2024-08-06 10:04:05
— ᠮᠠᠨ᠎ᠤ ᠣᠷᠣᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠪᠤᠢ
ᠠᠶᠠᠨᠳᠠᠭᠠᠨ ᠮᠣᠷᠳᠠᠵᠤ᠂ ᠲᠠᠷᠪᠠᠭᠤᠯ ᠬᠡᠢᠰᠭᠡᠨ ᠡᠷᠡᠮᠡᠬᠡᠢᠯᠡᠨ ᠤᠷᠤᠭᠰᠢᠯᠠᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠵᠤ᠂ ᠤᠯᠠᠨ ᠲᠦᠮᠡᠨ᠎ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠬᠤ᠎ᠶ᠋ᠢᠨ ᠲᠥᠯᠥᠭᠡ ᠴᠢᠷᠮᠠᠢᠨ ᠲᠡᠮᠡᠴᠡᠵᠡᠬᠡᠶᠠ! ᠭᠡᠵᠦ᠍ ᠤᠷᠢᠶᠠᠯᠠᠪᠠ᠃ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ᠎ᠬᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠴᠠᠭ ᠲᠤᠬᠠᠢ ᠳ᠋ᠤᠨᠢ ᠭᠦᠨᠵᠡᠭᠡᠶ ᠰᠤᠷᠤᠯᠴᠠᠨ ᠣᠢᠯᠠᠭᠠᠵᠤ᠂ ᠰᠡᠳᠭᠢᠯ᠎ᠢᠶᠡᠨ ᠨᠢᠭᠳᠠᠷᠠᠭᠤᠯᠤᠨ ᠬᠦᠴᠦ᠍᠎ᠪᠡᠨ ᠲᠦᠪᠯᠡᠷᠡᠭᠦᠯᠵᠦ᠂ ᠡᠷᠴᠢ ᠵᠤᠷᠢᠭ ᠵᠢᠡᠨ ᠬᠦᠪᠴᠢᠯᠡᠨ ᠤᠷᠤᠭ᠍ᠰᠢᠯᠠᠵᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠬᠦᠴᠦᠨ᠎ᠢᠶᠡᠷ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠡᠢᠭᠡᠮ᠎ᠦᠨ ᠠᠵᠢᠯ᠎ᠤᠨ ᠬᠡᠯᠲᠡᠰ ᠬᠡᠯᠳᠡᠰ᠎ᠤᠨ ᠶᠠᠪᠤᠳᠠᠯ᠎ᠤᠨ (ᠥᠷᠭᠡᠳᠭᠡᠭ᠌ᠰᠡᠨ) ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶᠠᠨ ᠤ᠋ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠠᠵᠢᠯ᠎ᠤᠨ ᠱᠢᠰᠲ᠋ᠧᠮ᠎ᠦᠨ᠎ᠬᠢᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠬᠠᠷᠢᠭᠤᠴᠠᠯᠭᠠᠲᠤ ᠰᠡᠳᠭᠢᠯᠭᠡ ᠡᠭᠦᠷᠭᠡᠲᠦ ᠪᠣᠳᠣᠯ᠎ᠢᠶᠠᠨ ᠦᠨᠡᠨ ᠬᠦ᠌ ᠴᠢᠩᠭᠠᠳᠭᠠᠬᠤ ᠳᠡᠭᠡᠷ᠎ᠡ ᠬᠦᠴᠦ᠍ ᠲᠠᠯᠪᠢᠵᠤ᠂ ᠤᠬᠠᠮᠰᠠᠷ᠎ᠡᠴᠡ ᠪᠠᠨ ᠶᠡᠬᠡ ᠲᠠᠯ᠎ᠠ᠎ᠳᠤ ᠦᠶ᠋ᠯᠡᠴᠢᠯᠡᠵᠦ᠍᠂ ᠰᠠᠨᠠᠭᠠᠴᠢᠯᠠᠭ᠎ᠠ᠎ᠡᠴᠡ᠎ᠪᠠᠨ ᠪᠠᠷᠢᠮᠵᠢᠶᠠᠯᠠᠨ ᠬᠠᠷᠭᠤᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠢᠭᠡᠮ᠎ᠦᠨ ᠠᠵᠢᠯ᠎ᠤᠨ ᠡᠯ᠎ᠡ ᠲᠠᠯ᠎ᠠ᠎ᠳᠤ ᠦᠨᠡᠨ ᠬᠦ᠌ ᠲᠤᠭᠤᠱᠢᠯᠠᠭᠤᠯᠬᠤ ᠬᠡᠷᠡᠭ᠌ᠲᠡᠶ᠃ ᠥᠪᠥᠷ ᠮᠣᠩᠭᠣᠯ᠎ᠤᠨ ᠨᠡᠢᠭᠡᠮ᠎ᠦᠨ ᠠᠵᠢᠯ᠎ᠤᠨ ᠱᠢᠰᠲ᠋ᠧᠮ᠎ᠦᠨ ᠡᠯ᠎ᠡ ᠵᠦᠶ᠋ᠯ᠎ᠦᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠳᠡᠭᠡᠷ᠎ᠡ ᠬᠦᠴᠦ᠍ ᠲᠠᠯᠪᠢᠵᠤ᠂ ᠰᠠᠯᠠᠭ᠎ᠠ ᠮᠥᠴᠢᠷ᠎ᠦᠨ ᠡᠭᠦᠷᠭᠡ ᠴᠢᠳᠠᠮᠵᠢ ᠲᠤᠱᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠭᠤᠤᠯᠳᠠᠯᠭ᠎ᠠ᠎ᠲᠠᠶ ᠥᠭᠡᠷᠡᠴᠢᠯᠡᠯᠲᠡ᠎ᠶ᠋ᠢᠨ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠳᠦᠯᠭᠡ ᠵᠢᠨ ᠲᠠᠯ᠎ᠠ ᠪᠡᠷ ᠢᠳᠡᠪᠬᠢᠲᠡᠶ᠎ᠪᠡᠷ ᠱᠢᠨ᠎ᠡ᠎ᠶ᠋ᠢ ᠡᠭᠦᠳᠴᠤ᠂ ᠣᠯᠠᠨ ᠲᠦᠮᠡᠨ᠎ᠢ ᠵᠣᠬᠢᠶᠠᠨ ᠪᠠᠢᠭᠤᠯᠬᠤ ᠨᠢᠭᠳᠠᠷᠠᠭᠤᠯᠬᠤ ᠦᠶ᠋ᠯᠡᠴᠢᠯᠡᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤ ᠲᠠᠯ᠎ᠠ᠎ᠪᠠᠷ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠨᠠᠮ᠎ᠤᠨ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠳᠡᠬᠢ ᠤᠷᠢᠶᠠᠯᠠᠬᠤ ᠬᠦᠴᠦᠨ ᠨᠢᠭ᠍ᠲᠠᠷᠠᠭᠤᠯᠬᠤ ᠬᠦᠴᠦᠨ ᠨᠥᠯᠥᠭᠡᠯᠡᠬᠦ᠌ ᠬᠦᠴᠦᠨ᠎ᠢ ᠴᠢᠩᠭᠠᠳᠭᠠᠬᠤ ᠲᠠᠯ᠎ᠠ᠎ᠪᠠᠷ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠴᠤ᠂ ᠨᠡᠢᠭᠡᠮ᠎ᠦᠨ ᠠᠵᠢᠯ᠎ᠤᠨ ᠴᠢᠳᠠᠪᠤᠷᠢᠲᠠᠨ᠎ᠤ ᠡᠩᠨᠡᠭᠡ ᠪᠣᠯᠤᠨ ᠰᠠᠢᠨ ᠲᠤᠷᠠᠴᠤᠳ᠎ᠤᠨ ᠦᠢᠯᠡᠴᠢᠯᠡᠭᠡᠨ᠎ᠦ ᠱᠢᠰᠲᠸᠮ ᠤ᠋ᠨ ᠪᠠᠢᠭᠤᠯᠤᠯᠲᠠ᠎ᠶ᠋ᠢ ᠴᠢᠩᠭᠠᠳᠭᠠᠬᠤ ᠲᠠᠯ᠎ᠠ᠎ᠪᠠᠷ ᠢᠳᠡᠪᠬᠢᠲᠡᠶ ᠵᠢᠳᠬᠦᠯ ᠴᠢᠷᠮᠠᠢᠯᠭ᠎ᠠ ᠭᠠᠷᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ᠎ᠤ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠬᠦ᠌᠂ ᠪᠦᠬᠦ᠌ ᠵᠢᠯ᠎ᠦᠨ ᠡᠭᠦᠷᠭᠡ᠎ᠶ᠋ᠢᠨ ᠶᠠᠰᠤ ᠴᠢᠨᠠᠷ ᠦᠷ᠎ᠡ ᠠᠱᠢᠭ᠎ᠢ ᠬᠦᠴᠦᠯᠡᠨ ᠳᠡᠭᠡᠭ᠌ᠰᠢᠯᠡᠭᠦᠯᠬᠦ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠂ ᠱᠢᠨ᠎ᠡ ᠵᠠᠮ᠎ᠢ ᠨᠡᠭᠡᠭᠡᠵᠦ᠍ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠮᠥᠩᠭᠥᠨ ᠭᠦᠶ᠋ᠯᠭᠡᠭᠡᠨ᠎ᠦ ᠠᠵᠢᠯ᠎ᠤᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠮᠥᠩᠭᠥᠨ ᠭᠦᠶ᠋ᠯᠭᠡᠭᠡᠨ᠎ᠦ ᠠᠵᠢᠯ᠎ᠤᠨ ᠵᠥᠪᠯᠡᠯ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶᠠᠨ ᠤ᠋ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠤᠯᠠᠮᠵᠢᠯᠠᠨ ᠰᠤᠷᠤᠯᠴᠠᠬᠤ᠂ ᠤᠬᠠᠭᠤᠯᠤᠨ ᠲᠠᠢᠯᠪᠤᠷᠢᠯᠠᠬᠤ᠂ ᠤᠨᠤᠯ᠎ᠤᠨ ᠲᠠᠢᠯᠪᠤᠷᠢᠯᠠᠯᠲᠠ ᠬᠢᠬᠦ᠌ ᠵᠡᠷᠭᠡ ᠠᠵᠢᠯ᠎ᠢ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠰᠠᠢᠲᠤᠷ ᠠᠳᠭᠤᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠷᠢᠬᠢᠨ᠎ᠳᠠᠭᠠᠨ ᠬᠠᠳᠠᠩᠱᠢᠭᠤᠯᠵᠤ᠂ ᠦᠢᠯᠡᠳᠦᠯᠭᠡ᠎ᠪᠡᠨ ᠵᠢᠯᠤᠭᠤᠳᠤᠭᠤᠯᠬᠤ᠎ᠶ᠋ᠢ ᠠᠬᠢᠭᠤᠯᠤᠨ᠎ᠠ᠃ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠤᠢᠯᠠᠭᠠᠨ ᠡᠵᠡᠮᠱᠢᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠵᠢᠨ ᠭᠤᠤᠯ ᠰᠡᠳᠦᠪ᠂ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ᠎ᠶ᠋ᠢ ᠭᠦᠨᠵᠡᠭᠡᠶ ᠤᠢᠯᠠᠭᠠᠨ ᠡᠵᠡᠮᠱᠢᠵᠦ᠍᠂ ᠥᠪᠥᠷ ᠮᠣᠩᠭᠣᠯ᠎ᠤᠨ ᠮᠥᠩᠭᠥᠨ ᠭᠦᠶ᠋ᠯᠭᠡᠭᠡᠨ᠎ᠦ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠠᠯᠤᠰ ᠬᠡᠳᠦ ᠵᠢᠨ ᠴᠢᠨᠠᠷᠲᠠᠶ᠎ᠪᠠᠷ ᠲᠥᠰᠦᠪᠯᠡᠨ ᠰᠤᠳᠤᠯᠬᠤ᠎ᠶ᠋ᠢ ᠰᠠᠢᠲᠤᠷ ᠬᠢᠵᠦ᠍᠂ ᠮᠠᠨ᠎ᠤ ᠣᠷᠣᠨ᠎ᠤ ᠮᠥᠩᠭᠥᠨ ᠭᠦᠶ᠋ᠯᠭᠡᠭᠡᠨ᠎ᠦ ᠬᠦᠷᠢᠶᠡᠨ᠎ᠳᠡᠬᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ ᠪᠠᠷ ᠭᠦᠨᠵᠡᠭᠡᠢᠷᠡᠭᠦᠯᠬᠦ᠌ ᠠᠵᠢᠯ᠎ᠢ ᠢᠳᠡᠪᠬᠢᠲᠡᠶ ᠠᠬᠢᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠨ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠬᠰᠠᠨ》 ᠤ᠋ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ᠎ᠬᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠤᠢᠯᠠᠭᠠᠨ ᠡᠵᠡᠮᠱᠢᠵᠦ᠍᠂ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠳᠠᠲᠠᠶ ᠠᠷᠭ᠎ᠠ ᠬᠡᠮᠵᠢᠶ᠎ᠡ᠎ᠶ᠋ᠢ ᠲᠥᠯᠥᠪᠵᠢᠭᠦᠯᠦᠨ ᠲᠣᠭ᠍ᠲᠠᠭᠠᠬᠤ ᠬᠡᠷᠡᠭ᠌ᠲᠡᠶ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ ᠪᠠ ᠬᠢᠴᠢᠶᠡᠯ᠎ᠦᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠭᠤᠯᠭ᠎ᠠ᠎ᠳᠤ ᠣᠷᠣᠭᠤᠯᠵᠤ᠂ ᠺᠠᠳ᠋ᠷ ᠪᠠᠭ᠍ᠰᠢ᠎ᠶ᠋ᠢᠨ ᠪᠣᠯᠪᠠᠰᠤᠷᠠᠯ᠎ᠤᠨ ᠭᠤᠤᠯᠳᠠᠯᠭ᠎ᠠ᠎ᠲᠠᠶ ᠠᠭᠤᠯᠭ᠎ᠠ᠎ᠳᠤ ᠣᠷᠣᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠳᠦ ᠤᠬᠠᠭᠤᠯᠤᠨ ᠲᠠᠢᠯᠪᠤᠷᠢᠯᠠᠬᠤ ᠪᠠ ᠲᠣᠭᠣᠷᠢᠨ ᠲᠠᠢᠯᠪᠤᠷᠢᠯᠠᠬᠤ᠎ᠶ᠋ᠢ ᠲᠠᠰ ᠲᠥᠷᠥᠯ ᠬᠤᠪᠢᠶᠠᠨ ᠥᠷᠨᠢᠭᠦᠯᠵᠦ᠍᠂ ᠪᠥᠬᠥᠳᠡ ᠬᠤᠷᠠᠯ᠎ᠤᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠰᠤᠷᠭᠠᠨ ᠬᠥᠮᠦᠵᠢᠯ᠎ᠦᠨ ᠱᠢᠰᠲ᠋ᠧᠮ᠎ᠳᠦ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ᠃ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭ᠌ᠵᠢᠭᠦᠯᠬᠦ᠌ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠨᠠᠢᠷᠠᠭᠤᠯᠤᠨ ᠵᠣᠬᠢᠶᠠᠬᠤ᠎ᠳᠤ ᠠᠭᠤᠰᠭᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠵᠢᠷᠭᠤᠭᠠᠨ ᠢᠨᠵᠧᠨᠧᠷᠢᠩ》 ᠵᠡᠷᠭᠡ ᠡᠯ᠎ᠡ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠨ᠂ ᠶᠡᠭᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠲᠦᠯᠬᠢᠨ ᠠᠬᠢᠭᠤᠯᠵᠤ᠂ ᠪᠡᠶ᠎ᠡ᠎ᠪᠡᠨ ᠳᠠᠭᠠᠭᠠᠵᠤ ᠴᠢᠳᠠᠪᠤᠷᠢᠲᠠᠨ ᠬᠥᠮᠦᠵᠢᠭᠦᠯᠬᠦ᠌ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠰᠤᠷᠭᠠᠨ ᠬᠥᠮᠦᠵᠢᠯ᠎ᠦᠨ ᠬᠦᠷᠢᠶᠡᠨ᠎ᠦ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠦᠭ᠌ᠰᠡᠨ ᠪᠠᠢᠳᠠᠯ᠎ᠢ ᠨᠠᠷᠢᠨ ᠬᠢᠨᠠᠮᠠᠭᠠᠶ ᠳ᠋ᠦᠩᠨᠡᠨ ᠦᠨᠡᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠮᠦᠨᠡᠬᠢ ᠬᠤᠭᠤᠴᠠᠭᠠᠨ᠎ᠤ ᠲᠥᠰᠦᠪᠯᠡᠬᠦ᠌ ᠠᠵᠢᠯ᠎ᠢ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢᠨ ᠪᠥᠲᠥᠭᠡᠨ ᠪᠠᠢᠭᠤᠯᠤᠯᠲᠠ᠎ᠳᠤ ᠪᠠᠲᠤ ᠪᠠᠬᠢ ᠴᠢᠳᠠᠪᠤᠷᠢᠲᠠᠨ ᠪᠠ ᠣᠶᠤᠨ᠎ᠤ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃