ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-07 09:47:24

ᠵᠣᠬᠢᠶᠠᠭ᠍ᠴᠢ᠄ ᠹᠠᠩ ᠶᠤᠸᠠᠨ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠮᠠᠨ᠎ᠤ ᠣᠷᠣᠨ᠎ᠤ ᠠᠵᠤ ᠠᠬᠤᠢᠯᠠᠯ᠎ᠤᠨ ᠬᠢᠨ᠎ᠤ ᠡᠷᠡᠮᠡᠬᠡᠢᠯᠡᠨ ᠤᠷᠤᠭ᠍ᠰᠢᠯᠠᠬᠤ ᠡᠷᠴᠢ ᠵᠤᠷᠢᠭ᠎ᠢ ᠬᠦᠪᠴᠢᠯᠡᠪᠠ


ᠥᠭᠡᠷᠡᠴᠢᠯᠡᠯᠲᠡ᠎ᠶ᠋ᠢᠨ ᠤᠷᠤᠰᠭᠠᠯ ᠱᠢᠨ᠎ᠡ ᠠᠶᠠᠨ᠎ᠢ ᠡᠬᠢᠯᠡᠭᠦᠯᠵᠦ᠍᠂ ᠭᠦᠨᠵᠡᠭᠡᠢ ᠰᠤᠷᠤᠯᠴᠠᠨ ᠨᠠᠷᠢᠯᠢᠭ ᠣᠬᠠᠵᠤ ᠯᠠᠪᠳᠠᠭᠤᠨ ᠪᠠᠲᠤ ᠦᠢᠯᠡᠳᠦᠯᠭᠡᠵᠢᠬᠦᠯᠦᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠠᠴᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠦᠷᠢᠢ᠎ᠡ᠎ᠶ᠋ᠢ ᠳᠠᠬᠢᠨᠲᠠ ᠬᠠᠩᠭᠢᠨᠠᠭᠤᠯᠵᠤ᠂ ᠪᠦᠬᠦ᠌ ᠣᠷᠣᠨ᠎ᠤ ᠠᠵᠤ ᠠᠬᠤᠢᠯᠠᠯ᠎ᠤᠨ ᠳᠤᠮᠳᠠ ᠬᠠᠯᠠᠭᠤᠨ ᠲᠤᠰᠭᠠᠯ ᠭᠠᠷᠪᠠ᠃ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠡᠷᠡᠯᠬᠡᠭ᠌ᠯᠡᠨ ᠤᠷᠤᠭ᠍ᠰᠢᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌ ᠪᠡᠷ ᠥᠭᠡᠷᠡᠴᠢᠯᠡᠯᠲᠡ᠎ᠶ᠋ᠢᠨ ᠵᠢᠷᠤᠭ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠤᠯᠠᠨ᠎ᠢᠶᠠᠷ᠎ᠢᠶᠠᠨ ᠢᠯᠡᠳᠭᠡᠵᠡᠭᠡᠪᠡ᠃

《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ ᠵᠠᠯᠭᠠᠭ᠎ᠠ᠎ᠪᠠᠷ ᠬᠤᠷᠠᠯᠳᠤᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠳᠠᠪᠠᠯᠭᠠᠨ᠎ᠢ ᠵᠦᠰᠦᠨ ᠤᠷᠤᠭ᠍ᠰᠢᠯᠠᠬᠤ᠎ᠳᠤ ᠤᠷᠢᠳ ᠡᠮᠦᠨ᠎ᠡ ᠪᠠᠢᠭ᠎ᠠ ᠦᠭᠡᠢ ᠠᠮᠢᠵᠢᠷᠠᠯ᠎ᠤᠨ ᠬᠦᠴᠦᠨ ᠪᠣᠯᠤᠨ ᠠᠵᠠ ᠲᠣᠬᠢᠶᠠᠯ ᠣᠯᠭᠣᠪᠠ᠂ ᠡᠨᠡ ᠨᠢ ᠴᠢᠬᠤᠯᠠ ᠶᠡᠬᠡ ᠠᠴᠢ ᠬᠣᠯᠪᠣᠭ᠍ᠳᠠᠯ ᠲᠠᠶ᠂ ᠠᠯᠤᠰ ᠬᠡᠳᠤ᠎ᠶ᠋ᠢᠨ ᠨᠥᠯᠥᠭᠡ ᠲᠡᠶ ᠭᠡᠵᠦ᠍ ᠬᠡᠯᠡᠵᠦ᠍ ᠪᠣᠯᠤᠨ᠎ᠠ᠃ ᠪᠠᠷᠢᠯᠭ᠎ᠠ᠎ᠶ᠋ᠢᠨ ᠬᠦᠷᠢᠶᠡᠨ᠎ᠳᠡᠬᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ ᠪᠣᠯᠤᠭ᠍ᠰᠠᠨ᠎ᠤ ᠬᠤᠪᠢ᠎ᠳᠤ ᠪᠢ ᠰᠡᠳᠬᠢᠯ ᠳᠣᠭ᠍ᠳᠣᠯᠵᠤ ᠵᠣᠷᠢᠭ᠍ᠵᠢᠵᠤ᠂ ᠪᠠᠷᠢᠯᠭ᠎ᠠ ᠶ᠋ᠢᠨ ᠬᠦᠷᠢᠶᠡᠨ᠎ᠳᠡᠬᠢ ᠭᠦᠨᠵᠡᠭᠡᠢᠷᠡᠨ ᠬᠥᠭ᠌ᠵᠢᠬᠦ᠌ ᠢᠲᠡᠭᠡᠯ ᠵᠣᠷᠢᠭ᠎ᠢᠶᠠᠨ ᠨᠡᠩ ᠪᠠᠲᠤᠳᠭᠠᠪᠠ᠃ ᠥᠭᠡᠷᠡᠴᠢᠯᠡᠯᠲᠡ ᠵᠣᠭ᠍ᠰᠣᠰᠢ ᠦᠭᠡᠢ᠂ ᠱᠢᠨ᠎ᠡ᠎ᠶ᠋ᠢ ᠡᠭᠦᠳᠬᠦ᠌ ᠵᠣᠭ᠍ᠰᠣᠰᠢ ᠦᠭᠡᠢ ᠶᠤᠮ᠂ ᠮᠠᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠮᠦᠰ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠠᠴᠢ ᠬᠠᠷᠢᠭᠤᠯᠠᠨ ᠡᠷᠡᠮᠡᠬᠡᠢᠯᠡᠨ ᠤᠷᠤᠭ᠍ᠰᠢᠯᠠᠵᠤ᠂ ᠢᠲᠡᠭᠡᠯ᠎ᠢᠶᠡᠨ ᠨᠡᠮᠡᠭ᠌ᠳᠡᠭᠦᠯᠵᠦ᠍᠂ ᠡᠷᠡᠮᠡᠬᠡᠢᠯᠡᠨ ᠤᠷᠤᠭ᠍ᠰᠢᠯᠠᠬᠤ ᠬᠡᠷᠡᠭ᠌ᠲᠡᠢ᠃ ᠱᠢᠩ ᠲᠠᠢ ᠪᠥᠲᠥᠭᠡᠨ ᠪᠠᠢᠭᠤᠯᠤᠯᠲᠠ᠎ᠶ᠋ᠢᠨ ᠪᠦᠯᠦᠭ᠌ᠯᠡᠯ᠎ᠦᠨ᠎ᠬᠢᠨ ᠴᠢᠨᠠᠷ ᠰᠠᠢᠲᠠᠶ ᠬᠥᠭ᠌ᠵᠢᠯᠲᠡ᠎ᠶ᠋ᠢ ᠡᠷᠡᠰ ᠭᠤᠢᠪᠢᠰᠢ ᠥᠬᠡᠶ ᠪᠠᠷᠢᠮᠲᠠᠯᠠᠵᠤ᠂ ᠪᠠᠷᠢᠯᠭ᠎ᠠ᠎ᠶ᠋ᠢᠨ ᠭᠤᠤᠯ ᠠᠵᠢᠯ᠎ᠢ ᠲᠤᠰᠬᠠᠢ ᠬᠢᠬᠦ ᠨᠠᠷᠢᠯᠢᠭ ᠬᠢᠬᠦ᠌ ᠲᠠᠯ᠎ᠠ᠎ᠪᠠᠷ ᠣᠭ ᠰᠠᠨᠠᠭ᠎ᠠ᠎ᠪᠠᠨ ᠪᠠᠷᠢᠮᠲᠠᠯᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠵᠢᠨ ᠲᠠᠯ᠎ᠡ ᠪᠡᠷ ᠱᠢᠨ᠎ᠡ ᠬᠠᠷᠢᠭᠤᠴᠠᠯᠭ᠎ᠠ ᠡᠭᠦᠷᠭᠡᠯᠡᠯ᠎ᠢᠶᠡᠨ ᠢᠯᠡᠷᠡᠭᠦᠯᠵᠦ᠍᠂ ᠭᠠᠳᠠᠭᠠᠳᠤ ᠨᠡᠭᠡᠭᠡᠯᠲᠡ ᠬᠢᠬᠦ᠌ ᠲᠠᠯ᠎ᠠ᠎ᠪᠠᠷ ᠱᠢᠨ᠎ᠡ ᠳᠦᠷᠰᠦ ᠪᠠᠢᠳᠠᠯ᠎ᠢᠶᠠᠨ ᠢᠯᠡᠷᠡᠭᠦᠯᠦᠨ᠎ᠡ᠃ ᠰᠥᠰᠥ᠍ ᠵᠣᠷᠢᠭ᠎ᠢᠶᠠᠨ ᠬᠥᠪᠴᠢᠯᠡᠨ ᠪᠡᠷᠭᠡ ᠪᠠᠷᠳᠠᠭ᠎ᠠ ᠵᠢ ᠳᠤᠭᠤᠯᠵᠤ᠂ ᠪᠣᠬᠢᠷᠲᠤᠯ ᠥᠬᠡᠶ ᠪᠠᠷᠢᠯᠭ᠎ᠠ᠂ ᠤᠭ᠍ᠰᠠᠷᠠᠮᠠᠯ ᠮᠠᠶᠢᠭ᠎ᠤᠨ ᠪᠠᠷᠢᠯᠭ᠎ᠠ᠂ ᠣᠶᠤᠨᠴᠢ ᠪᠠᠢᠭᠤᠯᠤᠯᠲᠠ᠎ᠵᠢᠨ ᠬᠥᠭ᠌ᠵᠢᠯᠲᠡ᠎ᠶ᠋ᠢ ᠡᠷᠡᠰ ᠭᠤᠢᠪᠢᠰᠢ ᠥᠬᠡᠶ ᠬᠥᠲᠥᠯᠦᠨ ᠳᠠᠭᠠᠭᠤᠯᠬᠤ ᠪᠠ ᠱᠢᠪᠲᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠱᠢᠨ᠎ᠡ ᠵᠠᠮ᠎ᠢ ᠨᠡᠬᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠠᠵᠤ ᠠᠬᠤᠢᠯᠠᠯ᠎ᠤᠨ ᠬᠠᠷᠢᠭᠤᠴᠠᠯᠭ᠎ᠠ ᠡᠭᠦᠷᠭᠡᠯᠡᠯ᠎ᠢᠶᠡᠨ ᠡᠷᠭᠦᠨ᠎ᠡ》 ᠭᠡᠵᠦ ᠱᠢᠩ ᠲᠠᠢ ᠪᠦᠲᠦᠭᠡᠨ ᠪᠠᠢᠭᠤᠯᠤᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠬᠠᠨ ᠫᠢᠩ ᠬᠡᠯᠡᠪᠡ᠃

ᠵᠢᠨ ᠢᠦᠢ ᠠᠮᠢᠳᠤ ᠪᠣᠳᠠᠰ᠎ᠤᠨ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠪᠦᠭᠦᠳᠡ᠎ᠵᠢ ᠵᠠᠬᠢᠷᠤᠭ᠍ᠴᠢ ᠵᠠᠩ ᠵᠢᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠬᠤᠷᠠᠯᠳᠤᠭ᠍ᠰᠠᠨ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠺᠣᠮᠫᠠᠨᠢ ᠵᠢᠨ ᠬᠢᠨ ᠬᠤᠷᠠᠯ᠎ᠤᠨ ᠵᠣᠷᠢᠭ ᠰᠠᠨᠠᠭᠠᠨ᠎ᠤ ᠵᠢᠯᠤᠭᠤᠳᠤᠯᠭ᠎ᠠ ᠳᠣᠣᠷ᠎ᠠ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠴᠢᠩᠭ᠎ᠠ ᠠᠳᠭᠤᠵᠤ᠂ 《ᠬᠥᠮᠦᠨ ᠮᠠᠯ᠎ᠤᠨ ᠡᠪᠡᠳᠴᠢᠨ᠎ᠢ ᠰᠡᠷᠭᠡᠢᠯᠡᠬᠦ᠌᠂ ᠪᠣᠭᠣᠮᠲᠠ᠎ᠶ᠋ᠢ ᠡᠮᠦᠨᠡᠰᠢᠭᠦᠯᠬᠦ》 ᠪᠡᠷ ᠵᠢᠷᠤᠮᠯᠠᠯ ᠪᠣᠯᠭᠠᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠤᠨᠢᠯᠠᠵᠤ᠂ ᠴᠤᠴᠠᠯᠲᠠ ᠦᠭᠡᠢ ᠴᠢᠷᠮᠠᠢᠵᠤ᠂ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠪᠡᠷ ᠮᠠᠯ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ᠃ ᠡᠭᠦᠨ᠎ᠦ ᠬᠠᠮᠲᠤ ᠺᠣᠮᠫᠠᠨᠢ ᠪᠠᠰᠠ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠶ᠋ᠯᠡᠰ᠎ᠦᠨ 《ᠬᠡᠯᠬᠢᠶ᠎ᠡ᠎ᠶ᠋ᠢᠨ ᠡᠵᠡᠨ》 ᠠᠵᠤ ᠠᠬᠤᠢᠯᠠᠯ᠎ᠤᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭ᠌ᠯᠡᠭᠡ᠎ᠵᠢᠨ ᠬᠣᠯᠪᠣᠭᠠᠲᠤ ᠴᠣᠭ᠍ᠴᠠ᠂ ᠳᠡᠭᠡᠷ᠎ᠡ ᠳᠤᠤᠷ᠎ᠠ ᠤᠷᠤᠰᠭᠠᠯ᠎ᠤᠨ ᠬᠠᠮᠲᠤᠷᠠᠨ ᠱᠢᠨ᠎ᠡ᠎ᠶ᠋ᠢ ᠡᠭᠦᠳᠬᠦ᠌ ᠪᠠ ᠥᠷᠲᠡᠭ᠎ᠢ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠲᠦᠷᠦᠭᠦᠯᠡᠨ ᠪᠠᠢᠭᠤᠯᠵᠤ᠂᠎ᠪᠡᠭᠡᠵᠢᠩ ᠱᠠᠩᠬᠠᠶ ᠭᠤᠸᠠᠩᠵᠧᠦ᠍᠎ᠳᠦ ᠰᠤᠳᠤᠯᠤᠨ ᠨᠡᠭᠡᠭᠡᠬᠦ᠂ ᠥᠪᠥᠷ ᠮᠣᠩᠭᠣᠯ᠎ᠳᠤ ᠤᠨᠳᠤᠤᠰᠢᠭᠤᠯᠬᠤ 《ᠣᠭᠣᠷᠴᠣᠭ ᠬᠠᠷᠢᠶ᠎ᠠ ᠭᠠᠵᠠᠷ᠎ᠤᠨ ᠲᠤᠷᠱᠢᠯᠲᠠ᠎ᠶ᠋ᠢᠨ ᠲᠠᠰᠤᠭ᠎ᠤᠨ ᠵᠠᠭ᠍ᠪᠤᠷ》 ᠢ᠋ ᠭᠦᠶ᠋ᠴᠡᠳ ᠠᠱᠢᠭ᠍ᠯᠠᠬᠤ᠎ᠪᠠᠷ ᠳᠡᠮᠵᠢᠨ ᠨᠠᠩ ᠣᠯᠠᠨ ᠬᠣᠱᠢᠭᠤᠷᠠᠯ ᠬᠦᠷᠢᠶᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠢ ᠥᠪᠥᠷ ᠮᠣᠩᠭᠣᠯ᠎ᠳᠤ ᠢᠷᠡᠵᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠵᠢᠡᠨ ᠤᠨᠳᠤᠤᠰᠢᠭᠤᠯᠬᠤ᠎ᠵᠢ ᠲᠠᠲᠠᠨ᠎ᠠ ᠭᠡᠵᠦ᠍ ᠢᠯᠡᠳᠭᠡᠪᠡ᠃

《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠠᠴᠠ ᠡᠷᠬᠡᠪᠰᠢ ᠵᠠᠬ᠎ᠠ ᠳᠡᠯᠭᠡᠭᠦᠷ᠎ᠦᠨ ᠲᠣᠭ᠍ᠲᠠᠴᠠ᠎ᠶ᠋ᠢᠨ ᠦᠢᠯᠡᠳᠦᠯ᠎ᠢ ᠨᠡᠩ ᠰᠠᠢ᠌ᠨ ᠪᠠᠳᠠᠷᠠᠭᠤᠯᠵᠤ᠂ 〈ᠠᠮᠢᠳᠤᠯᠢᠭ ᠪᠣᠯᠭᠠᠵᠤ ᠴᠢᠳᠠᠬᠤ〉 ᠮᠥᠷᠲᠡᠭᠡᠨ ᠪᠠᠰᠠ 〈ᠬᠠᠮᠢᠶᠠᠷᠴᠤ᠌ ᠴᠢᠳᠠᠬᠤ〉 ᠬᠡᠷᠡᠭ᠌ᠲᠡᠢ ᠭᠡᠵᠦ᠍ ᠴᠢᠬᠤᠯᠠᠴᠢᠯᠠᠭ᠍ᠰᠠᠨ ᠪᠥᠭᠡᠳ ᠪᠠᠰᠠ ᠬᠣᠶᠠᠷ 〈ᠡᠷᠡᠰ ᠭᠤᠢᠪᠢᠰᠢ ᠦᠭᠡᠢ〉᠎ᠶ᠋ᠢ ᠦᠷᠭᠦᠯᠵᠢᠯᠡᠨ ᠴᠢᠬᠤᠯᠠᠴᠢᠯᠠᠪᠠ᠃ ᠡᠳᠡᠭᠡᠷ ᠦᠭᠡ ᠥᠭᠦᠯᠡᠪᠦᠷᠢ ᠨᠢ ᠢᠳᠡ ᠬᠦᠴᠦᠲᠡᠢ᠂ ᠬᠥᠮᠦᠰ᠎ᠦᠨ ᠰᠡᠳᠭᠢᠯ᠎ᠢ ᠳᠣᠭ᠍ᠳᠣᠯᠤᠭᠤᠯᠵᠤ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠨ᠎ᠠ᠃ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠠᠪᠴᠢᠷᠠᠭ᠍ᠰᠠᠨ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠴᠢᠩᠭ᠎ᠠ ᠠᠳᠭᠤᠵᠤ᠂ ᠳᠤᠮᠳᠠᠳᠤ ᠤᠯᠤᠰ᠎ᠤᠨ ᠮᠠᠶᠢᠭ᠎ᠤᠨ ᠲᠠᠷᠢᠶᠠᠯᠠᠩ᠎ᠤᠨ ᠣᠳᠣᠬᠢᠴᠢᠯᠠᠯᠲᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠪᠠᠷ ᠬᠠᠷᠠᠯᠲᠠ ᠪᠣᠯᠭᠠᠵᠤ᠂ ᠮᠠᠯᠵᠢᠯ᠎ᠤᠨ ᠲᠠᠯᠠᠪᠠᠶ᠎ᠠᠴᠠ ᠬᠣᠭᠣᠯᠠᠨ ᠱᠢᠷᠡᠭᠡ ᠬᠦᠷᠲᠡᠯᠡᠬᠢ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠣᠷᠭᠠᠨᠢᠭ᠎ᠢᠶᠠᠷ ᠵᠣᠯᠭᠠᠭᠤᠯᠬᠤ᠎ᠶ᠋ᠢ ᠠᠬᠢᠭᠤᠯᠵᠤ᠂ ᠠᠵᠢᠯ ᠲᠥᠷᠥᠯ᠎ᠦᠨ ᠲᠠᠰᠤᠷᠠᠯᠲᠠ ᠥᠬᠡᠶ ᠴᠢᠨᠠᠷ ᠰᠠᠢᠲᠠᠶ᠂ ᠥᠨᠳᠥᠷ ᠨᠡᠮᠡᠯᠲᠡ ᠥᠷᠲᠡᠭ ᠪᠥᠬᠥᠶ ᠴᠢᠭ᠌ᠯᠡᠯ ᠳᠠᠢᠰᠢ ᠬᠥᠭ᠌ᠵᠢᠬᠦ᠌᠎ᠶ᠋ᠢ ᠠᠬᠢᠭᠤᠯᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ ᠱᠢᠯᠢ᠎ᠶ᠋ᠢᠨ ᠭᠤᠤᠯ ᠠᠢᠮᠠᠭ᠎ᠤᠨ ᠶᠠᠩ ᠶᠠᠩ ᠮᠠᠯ ᠠᠵᠤ ᠠᠬᠤᠶ᠎ᠶ᠋ᠢᠨ ᠬᠤᠪᠢᠴᠠᠭᠠᠲᠤ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠧᠸ᠋ ᠶᠦᠩ ᠬᠡᠯᠡᠨ᠎ᠡ᠃

ᠥᠪᠥᠷ ᠮᠣᠩᠭᠣᠯ᠎ᠤᠨ ᠮᠸᠩ ᠯᠢᠦᠶ ᠶᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ (ᠪᠦᠯᠦᠭ᠌ᠯᠡᠯ)᠎ᠤ᠋ᠨ ᠬᠤᠪᠢᠴᠠᠭᠠᠲᠤ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠢᠦ ᠶᠠᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠠᠴᠠ ᠨᠠᠩ ᠲᠥᠪ ᠭᠤᠤᠯᠴᠢ᠂ ᠨᠠᠩ ᠠᠮᠢᠵᠢᠷᠠᠯ᠎ᠤᠨ ᠬᠦᠴᠦᠨ᠎ᠲᠡᠶ ᠵᠠᠬ᠎ᠠ ᠳᠡᠯᠭᠡᠭᠦᠷ᠎ᠦᠨ ᠣᠷᠴᠢᠨ ᠨᠥᠬᠥᠴᠡᠯ᠎ᠢ ᠪᠣᠶ ᠪᠣᠯᠭᠠᠨ᠎ᠠ ᠭᠡᠵᠦ᠍ ᠳᠤᠷᠠᠳᠤᠭ᠍ᠰᠠᠨ ᠨᠢ ᠵᠢᠭᠤᠯᠴᠢᠯᠠᠯ᠎ᠤᠨ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠠᠭᠤᠰᠤᠯᠳᠤᠨ ᠬᠥᠭ᠌ᠵᠢᠬᠦ᠌᠂ ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠂ ᠬᠠᠩᠭᠠᠯᠭ᠎ᠠ ᠬᠢᠭᠡᠳ ᠬᠡᠷᠡᠭ᠌ᠴᠡᠭᠡ᠎ᠶ᠋ᠢᠨ ᠬᠠᠷᠢᠴᠠᠭ᠎ᠠ᠎ᠶ᠋ᠢ ᠨᠠᠩ ᠰᠠᠢᠲᠤᠷ ᠨᠢᠭᠡᠳᠦᠯᠲᠡᠶ ᠲᠥᠯᠥᠪᠯᠡᠬᠦ᠌᠎ᠳᠦ ᠨᠠᠩ ᠪᠠᠲᠤ ᠪᠠᠬᠢ ᠪᠠᠲᠤᠯᠠᠭ᠎ᠠ ᠪᠠ ᠨᠠᠩ ᠶᠡᠬᠡ ᠬᠥᠭ᠌ᠵᠢᠯᠲᠡ᠎ᠶ᠋ᠢᠨ ᠣᠷᠣᠨ ᠵᠠᠶ ᠬᠠᠩᠭᠠᠭ᠍ᠰᠠᠨ ᠪᠠᠢᠨ᠎ᠠ᠃ ᠺᠣᠮᠫᠠᠨᠢ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠲᠤᠬᠢᠷᠠᠭᠤᠯᠤᠯᠳᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠭᠡᠷᠡᠴᠢᠯᠡᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠥᠭᠡᠷᠡᠴᠢᠯᠡᠯᠲᠡ᠎ᠶ᠋ᠢ ᠬᠦᠷᠢᠶᠡᠯᠡᠨ᠎ᠡ᠃ ᠱᠢᠨ᠎ᠡ ᠴᠠᠭ ᠦᠶ᠎ᠡ᠎ᠶ᠋ᠢᠨ ᠵᠢᠭᠤᠯᠴᠢᠯᠠᠯ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ ᠬᠠᠮᠢᠶᠠᠷᠤᠯᠲᠠ᠂ ᠮᠡᠷᠭᠡᠵᠢᠯ᠂ ᠦᠶ᠋ᠯᠡᠳᠬᠦᠨ ᠬᠢᠭᠡᠳ ᠦᠶ᠋ᠯᠡᠴᠢᠯᠡᠭᠡᠨ᠎ᠦ ᠱᠢᠨ᠎ᠡ᠎ᠶ᠋ᠢ ᠡᠭᠦᠳᠬᠦ᠌ ᠪᠠ ᠲᠣᠭᠠᠴᠢᠯᠠᠭ᠍ᠰᠠᠨ ᠬᠡᠯᠪᠡᠷᠢ᠎ᠵᠢᠨ ᠬᠤᠪᠢᠷᠠᠭᠤᠯᠤᠯᠲᠠ᠎ᠶ᠋ᠢ ᠴᠢᠩᠭᠠᠳᠭᠠᠵᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠥᠷᠨᠢᠬᠦ᠌᠎ᠶ᠋ᠢ ᠲᠠᠰᠤᠷᠠᠯᠲᠠ ᠥᠬᠡᠶ ᠠᠬᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ ᠠᠬᠢᠭᠤᠯᠤᠨ᠎ᠠ ᠭᠡᠵᠦ ᠢᠯᠡᠳᠭᠡᠪᠡ᠃

《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠠᠴᠠ ᠥᠭᠡᠷᠡᠴᠢᠯᠡᠯᠲᠡ᠎ᠶ᠋ᠢ ᠪᠦᠬᠦ᠌ ᠲᠠᠯ᠎ᠠ ᠪᠠᠷ ᠭᠦᠨᠵᠡᠭᠡᠢᠷᠡᠭᠦᠯᠬᠦ᠌ ᠲᠠᠢ᠌ᠴᠢᠯᠠᠯᠳᠠ᠎ᠶ᠋ᠢᠨ ᠵᠠᠷᠯᠢᠭ ᠪᠠᠭᠤᠯᠭᠠᠵᠠᠢ᠂ ᠡᠨᠡ ᠨᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠳᠦ ᠱᠢᠨ᠎ᠡ ᠠᠵᠠ ᠲᠣᠬᠢᠶᠠᠯ ᠠᠪᠴᠢᠷᠠᠭ᠍ᠰᠠᠨ ᠪᠥᠭᠡᠳ ᠪᠢᠳᠡᠨ᠎ᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠨᠡᠩ ᠲᠣᠳᠣᠷᠬᠠᠢ ᠪᠣᠯᠭᠠᠵᠤ᠂ ᠢᠲᠡᠭᠡᠯ᠎ᠢ ᠨᠡᠩ ᠪᠠᠲᠤᠳᠭᠠᠵᠠᠢ᠃ ᠪᠢᠳᠡ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠪᠠ ᠱᠢᠨ᠎ᠡ᠎ᠶ᠋ᠢ ᠡᠭᠦᠳᠬᠦ᠌᠎ᠪᠡᠷ ᠢᠮᠠᠭ᠍ᠲᠠ ᠴᠢᠷᠮᠠᠢᠵᠤ᠂ ᠢᠷᠡᠭᠡᠳᠦᠶ᠎ᠪᠡᠨ ᠪᠠᠷᠠᠯᠠᠬᠤ᠎ᠳᠤ ᠢᠲᠡᠭᠡᠯ ᠲᠡᠭᠦᠯᠳᠡᠷ ᠪᠠᠢᠨ᠎ᠠ᠂ ᠲᠠᠷᠠᠭᠠᠴᠢ᠎ᠶ᠋ᠢᠨ ᠠᠯᠬᠤᠮ᠎ᠳᠤ ᠤᠯᠠᠮᠵᠢᠯᠠᠯᠲᠤ ᠰᠣᠶᠣᠯ᠎ᠤᠨ ᠠᠵᠤ ᠦᠶ᠋ᠯᠡᠰ᠎ᠲᠡᠬᠢ ᠣᠷᠣᠭᠤᠯᠤᠯᠲᠠ᠎ᠪᠠᠨ ᠨᠡᠮᠡᠭ᠌ᠳᠡᠭᠦᠯᠬᠦ ᠪᠤᠯᠤᠨ᠎ᠠ᠃ ᠨᠢᠭᠡ ᠲᠠᠯ᠎ᠠ᠎ᠪᠠᠷ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠶᠡᠬᠡ ᠳᠡᠭᠡᠳᠦ ᠰᠤᠷᠭᠠᠭᠤᠯᠢ ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠨᠠᠩ ᠣᠯᠠᠨ ᠱᠢᠨ᠎ᠡ᠎ᠶ᠋ᠢ ᠡᠭᠦᠳᠬᠦ᠌ ᠡᠯᠧᠮᠧᠨ᠋ᠲ ᠪᠠ ᠲᠡᠷᠢᠭᠦᠨ᠎ᠦ ᠮᠡᠷᠭᠡᠵᠢᠯ᠎ᠢ ᠣᠷᠣᠭᠤᠯᠤᠨ ᠠᠪᠴᠢᠷᠠᠵᠤ᠂ ᠦᠶ᠋ᠯᠡᠳᠬᠦᠨ᠎ᠦ ᠥᠷᠢᠰᠥᠯᠳᠦᠬᠦ᠌ ᠬᠦᠴᠦᠨ ᠪᠠ ᠨᠡᠮᠡᠯᠲᠡ ᠥᠷᠲᠡᠭ᠎ᠵᠢᠡᠨ ᠳᠡᠭᠡᠭ᠌ᠰᠢᠯᠡᠭᠦᠯᠦᠨ᠎ᠡ; ᠨᠦᠬᠦᠭᠡ ᠲᠠᠯ᠎ᠠ᠎ᠪᠠᠷ ᠵᠠᠬ᠎ᠠ ᠳᠡᠯᠭᠡᠭᠦᠷ᠎ᠦᠨ ᠠᠷᠭ᠎ᠠ ᠵᠠᠮ᠎ᠢ ᠥᠷᠭᠡᠳᠭᠡᠵᠦ᠍᠂ ᠥᠪᠥᠷ ᠮᠣᠩᠭᠣᠯ᠎ᠤᠨ ᠰᠠᠢ᠌ᠨ ᠦᠢᠯᠡᠳᠬᠦᠨ᠎ᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠨᠡᠩ ᠥᠷᠭᠡᠨ ᠠᠭᠤᠳᠠᠮ ᠵᠠᠬ᠎ᠠ ᠳᠡᠯᠭᠡᠭᠦᠷ᠎ᠲᠦ ᠬᠦᠷᠭᠡᠵᠦ᠍᠂ ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯ ᠴᠡᠴᠡᠭ᠌ᠯᠡᠯ᠎ᠢ ᠠᠬᠢᠭᠤᠯᠬᠤ᠎ᠳᠤ ᠬᠦᠴᠦᠨ ᠨᠡᠮᠡᠷᠢᠯᠡᠨ᠎ᠡ》 ᠭᠡᠵᠦ ᠥᠪᠥᠷ ᠮᠣᠩᠭᠣᠯ᠎ᠤᠨ ᠪᠦᠰᠡᠭᠦᠶ (ᠠᠵᠤ ᠦᠶ᠋ᠯᠡᠰ) ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠦ᠋ ᠱᠤᠸᠠᠩ ᠶᠢᠩ ᠭᠡᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面