ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-11 11:24:27

ᠵᠣᠬᠢᠶᠠᠭ᠍ᠴᠢ᠄ ᠱᠢᠤᠢ ᠵᠢᠩ ᠵᠤᠤ ᠰᠢ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 9 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠳᠡᠳ᠋ ᠰᠤᠷᠭᠠᠭᠤᠯᠢ (ᠳᠡᠭᠡᠳᠦ ᠰᠤᠷᠭᠠᠭᠤᠯᠢ) ᠵᠢᠨ ᠵᠠᠬᠢᠷᠤᠯ ᠠᠨ ᠵᠢᠩ ᠽᠸ 《ᠱᠢᠨ᠎ᠡ ᠠᠶᠠᠨ ᠳ᠋ᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯᠯᠠᠭᠠᠨ᠎ᠤ ᠬᠥᠲᠥᠯᠪᠦᠷᠢ — ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠤᠶ᠎ᠠ》 ᠭᠡᠬᠦ ᠪᠡᠷ ᠭᠤᠤᠯ ᠰᠡᠳᠦᠪ ᠪᠣᠯᠭᠠᠵᠤ᠂ 《ᠡᠨᠡ ᠤᠳᠠᠭ᠎ᠠ᠎ᠶ᠋ᠢᠨ ᠪᠥᠬᠥᠳᠡ ᠬᠤᠷᠠᠯ ᠪᠤᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠤᠰᠤᠳᠡᠨ ᠤ᠋ ᠰᠡᠷᠬᠦᠨ ᠮᠠᠨᠳᠤᠯᠳᠠ ᠵᠢᠨ ᠠᠭᠤᠤ ᠦᠢᠯᠡᠰ ᠢ᠋ ᠪᠦᠬᠦ᠌ ᠲᠠᠯ᠎ᠠ᠎ᠪᠠᠷ ᠠᠬᠢᠭᠤᠯᠬᠤ ᠵᠠᠨᠭᠭᠢᠯᠠᠭ᠎ᠠ ᠵᠢᠨ ᠴᠠᠭ ᠦᠶ᠎ᠠ ᠳ᠋ᠤ ᠬᠤᠷᠠᠯᠳᠤᠬᠰᠡᠨ ᠨᠢᠭᠡ ᠤᠳᠠᠭ᠎ᠠ ᠵᠢᠨ ᠲᠤᠢᠯ ᠤ᠋ᠨ ᠴᠢᠬᠤᠯᠠ ᠬᠤᠷᠠᠯ ᠮᠦᠨ》᠂ 《ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ》᠂ 《〈ᠲᠣᠭ᠍ᠲᠠᠭᠠᠯ〉ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ》᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ》 ᠳᠥᠷᠪᠡᠨ ᠲᠠᠯ᠎ᠠ ᠡᠴᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠤᠳᠤᠷᠬᠠᠢᠯᠠᠵᠤ ᠬᠦᠨᠵᠡᠭᠡᠢ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠨᠠᠷᠢᠨ ᠪᠣᠳᠠᠲᠠᠢ᠂ ᠭᠣᠣᠯᠳᠠᠯᠭ᠎ᠠ ᠨᠢ ᠳᠤᠪᠤᠢ᠌ᠮ᠎ᠠ ᠪᠠᠢᠵᠤ᠂ ᠬᠦᠯᠢᠶᠡᠨ ᠠᠪᠤᠭ᠍ᠰᠠᠳ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠣᠨᠣᠪᠴᠢᠲᠠᠢ ᠡᠵᠡᠮᠱᠢᠬᠦ᠌᠎ᠳᠦ ᠠᠱᠢᠭ᠍ᠲᠠᠢ ᠶᠤᠮ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠺᠠᠳ᠋ᠷ ᠸᠠᠩ ᠵᠢᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭᠠᠳ᠄《ᠲᠤᠰ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠤᠭ᠍ᠳᠠᠬᠤᠨ ᠨᠢ ᠡᠯᠪᠡᠭ ᠪᠠᠶᠠᠯᠢᠭ᠂ ᠭᠦᠨᠵᠡᠭᠡᠢ ᠪᠥᠭᠡᠳ ᠣᠢᠯᠠᠭᠠᠮᠵᠢᠲᠠᠢ᠂ ᠰᠣᠨᠣᠰᠤᠭᠠᠳ ᠮᠠᠰᠢ ᠶᠡᠬᠡ ᠰᠡᠩᠬᠡᠷᠡᠭᠦᠯᠦᠯ ᠵᠣᠷᠢᠭ᠍ᠵᠢᠭᠤᠯᠤᠯ ᠣᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠶ ᠪᠣᠯᠵᠠᠢ᠃ ᠪᠢᠳᠡ ᠵᠠᠪᠠᠯ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠲᠠᠯ᠎ᠠ᠎ᠪᠠᠷ ᠰᠠᠢᠨ ᠳᠠᠭᠠᠭᠤᠯᠤᠭ᠍ᠴᠢ ᠪᠣᠯᠵᠣ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠨ᠂ ᠵᠣᠷᠢᠭ᠍ᠲᠠᠶ᠎ᠪᠠᠷ ᠬᠠᠢᠨ ᠰᠦᠪᠡᠭ᠌ᠴᠢᠯᠡᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠰᠡᠳᠭᠢᠬᠦᠶ ᠪᠠ ᠠᠷᠭ᠎ᠠ᠎ᠪᠠᠷ ᠬᠦᠴᠢᠷ ᠠᠰᠠᠭᠤᠳᠠᠯ᠎ᠢ ᠱᠢᠶ᠋ᠳᠪᠦᠷᠢᠯᠡᠵᠤ᠂ ᠱᠢᠨ᠎ᠡ ᠠᠰᠠᠭᠤᠳᠠᠯ ᠢ᠋ ᠱᠢᠶ᠋ᠳᠪᠦᠷᠢᠯᠡᠨ᠂ ᠬᠥᠭ᠌ᠵᠢᠯᠲᠡ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠱᠢᠨ᠎ᠡ ᠵᠠᠮ᠎ᠨᠡᠭᠡᠭᠡᠵᠤ ᠲᠤᠮᠳᠠ ᠲᠦᠪᠰᠢᠨ ᠳ᠋ᠤ ᠤᠷᠤᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠦᠶ᠋ᠯᠡᠴᠢᠯᠡᠭᠡ ᠪᠠᠳᠤᠯᠠᠭ᠎ᠠ ᠬᠠᠩᠭᠠᠬᠤ ᠳᠤᠮᠳᠠ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠤᠨ᠎ᠠ》 ᠭᠡᠵᠤ ᠰᠡᠳᠬᠢᠯ ᠲᠤᠬᠳᠤᠯᠤᠨ ᠬᠡᠯᠡᠪᠠ᠃

ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠦᠢᠯᠡᠳᠦᠯᠭᠡ ᠰᠡᠳᠬᠦᠯ᠎ᠦᠨ ᠬᠣᠷᠢᠶᠠᠨ᠎ᠤ ᠶᠡᠷᠦᠩᠬᠡᠢ ᠨᠠᠢᠷᠠᠭᠤᠯᠤᠭ᠍ᠴᠢ ᠵᠠᠩ ᠢ ᠮᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤ᠋ᠨ ᠶᠡᠷᠦᠩᠬᠡᠢ ᠪᠠᠢᠳᠠᠯ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠣᠨᠣᠪᠴᠢᠲᠠᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠵᠡᠷᠭᠡ ᠲᠦᠷᠪᠡᠨ ᠲᠠᠯ᠎ᠠ ᠡᠴᠡ ᠪᠦᠬᠦ᠌ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠺᠠᠳ᠋ᠷ ᠠᠵᠢᠯᠲᠠᠨ ᠠᠵᠢᠯᠴᠢᠨ᠎ᠳᠤ ᠤᠬᠠᠭᠤᠯᠤᠨ ᠲᠠᠢᠯᠪᠤᠷᠢᠯᠠᠵᠤ᠂ ᠤᠬᠠᠭᠤᠯᠤᠨ ᠲᠠᠢᠯᠪᠤᠷᠢᠯᠠᠬᠰᠡᠨ ᠠᠭᠤᠯᠭ᠎ᠠ ᠨᠢ ᠠᠮᠢᠳᠤᠯᠢᠭ ᠪᠣᠳᠠᠲᠠᠶ᠂ ᠬᠦᠨᠵᠡᠭᠡᠢ ᠤᠢᠯᠠᠭᠠᠮᠵᠢᠳᠠᠢ ᠪᠤᠯᠪᠠ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠬᠠᠷᠢᠭᠤᠴᠠᠯᠭᠠᠲᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠂ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠬᠢᠨ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠵᠦ᠍᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ᠎ᠢᠶᠠᠷ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠵᠣᠬᠢᠶᠠᠨ ᠪᠠᠢᠭᠤᠯᠵᠤ ᠥᠷᠨᠢᠭᠦᠯᠬᠦ᠌ ᠬᠡᠷᠡᠭ᠌ᠲᠡᠢ᠃ ᠡᠭᠦᠷᠭᠡ ᠬᠠᠷᠢᠭᠤᠴᠠᠯᠭ᠎ᠠ᠎ᠪᠠᠨ ᠪᠦᠲᠦᠮᠵᠢᠲᠡᠶ ᠭᠦᠶ᠋ᠴᠡᠳᠭᠡᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠦᠵᠡᠯ ᠰᠠᠨᠠᠭ᠎ᠠ ᠦᠶ᠋ᠯᠡ ᠠᠵᠢᠯᠯᠠᠭ᠎ᠠ᠎ᠪᠠᠨ ᠨᠢᠭᠡᠳᠭᠡᠵᠦ᠍᠂ ᠣᠳᠣᠬᠢᠴᠢᠯᠠᠭ᠍ᠰᠠᠨ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠳᠤ ᠡᠮᠡᠭ᠌ᠲᠡᠢᠴᠦᠳ᠎ᠦᠨ ᠣᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠶ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯ᠎ᠢ ᠰᠡᠳᠬᠢᠯ ᠲᠠᠯᠪᠢᠨ ᠬᠠᠢᠷ᠎ᠠ ᠰᠡᠳᠬᠢᠯᠭᠡ ᠲᠠᠢ ᠪᠡᠷ ᠬᠦᠴᠤ ᠤᠷᠤᠭᠤᠯᠤᠨ᠂ ᠴᠢᠨᠠᠷ ᠰᠠᠢᠲᠠᠢ ᠥᠨᠳᠥᠷ ᠪᠦᠲᠦᠮᠵᠢᠲᠡᠢ ᠪᠡᠷ ᠰᠠᠢᠲᠤᠷ ᠬᠢᠵᠦ᠍᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠱᠢᠰᠲ᠋ᠧᠮ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠵᠦ᠍᠂ ᠨᠡᠩ ᠤᠯᠠᠨ ᠠᠮᠢᠵᠢᠷᠠᠯ᠎ᠤᠨ ᠬᠦᠴᠦᠨ᠎ᠲᠡᠶ᠂ ᠣᠨᠴᠠᠯᠢᠭ᠎ᠲᠠᠶ᠂ ᠨᠥᠯᠥᠭᠡ᠎ᠲᠡᠶ ᠤᠬᠠᠭᠤᠯᠤᠨ ᠲᠠᠢᠯᠪᠤᠷᠢᠯᠠᠬᠤ ᠲᠦᠷᠦᠯ ᠲᠡᠮᠳᠡᠭ᠎ᠢ ᠡᠭᠦᠳᠬᠦ᠌ ᠬᠡᠷᠡᠭ᠌ᠲᠡᠢ ᠭᠡᠵᠤ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面