵᠢᠯᠡᠬᠦ᠌ ᠤᠬᠠᠭᠠᠨᠴᠢ ᠪᠠᠷ ᠲᠡᠮᠡᠭᠡ ᠲᠡᠵᠢᠭᠡᠨ ᠦᠷᠡᠵᠢᠭᠦᠯᠬᠦ᠌᠎ᠪᠡᠷ ᠳᠠᠮᠵᠢᠨ ᠲᠡᠮᠡᠭᠡᠨ᠎ᠦ ᠠᠵᠤ ᠦᠢᠯᠡᠰ᠎ᠢ ᠬᠥᠭ᠌ᠵᠢᠭᠦᠯᠵᠦ᠍᠂ ᠠᠮᠢᠳᠤᠷᠠᠯ ᠨᠢ ᠰᠠᠢᠵᠢᠷᠠᠵᠤ᠂ ᠵᠢᠯ ᠪᠦᠷᠢ ᠢᠩᠭᠡ ᠰᠠᠭᠠᠵᠤ᠂ ᠲᠡᠮᠡᠭᠡᠨ᠎ᠤ ᠨᠣᠣᠰᠣ ᠬᠤᠳᠠᠯᠳᠤᠭᠠᠳ ᠪᠠᠭ᠎ᠠ ᠪᠤᠰᠤ ᠣᠷᠣᠯᠭ᠎ᠠ ᠤᠯᠵᠤ ᠪᠠᠢᠨ᠎ᠠ᠃ ᠪᠠᠲᠤᠪᠦ᠋ᠬᠡ᠄ 《ᠣᠳᠣᠬᠠᠨ᠎ᠳᠤ ᠮᠠᠨᠠᠢᠬᠢᠨ 112 ᠲᠡᠮᠡᠭᠡ᠎ᠲᠡᠶ᠂ ᠡᠭᠦᠨ᠎ᠳᠦ 45 ᠰᠠᠭᠠᠯᠢ᠎ᠵᠢᠨ ᠢᠩᠭᠡ᠎ᠪᠠᠢᠵᠤ᠂ ᠡᠳᠦᠷ ᠲᠤᠮᠳᠠᠴᠢ ᠪᠠᠷ 4000 ᠭᠠᠷᠤᠶ ᠲᠥᠭᠥᠷᠢᠭ᠎ᠦᠨ ᠢᠩᠭᠡᠨ ᠰᠦ ᠬᠤᠳᠠᠯᠳᠤᠳᠠᠭ᠂ ᠵᠢᠯ᠎ᠳᠦ 40 ᠭᠠᠷᠤᠶ ᠲᠦᠮᠡᠨ ᠲᠥᠭᠥᠷᠢᠭ᠎ᠦᠨ ᠣᠷᠣᠯᠭ᠎ᠠ᠎ᠲᠠᠶ᠂ ᠡᠢᠮᠦᠷᠬᠦᠦ ᠵᠢᠷᠭᠠᠯᠲᠤ ᠠᠮᠢᠳᠤᠷᠠᠯ᠎ᠨᠢ ᠴᠥᠮ ᠨᠠᠮ᠎ᠤᠨ ᠰᠠᠢᠨ ᠲᠥᠷᠥ᠎ᠶ᠋ᠢᠨ ᠪᠣᠳᠣᠯᠭ᠎ᠠ᠎ᠡᠴᠡ ᠢᠷᠡᠭᠰᠡᠨ ᠶᠤᠮ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ ᠬᠤᠢᠨ᠎ᠠ ᠬᠤᠢᠨ᠎ᠠ ᠡᠴᠡ ᠪᠠᠨ ᠬᠤᠷᠠᠯᠳᠤᠵᠤ᠂ ᠬᠥᠳᠡᠭᠡ ᠲᠣᠰᠭᠣᠨ᠎ᠤ ᠥᠭᠡᠷᠡᠴᠢᠯᠡᠯᠲᠡ᠎ᠶ᠋ᠢᠨ ᠠᠵᠢᠯ᠎ᠢ ᠭᠦᠨᠵᠡᠭᠡᠢᠷᠡᠭᠦᠯᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ᠃ ᠬᠣᠢᠱᠢᠳᠠ ᠪᠢ ᠲᠡᠵᠢᠭᠡᠨ ᠦᠷᠡᠵᠢᠭᠦᠯᠬᠦ᠌ ᠬᠡᠪᠴᠢᠶ᠎ᠡ᠎ᠪᠠᠨ ᠦᠷᠭᠦᠯᠵᠢᠯᠡᠨ ᠥᠷᠭᠡᠳᠭᠡᠵᠤ᠂ ᠲᠡᠵᠢᠭᠡᠵᠦ ᠪᠠᠢᠭ᠎ᠠ ᠰᠠᠭᠠᠯᠢ᠎ᠶ᠋ᠢᠨ ᠢᠩᠭᠡ᠎ᠶ᠋ᠢᠨ ᠲᠣᠭ᠎ᠠ ᠵᠢ 100 ᠳ᠋ᠥ᠍ ᠬᠦᠷᠭᠡᠵᠦ᠍᠂ ᠥᠪᠡᠷ᠎ᠢᠶᠡᠨ ᠲᠡᠮᠡᠭᠡ ᠲᠡᠵᠢᠭᠡᠵᠦ᠍ ᠪᠠᠶᠠᠵᠢᠬᠤ᠎ᠶ᠋ᠢᠨ ᠬᠠᠮᠲᠤ ᠱᠢᠨᠵᠢᠯᠡᠬᠦ᠌ ᠤᠬᠠᠭᠠᠨᠴᠢ᠎ᠪᠠᠷ ᠲᠡᠮᠡᠭᠡ ᠲᠡᠵᠢᠭᠡᠬᠦ᠌ ᠮᠡᠷᠭᠡᠵᠢᠯ᠎ᠢ ᠡᠷᠬᠢᠨ ᠲᠣᠭᠣᠷᠢᠨ᠎ᠤ ᠮᠠᠯᠵᠢᠬᠤ ᠡᠷᠦᠬᠡ᠎ᠳᠦ ᠤᠯᠠᠮᠵᠢᠯᠠᠵᠤ᠂ ᠣᠯᠠᠨ᠎ᠢ ᠳᠠᠢᠴᠢᠯᠠᠨ ᠬᠠᠮᠲᠤ᠎ᠪᠠᠷ ᠪᠠᠶᠠᠵᠢᠬᠤ᠎ᠪᠠᠷ ᠲᠥᠯᠥᠪᠯᠡᠵᠦ᠍ ᠪᠠᠢᠨ᠎ᠠ》 ᠭᠡᠪᠡ᠃

(ᠰᠤᠷᠪᠤᠯᠵᠢᠯᠠᠭ᠍ᠴᠢ ᠰᠦᠩ ᠠ ᠨᠠᠨ ᠱᠢᠤᠸᠠᠢ ᠢ ᠴᠢᠶᠦ᠋ᠨ ᠭᠤᠤ ᠮᠢᠨ ᠨᠠ ᠬᠤᠤ ᠪᠢᠶᠤᠤ ᠯᠢᠦ ᠬᠣᠩ ᠵᠠᠩ ᠱᠢᠤᠢ ᠶᠤᠸᠠᠢ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面