ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-08 10:15:22

ᠵᠣᠬᠢᠶᠠᠭ᠍ᠴᠢ᠄ ᠬᠠᠨ ᠱᠢᠤᠸᠠᠢ ᠷᠦ᠋᠂ ᠸᠠᠩ ᠬᠤᠤ ᠂ ᠵᠤᠤ ᠰᠢ ᠣᠩᠱᠢᠭ᠍ᠰᠠᠨ ᠣᠳᠠᠭ᠎ᠠ᠄ 3

— ᠮᠠᠨ᠎ᠤ ᠣᠷᠣᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠪᠤᠢ


ᠤᠢ᠍ᠢᠷ᠎ᠠ᠎ᠶ᠋ᠢᠨ ᠡᠳᠦᠷ᠎ᠤᠳ᠎ᠲᠦ ᠥᠪᠥᠷ ᠮᠣᠩᠭᠣᠯ᠎ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠤᠯᠠᠨ ᠵᠦᠢᠯ᠎ᠦᠨ ᠬᠡᠯᠪᠡᠷᠢ᠎ᠪᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠨᠠᠷᠢᠨ ᠬᠢᠨᠠᠮᠠᠭᠠᠢ ᠰᠤᠷᠤᠯᠴᠠᠵᠤ᠂ ᠥᠷᠭᠡᠨ᠎ᠢᠶᠡᠷ ᠶᠠᠷᠢᠯᠴᠠᠨ᠂ ᠭᠦᠨᠵᠡᠭᠡᠢ ᠰᠣᠯᠢᠯᠴᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠪᠠ᠃ ᠪᠥᠬᠥᠳᠡ ᠬᠤᠷᠠᠯ᠎ᠤᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠶ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠣᠢᠯᠠᠭᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠭᠡᠵᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠪᠣᠳᠠᠲᠠᠶ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠍᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠲᠥᠯᠥᠪᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ᠍ ᠤᠯᠠᠨ ᠵᠢᠡᠷ ᠵᠢᠡᠨ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠤᠨ ᠬᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠰᠭᠠᠶ ᠰᠡᠳᠦᠪ᠎ᠢᠶᠡᠷ ᠤᠯᠠᠮᠵᠢᠯᠠᠨ ᠰᠤᠷᠤᠯᠴᠠᠪᠠ᠃ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠪᠥᠬᠥᠳᠡ ᠬᠤᠷᠠᠯ᠎ᠡᠴᠡ ᠭᠠᠷᠭᠠᠭ᠍ᠰᠠᠨ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠬᠦᠷᠢᠶᠡᠯᠡᠵᠦ᠍᠂ ᠡᠷᠡᠰ ᠲᠤᠭᠤᠱᠢᠯᠠᠭᠤᠯᠵᠤ᠂ ᠪᠥᠬᠥ᠌ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠱᠢᠰᠲ᠋ᠧᠮ᠎ᠦᠨ᠎ᠬᠢᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠳᠠᠷᠤᠶ ᠲᠦᠷᠭᠡᠨ ᠨᠢᠭᠡᠳᠭᠡᠬᠦ᠌ ᠬᠡᠷᠡᠭ᠌ᠲᠡᠶ᠃ ᠰᠡᠳᠭᠢᠨ ᠪᠣᠳᠣᠯᠬᠢᠯᠠᠵᠤ ᠨᠠᠷᠢᠨ ᠬᠢᠨᠠᠮᠠᠭᠠᠢ ᠰᠤᠷᠤᠯᠴᠠᠵᠤ᠂ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠲᠥᠪᠯᠡᠷᠡᠭᠦᠯᠦᠨ ᠰᠤᠷᠤᠯᠴᠠᠬᠤ᠂ ᠥᠪᠡᠰᠦᠪᠡᠨ ᠰᠤᠷᠤᠯᠴᠠᠬᠤ᠂ ᠳᠠᠭᠠᠭᠤᠯᠤᠨ ᠰᠤᠷᠤᠯᠴᠠᠬᠤ᠂ ᠬᠠᠪᠰᠤᠷᠤᠨ ᠵᠢᠯᠣᠭᠣᠳᠴᠤ᠌ ᠰᠤᠷᠤᠯᠴᠠᠬᠤ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠳᠠᠮᠵᠢᠭᠤᠯᠤᠨ ᠭᠦᠨᠵᠡᠭᠡᠢ ᠰᠤᠷᠤᠯᠴᠠᠨ ᠲᠤᠭᠤᠷᠠᠳᠠᠯ᠎ᠠ ᠣᠢᠯᠠᠭᠠᠬᠤ ᠬᠡᠷᠡᠭ᠌ᠲᠡᠢ᠃ ᠡᠭᠦᠷᠭᠡ᠎ᠶ᠋ᠢᠨ ᠨᠠᠷᠢᠨ ᠲᠠᠩᠰᠠ᠎ᠶ᠋ᠢ ᠨᠠᠷᠢᠯᠢᠬ᠍ᠵᠢᠭᠤᠯᠵᠤ᠂ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ ᠵᠢ ᠠᠬᠢᠭᠤᠯᠬᠤ ᠪᠠᠢᠭᠤᠯᠤᠯ ᠲᠣᠭ᠍ᠲᠠᠴᠠ᠎ᠶ᠋ᠢ ᠪᠦᠷᠢᠨᠱᠢᠬᠦᠯᠤᠨ ᠠᠬᠢᠭᠤᠯᠵᠤ᠂ ᠬᠥᠳᠡᠭᠡ ᠲᠣᠰᠭᠣᠨ᠎ᠤ ᠦᠨᠳᠦᠰᠦᠨ ᠡᠵᠡᠩᠨᠡᠯᠲᠡ᠎ᠶ᠋ᠢᠨ ᠲᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠵᠦ᠍᠂ ᠲᠠᠷᠢᠶᠠᠯᠠᠩ᠎ᠢ ᠬᠦᠴᠦᠷᠬᠡᠭ᠌ᠵᠢᠭᠦᠯᠵᠦ᠍ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠶ᠋ᠢ ᠳᠡᠮᠵᠢᠬᠦ᠌ ᠲᠦᠷᠢᠮ᠎ᠢ ᠲᠡᠭᠦᠯᠳᠡᠷᠵᠢᠭᠦᠯᠦᠨ᠂ ᠭᠠᠵᠠᠷ ᠱᠢᠷᠣᠢ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠵᠡᠷᠭᠡ ᠡᠭᠦᠷᠭᠡ᠎ᠶ᠋ᠢ ᠵᠦᠢᠯ ᠳᠠᠷᠠᠭᠠᠯᠠᠨ ᠵᠠᠳᠠᠯᠤᠨ ᠨᠠᠷᠢᠯᠢᠬ᠍ᠵᠢᠭᠤᠯᠵᠤ᠂ ᠪᠣᠳᠠᠲᠠᠢ ᠠᠷᠭ᠎ᠠ ᠬᠡᠮᠵᠢᠶ᠎ᠡ ᠪᠠ ᠲᠥᠰᠦᠯ᠎ᠢ ᠲᠣᠭ᠍ᠲᠠᠭᠠᠨ᠂ ᠬᠠᠷᠢᠭᠤᠴᠠᠯᠭᠠᠲᠤ ᠰᠠᠯᠠᠭ᠎ᠠ ᠮᠥᠴᠢᠷ᠎ᠢ ᠲᠣᠳᠣᠷᠬᠠᠢᠯᠠᠬᠤ ᠬᠡᠷᠡᠭ᠌ᠲᠡᠢ᠃ ᠥᠭᠡᠷᠡᠴᠢᠯᠡᠯᠲᠡ᠎ᠡᠴᠡ ᠬᠥᠳᠡᠯᠭᠡᠬᠴᠢ ᠬᠦᠴᠦᠨ᠂ ᠠᠮᠢᠵᠢᠷᠠᠯ᠎ᠤᠨ ᠬᠦᠴᠦᠨ ᠤᠯᠬᠤ᠎ᠶ᠋ᠢ ᠴᠥᠬᠥᠷᠡᠰᠢ ᠥᠬᠡᠶ ᠪᠠᠷᠢᠮᠲᠠᠯᠠᠵᠤ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠂ ᠣᠷᠣᠱᠢᠨ ᠰᠠᠭᠤᠷᠢᠱᠢᠬᠤ ᠦᠶ᠋ᠯᠡᠰ ᠪᠤᠰᠭᠠᠬᠤ᠎ᠳᠤ ᠲᠣᠬᠢᠷᠠᠮᠵᠢᠲᠠᠶ ᠪᠠ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ ᠵᠡᠷᠭᠡ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ᠎ᠪᠠᠷ ᠮᠠᠨ᠎ᠤ ᠣᠷᠣᠨ᠎ᠤ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶ᠋ᠢᠨ ᠶᠠᠪᠤᠳᠠᠯ᠎ᠤᠨ ᠬᠠᠮᠢᠶᠠᠷᠤᠯᠲᠠ᠎ᠶ᠋ᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ᠎ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃ ᠪᠦᠬᠦ᠌ ᠲᠤᠪᠴᠢᠶ᠎ᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠪᠦᠬᠦ᠌ ᠨᠠᠮ᠎ᠤᠨ ᠭᠡᠱᠢᠭᠦᠨ ᠺᠠᠳ᠋ᠷᠴᠤᠳ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠵᠤ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠠᠢᠭᠤᠯᠭ᠎ᠠ᠎ᠶ᠋ᠢᠨ ᠠᠵᠢᠯ ᠶᠠᠪᠤᠳᠠᠯ᠎ᠤᠨ ᠬᠦᠷᠢᠶᠡᠨ᠎ᠳᠦ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠴᠡᠴᠡᠭ᠌ᠯᠡᠭᠦᠯᠦᠨ ᠵᠢᠮᠢᠰᠯᠡᠭᠦᠯᠬᠦ᠌ ᠬᠡᠷᠡᠭ᠌ᠲᠡᠢ᠃ ᠨᠠᠩ ᠥᠨᠳᠥᠷ ᠪᠠᠢᠷᠢ ᠲᠣᠭ᠍ᠲᠠᠭᠠᠯᠲᠠ᠂ ᠨᠠᠩ ᠠᠯᠤᠰ ᠬᠡᠲᠦ᠍᠎ᠶ᠋ᠢᠨ ᠲᠥᠯᠥᠪᠵᠢᠭᠦᠯᠭᠡ᠎ᠶ᠋ᠢ ᠣᠨᠢᠯᠠᠵᠤ᠂ ᠪᠠᠢᠭᠤᠯᠭ᠎ᠠ᠎ᠶ᠋ᠢᠨ ᠶᠠᠪᠤᠳᠠᠯ᠎ᠤᠨ ᠥᠭᠡᠷᠡᠴᠢᠯᠡᠯᠲᠡ᠎ᠶ᠋ᠢᠨ ᠬᠠᠷᠠᠯᠲᠠ᠂ ᠠᠷᠭ᠎ᠠ ᠵᠠᠮ᠎ᠢ ᠰᠠᠢᠲᠤᠷ ᠲᠥᠯᠥᠪᠯᠡᠨ ᠲᠣᠭ᠍ᠲᠠᠭᠠᠵᠤ᠂ ᠪᠠᠢᠭᠤᠯᠭ᠎ᠠ᠎ᠶ᠋ᠢᠨ ᠶᠠᠪᠤᠳᠠᠯ᠎ᠤᠨ ᠥᠭᠡᠷᠡᠴᠢᠯᠡᠯᠲᠡ᠎ᠶ᠋ᠢᠨ ᠴᠢᠭ᠌ᠯᠡᠯ ᠨᠢ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠦᠯᠲᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠥᠭᠡᠷᠡᠴᠢᠯᠡᠯᠲᠡ ᠶ᠋ᠢᠨ ᠪᠠᠢᠳᠠᠯ᠎ᠢᠶᠠᠷ ᠪᠠᠢᠭᠤᠯᠭ᠎ᠠ᠎ᠶ᠋ᠢᠨ ᠶᠠᠪᠤᠳᠠᠯ᠎ᠤᠨ ᠠᠵᠢᠯ᠎ᠤᠨ ᠳᠤᠮᠳᠠᠬᠢ ᠬᠦᠴᠢᠷ ᠠᠰᠠᠭᠤᠳᠠᠯ᠂ ᠲᠦᠭ᠌ᠵᠢᠷᠡᠯ ᠴᠡᠭ᠎ᠢ ᠱᠢᠢᠳᠪᠦᠷᠢᠯᠡᠵᠦ᠍᠂ ᠣᠢᠯᠠᠭᠠᠭ᠍ᠳᠠᠬᠤᠨ᠎ᠤ ᠲᠠᠯ᠎ᠠ᠎ᠪᠠᠷ ᠲᠠᠬᠢᠨ ᠱᠢᠨ᠎ᠡ᠎ᠶ᠋ᠢ ᠡᠭᠦᠳᠴᠦ᠍᠂ ᠠᠵᠢᠯ᠎ᠤᠨ ᠲᠠᠯ᠎ᠠ᠎ᠪᠠᠷ ᠲᠠᠬᠢᠨ ᠱᠢᠨ᠎ᠡ᠎ᠶ᠋ᠢ ᠡᠭᠦᠳᠴᠦ᠍᠂ ᠲᠣᠭ᠍ᠲᠠᠴᠠ᠎ᠶ᠋ᠢᠨ ᠲᠠᠯ᠎ᠠ᠎ᠪᠠᠷ ᠲᠠᠬᠢᠨ ᠱᠢᠨ᠎ᠡ᠎ᠶ᠋ᠢ ᠡᠭᠦᠳᠴᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠠᠵᠢᠯ᠎ᠤᠨ ᠱᠢᠨ᠎ᠡ ᠪᠠᠢᠳᠠᠯ᠎ᠢ ᠨᠡᠭᠡᠭᠡᠵᠦ᠍᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠨᠡᠩ ᠰᠠᠢ᠌ᠨ ᠦᠢᠯᠡᠴᠢᠯᠡᠭᠡ ᠪᠠᠲᠤᠯᠠᠭ᠎ᠠ ᠬᠠᠩᠭᠠᠵᠤ᠂ ᠱᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

7 ᠰᠠᠷ᠎ᠠ᠎ᠶ᠋ᠢᠨ 26᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠰᠭᠠᠶ ᠰᠡᠳᠦᠪ᠎ᠢᠶᠡᠷ ᠤᠯᠠᠮᠵᠢᠯᠠᠨ ᠰᠤᠷᠤᠯᠴᠠᠪᠠ᠃ ᠬᠤᠷᠠᠯ᠎ᠡᠴᠡ ᠰᠤᠷᠤᠯᠴᠠᠠ ᠣᠢᠯᠠᠭᠠᠬᠤ᠎ᠶ᠋ᠢ ᠰᠠᠢᠲᠤᠷ ᠠᠳᠭᠤᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠪᠦᠬᠦᠲᠠ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠬᠦ᠌ ᠬᠡᠷᠡᠭ᠌ᠲᠡᠢ᠃ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠪᠥᠬᠥᠳᠡ ᠬᠤᠷᠠᠯ᠎ᠡᠴᠡ ᠪᠠᠢᠷᠢᠯᠠᠭᠤᠯᠤᠭ᠍ᠰᠠᠨ ᠭᠤᠤᠯᠳᠠᠯᠭ᠎ᠠ᠎ᠲᠠᠶ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠠᠷᠠᠳ᠎ᠤᠨ ᠶᠠᠪᠤᠳᠠᠯ᠎ᠤᠨ ᠬᠦᠷᠢᠶᠡᠨ᠎ᠳᠦ ᠨᠠᠢ᠌ᠳᠠᠪᠤᠷᠢᠵᠢᠭᠤᠯᠤᠨ ᠪᠤᠳᠠᠳᠠᠢ᠌ᠵᠢᠭᠤᠯᠬᠤ᠎ᠶ᠋ᠢ ᠪᠠᠲᠤᠯᠠᠬᠤ ᠬᠡᠷᠡᠭ᠌ᠲᠡᠶ᠃ ᠪᠥᠬᠥ᠌ ᠣᠷᠣᠨ᠎ᠤ ᠠᠷᠠᠳ᠎ᠤᠨ ᠶᠠᠪᠤᠳᠠᠯ᠎ᠤᠨ ᠱᠢᠰᠲ᠋ᠧᠮ᠎ᠦᠨ᠎ᠬᠢᠨ 《ᠬᠥᠮᠦᠨ ᠠᠮᠠ᠎ᠶ᠋ᠢᠨ ᠨᠠᠰᠤᠵᠢᠯ᠎ᠢ ᠢᠳᠡᠪᠬᠢᠲᠡᠶ ᠠᠷᠭᠠᠴᠠᠵᠤ᠂ ᠨᠠᠰᠤᠵᠢᠯ᠎ᠤᠨ ᠦᠶ᠋ᠯᠡᠰ ᠪᠠ ᠨᠠᠰᠤᠵᠢᠯ᠎ᠤᠨ ᠠᠵᠤ ᠦᠶ᠋ᠯᠡᠰ᠎ᠢ ᠬᠥᠭ᠌ᠵᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌》᠂ 《ᠨᠡᠢᠭᠡᠮ᠎ᠦᠨ ᠠᠪᠤᠷᠠᠨ ᠲᠤᠰᠠᠯᠠᠬᠤ ᠱᠢᠰᠲ᠋ᠧᠮ᠎ᠢ ᠪᠦᠷᠢᠨᠱᠢᠬᠦᠯᠬᠦ᠌》᠂ 《ᠡᠮᠡᠭ᠌ᠲᠡᠢᠴᠦᠳ ᠬᠡᠦᠬᠡᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ ᠲᠦᠷᠢᠮ᠎ᠢ ᠪᠦᠷᠢᠨᠱᠢᠬᠦᠯᠬᠦ᠌》 ᠵᠡᠷᠭᠡ ᠴᠢᠬᠤᠯᠠ ᠶᠡᠬᠡ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠤᠯᠤᠰ ᠲᠥᠷᠥ᠎ᠶ᠋ᠢᠨ ᠬᠠᠷᠢᠭᠤᠴᠠᠯᠭ᠎ᠠ ᠪᠠᠨ ᠡᠭᠦᠷᠭᠡᠯᠡᠵᠦ᠍᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠰᠡᠳᠭᠢᠬᠦᠶ ᠪᠠ ᠠᠷᠭ᠎ᠠ ᠪᠠᠷᠢᠯ᠎ᠢᠶᠠᠷ ᠬᠦᠴᠢᠷ ᠠᠰᠠᠭᠤᠳᠠᠯ᠎ᠢ ᠱᠢᠶ᠋ᠳᠪᠦᠷᠢᠯᠡᠨ ᠱᠢᠨ᠎ᠡ ᠠᠰᠠᠭᠤᠳᠠᠯ᠎ᠢ ᠱᠢᠶ᠋ᠳᠪᠦᠷᠢᠯᠡᠨ ᠬᠥᠭ᠌ᠵᠢᠯᠲᠡ᠎ᠶ᠋ᠢ ᠠᠬᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌ ᠬᠡᠷᠡᠭ᠌ᠲᠡᠶ᠃ ᠱᠢᠰᠲ᠋ᠧᠮ᠎ᠦᠨ ᠦᠵᠡᠯᠲᠡ᠂ ᠪᠥᠬᠥ᠌ ᠲᠠᠯ᠎ᠠ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠬᠤᠪᠢᠰᠤᠩᠭᠤᠶ ᠰᠡᠳᠭᠢᠬᠦᠶ᠎ᠪᠡᠨ ᠴᠢᠩᠭᠠᠳᠭᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠳᠣᠪᠣᠢᠯᠭᠠᠵᠤ᠂ ᠠᠷᠠᠳ᠎ᠤᠨ ᠶᠠᠪᠤᠳᠠᠯ᠎ᠤᠨ ᠲᠤᠬᠠᠢᠯᠠᠭ᠍ᠰᠠᠨ ᠠᠵᠢᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠬᠠᠷᠠᠯᠲᠠ ᠡᠭᠦᠷᠭᠡ᠎ᠶ᠋ᠢ ᠨᠠᠷᠢᠯᠢᠬ᠍ᠵᠢᠭᠤᠯᠤᠨ ᠲᠣᠳᠣᠷᠬᠠᠢᠯᠠᠵᠤ᠂ ᠬᠠᠷᠢᠭᠤᠴᠠᠯᠭ᠎ᠠ ᠲᠣᠳᠣᠷᠬᠠᠶ᠂ ᠬᠡᠯᠬᠢᠶ᠎ᠡ ᠪᠦᠷᠢᠨ ᠪᠦᠲᠦᠨ᠂ ᠭᠣᠭ᠍ᠴᠣᠭ᠎ᠠ ᠪᠦᠬᠦᠨ᠎ᠢ ᠬᠣᠯᠪᠣᠭ᠍ᠰᠠᠨ ᠥᠭᠡᠷᠡᠴᠢᠯᠡᠯᠲᠡ᠎ᠶ᠋ᠢ ᠠᠬᠢᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠢᠷᠡᠭᠡᠳᠦᠶ᠎ᠶ᠋ᠢᠨ ᠨᠢᠭᠡ ᠬᠤᠭᠤᠴᠠᠭᠠᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠲᠥᠯᠥᠪᠵᠢᠭᠦᠯᠦᠨ ᠪᠠᠢᠷᠢᠯᠠᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ ᠤ᠋ᠨ ᠲᠦᠯᠦᠪᠵᠢᠭᠦᠯᠭᠡ》 ᠶ᠋ᠢᠨ ᠠᠷᠠᠳ᠎ᠤᠨ ᠶᠠᠪᠤᠳᠠᠯ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ ᠵᠢᠴᠢ ᠬᠣᠯᠪᠣᠭ᠍ᠳᠠᠯ ᠪᠥᠬᠥᠶ ᠲᠤᠰᠭᠠᠶ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠬᠤ᠂ ᠳᠤᠤᠷ᠎ᠠ ᠬᠠᠭᠠᠰ ᠵᠢᠯ᠎ᠦᠨ ᠡᠯ᠎ᠡ ᠵᠦᠶ᠋ᠯ᠎ᠦᠨ ᠠᠵᠢᠯ᠎ᠢ ᠠᠬᠢᠭᠤᠯᠬᠤ᠎ᠲᠠᠶ ᠤᠶᠠᠯᠳᠤᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠦᠨᠡᠨ ᠪᠣᠳᠠᠲᠠᠶ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭᠳᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面