2024-08-10 12:07:15
8 ᠰᠠᠷ᠎ᠠ᠎ᠶ᠋ᠢᠨ 8 ᠤ᠋ ᠦᠳᠡ᠎ᠶ᠋ᠢᠨ ᠡᠮᠦᠨ᠎ᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠠᠩᠬᠠᠳᠤᠭᠠᠷ ᠳᠠᠯᠠᠪᠠᠢ ᠮᠡᠳᠡᠭᠦᠯᠦᠯᠲᠡ᠎ᠶ᠋ᠢᠨ ᠬᠤᠷᠠᠯ ᠬᠥᠬᠡᠬᠣᠲᠠ᠎ᠳᠤ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠠᠮ᠎ᠤᠨ ᠬᠣᠷᠢᠶᠠᠨ᠎ᠤ ᠱᠦᠵᠢ ᠵᠢᠶᠠᠨ ᠱᠢᠶᠤᠤ ᠸᠸᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃
ᠮᠡᠳᠡᠭᠦᠯᠦᠯᠲᠡ᠎ᠳᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠵᠢᠨ ᠫᠢᠩ ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭ᠍ᠲᠠᠭᠠᠯ 》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠢ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠦᠷᠪᠡᠨ ᠲᠠᠯ᠎ᠠ᠎ᠪᠠᠷ ᠭᠣᠣᠯᠳᠠᠯᠭ᠎ᠠ᠎ᠲᠠᠶ ᠲᠠᠢᠯᠤᠮᠵᠢ ᠬᠢᠵᠡᠢ᠃
ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠰᠤᠷᠤᠭ᠍ᠴᠢ ᠶᠠᠩ ᠵᠢᠩ ᠰᠸᠨ᠄ 《ᠥᠨᠥᠳᠦᠷ᠎ᠦᠨ ᠤᠬᠠᠭᠤᠯᠤᠨ ᠲᠠᠢᠯᠪᠤᠷᠢᠯᠠᠯᠲᠠ ᠵᠢᠨ ᠠᠴᠢ ᠬᠣᠯᠪᠣᠭ᠍ᠳᠠᠯ ᠭᠦᠨᠵᠡᠭᠡᠢ᠂ ᠣᠢᠯᠠᠭᠠᠬᠤ᠎ᠳᠤ ᠬᠢᠯᠪᠡᠷ᠃ ᠪᠢ ᠯᠠᠪᠲᠠᠶ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠲᠤᠰᠭᠠᠶ ᠮᠡᠷᠭᠡᠵᠢᠯ᠎ᠦᠨ ᠮᠡᠳᠡᠯᠭᠡ ᠪᠡᠨ ᠴᠢᠷᠮᠠᠢᠨ ᠰᠤᠷᠤᠯᠴᠠᠵᠤ᠂ ᠰᠣᠷᠣᠭ᠍ᠰᠠᠨ᠎ᠢᠶᠠᠨ ᠬᠡᠷᠡᠭ᠌ᠯᠡᠵᠦ᠍᠂ 〈ᠨᠠᠮ᠎ᠮᠢᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠪᠢ ᠪᠤᠢ 〉 ᠭᠡᠬᠦ ᠵᠠᠯᠠᠭᠤ ᠨᠠᠰᠤᠨ᠎ᠤ ᠲᠠᠩᠭᠠᠷᠢᠭ᠎ᠢᠶᠠᠨ ᠦᠶ᠋ᠯᠡᠳᠦᠯᠭᠡᠵᠢᠭᠦᠯᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ ᠶ᠋ᠢ ᠠᠬᠢᠭᠤᠯᠬᠤ᠎ᠳᠤ ᠥᠪᠡᠷ᠎ᠦᠨ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠪᠣᠯ ᠱᠢᠨ᠎ᠡ ᠴᠠᠭ ᠦᠶ᠎ᠡ ᠱᠢᠨ᠎ᠡ ᠠᠶᠠᠨ ᠳᠡᠭᠡᠷᠡᠬᠢ ᠥᠭᠡᠷᠡᠴᠢᠯᠡᠯᠲᠡ᠎ᠪᠡᠷ ᠬᠥᠭ᠌ᠵᠢᠯᠲᠡ᠎ᠶ᠋ᠢ ᠠᠬᠢᠭᠤᠯᠬᠤ ᠨᠢᠭᠡ ᠤᠳᠠᠭ᠎ᠠ᠎ᠶ᠋ᠢᠨ ᠴᠢᠬᠤᠯᠠ ᠬᠤᠷᠠᠯ ᠪᠣᠯᠤᠨ᠎ᠠ᠂ ᠪᠢᠳᠡ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠣᠯᠤᠨ ᠦᠶ᠋ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠭᠤᠷᠪᠠᠳᠤᠭᠠᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠬᠦᠷᠢᠶ᠎ᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠡᠷᠡᠰ ᠬᠦᠴᠦᠲᠡᠶ ᠨᠠᠷᠢᠯᠢᠭ ᠨᠠᠢᠳᠠᠪᠤᠷᠢᠵᠢᠭᠤᠯᠵᠤ᠂ ᠮᠠᠨ ᠤ ᠣᠷᠣᠨ ᠤ ᠥᠭᠡᠷᠡᠴᠢᠯᠡᠯᠲᠡ ᠬᠥᠭ᠌ᠵᠢᠯᠲᠡ᠎ᠶ᠋ᠢᠨ ᠦᠶ᠋ᠯᠡᠰ᠎ᠢ ᠪᠥᠬᠥ᠌ ᠬᠦᠴᠦᠨ᠎ᠢᠶᠡᠷ᠎ᠢᠶᠡᠨ ᠤᠷᠤᠭ᠍ᠰᠢ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ ᠳ᠋ᠠᠶ ᠪᠢᠩ ᠶᠦᠨ ᠬᠡᠯᠡᠪᠡ᠃
ᠲᠤᠬᠠᠶ᠎ᠶ᠋ᠢᠨ ᠲᠠᠯᠠᠪᠠᠶ᠎ᠳᠤ ᠮᠡᠳᠡᠭᠦᠯᠦᠯᠲᠡ᠎ᠶ᠋ᠢ ᠰᠣᠨᠣᠰᠤᠭ᠍ᠰᠠᠨ ᠺᠠᠳ᠋ᠷ ᠠᠵᠢᠯᠲᠠᠨ ᠠᠵᠢᠯᠴᠢᠨᠨᠠᠷ᠂ ᠨᠠᠮ᠎ᠤᠨ ᠲᠥᠪ ᠬᠣᠷᠢᠶᠠᠨ᠎ᠤ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠡᠯ᠎ᠡ ᠵᠦᠶ᠋ᠯ᠎ᠦᠨ ᠥᠭᠡᠷᠡᠴᠢᠯᠡᠯᠲᠡ ᠶ᠋ᠢᠨ ᠡᠭᠦᠷᠭᠡ ᠶ᠋ᠢᠨ ᠨᠠᠢᠳᠠᠪᠤᠷᠢᠵᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠱᠢᠨ᠎ᠡ ᠵᠠᠮ᠎ᠨᠡᠭᠡᠭᠡᠵᠦ᠂ ᠴᠤᠴᠠᠯᠲᠠ ᠥᠬᠡᠶ ᠤᠷᠤᠭ᠍ᠰᠢᠯᠠᠨ ᠳᠤᠮᠳᠠ ᠲᠦᠪᠰᠢᠨ᠎ᠳᠤ ᠤᠷᠤᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠤᠨ᠎ᠠ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠺᠠᠳ᠋ᠷ᠂ ᠬᠥᠬᠡᠬᠣᠲᠠ᠎ᠳᠤ ᠰᠠᠭᠤᠭ᠎ᠠ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢ᠂ ᠠᠵᠤ ᠠᠬᠤᠢᠯᠠᠯ᠎ᠤᠨ ᠠᠵᠢᠯᠳᠠᠨ᠂ ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠬ᠍ᠴᠢ᠂ ᠤᠨᠤᠯ᠎ᠤᠨ ᠠᠵᠢᠯᠳᠠᠨ ᠪᠣᠯᠤᠨ ᠬᠥᠬᠡᠬᠣᠲᠠ᠎ᠶ᠋ᠢᠨ ᠡᠯ᠎ᠡ ᠡᠲᠡᠭᠡᠳ᠎ᠦᠨ ᠤᠯᠠᠨ ᠲᠦᠮᠡᠨ᠎ᠦ ᠲᠥᠯᠥᠭᠡᠯᠡᠭ᠌ᠴᠢ ᠵᠡᠷᠭᠡ 150 ᠬᠥᠮᠦᠨ ᠣᠷᠣᠯᠴᠠᠵᠠᠢ᠃
ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠥᠬᠡᠬᠣᠲᠠ ᠳᠤ ᠠᠩᠬᠠᠳᠤᠭᠠᠷ ᠳᠠᠯᠠᠪᠠᠢ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠬᠢᠭ᠌ᠰᠡᠨ᠎ᠦ ᠳᠠᠷᠠᠭ᠎ᠠ᠂ ᠪᠥᠬᠥ᠌ ᠣᠷᠣᠨ᠎ᠤ ᠡᠯ᠎ᠡ ᠠᠢᠮᠠᠭ ᠬᠣᠲᠠ ᠪᠣᠯᠤᠨ ᠬᠡᠰᠡᠭ ᠣᠷᠣᠨ ᠤ ᠱᠢᠭᠤᠳ ᠬᠠᠷᠢᠶ᠎ᠠ ᠨᠢᠭᠡᠴᠢ᠂ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠎ᠳᠤ ᠬᠦᠷᠴᠦ᠍ ᠲᠥᠪᠯᠡᠷᠡᠭᠦᠯᠦᠨ ᠤᠬᠠᠭᠤᠯᠤᠨ ᠲᠠᠢᠯᠪᠤᠷᠢᠯᠠᠬᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃