ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-17 12:36:07

ᠵᠣᠬᠢᠶᠠᠭ᠍ᠴᠢ᠄ ​ ᠲᠡᠭᠦᠰᠪᠢᠯᠢᠭ ᠸᠠᠩ ᠬᠤᠤ ᠭᠦᠸᠧ ᠴᠢ ᠨᠠᠨ ᠱᠢᠤᠢ ᠶᠤᠸᠠᠢ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 15 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ ᠪᠣᠯᠤᠨ ᠪᠠᠶᠠᠨᠨᠠᠭᠤᠷ ᠬᠤᠳᠠ᠂ ᠤᠯᠠᠭᠠᠨᠴᠠᠪ ᠬᠤᠳᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠎ᠶᠢᠨ ᠳᠡᠳ᠋ ᠳᠠᠷᠤᠭ᠎ᠠ ᠸᠠᠩ ᠱᠢᠤᠢ ᠵᠢᠶᠦ᠋ᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠶᠡᠷᠦᠩᠬᠡᠢ ᠪᠠᠢᠳᠠᠯ; ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ;《ᠲᠣᠭ᠍ᠲᠠᠭᠠᠯ 》ᠳ᠋ᠤ᠌ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ 4 ᠬᠡᠰᠡᠭ᠎ᠢᠶᠡᠷ ᠭᠦᠨᠵᠡᠭᠡᠢ ᠨᠠᠷᠢᠯᠢᠭ ᠲᠠᠢᠯᠤᠮᠵᠢ ᠬᠢᠪᠡ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠤᠤᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠭᠤᠤᠯᠳᠠᠯᠭ᠎ᠠ ᠲᠣᠪᠣᠢᠮ᠎ᠠ ᠪᠤᠯᠪᠠ᠃

ᠲᠤᠬᠠᠶ᠎ᠶ᠋ᠢᠨ ᠲᠠᠯᠠᠪᠠᠶ᠎ᠳᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠎ᠶᠢᠨ ᠵᠠᠰᠠᠭ ᠵᠠᠬᠢᠷᠭᠠᠨ᠎ᠤ ᠲᠢᠩᠬᠢᠮ᠎ᠦᠨ ᠱᠢᠭᠦᠭ᠌ᠴᠢ᠎ᠶ᠋ᠢᠨ ᠲᠤᠰᠠᠯᠠᠭ᠍ᠴᠢ ᠰᠦᠨ ᠰᠤ᠌ ᠬᠤᠸᠠ᠂ ᠱᠢᠭᠦᠭ᠌ᠴᠢ᠎ᠶ᠋ᠢᠨ ᠲᠤᠰᠠᠯᠠᠭ᠍ᠴᠢ ᠪᠣᠯᠤᠭ᠍ᠰᠠᠨ᠎ᠤ ᠬᠤᠪᠢ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠶᠡᠬᠡ ᠲᠠᠯ᠎ᠠ᠎ᠳᠤ ᠦᠶ᠋ᠯᠡᠴᠢᠯᠡᠬᠦ᠌᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ᠎ᠶ᠋ᠢ ᠪᠠᠷᠢᠮᠲᠠᠯᠠᠵᠤ᠂ 《 ᠪᠢ ᠦᠪᠡᠷ ᠲᠡᠭᠡᠨ ᠵᠠᠭᠠᠯᠳᠤᠯᠭ᠎ᠠ ᠬᠢᠵᠦ᠍ ᠪᠠᠢᠬᠤ ᠮᠡᠳᠦ》 ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠡᠭᠦᠷᠭᠡ ᠬᠠᠷᠢᠭᠤᠴᠠᠯᠭ᠎ᠠ᠎ᠪᠠᠨ ᠴᠢᠳᠠᠮᠠᠭᠠᠢ ᠭᠦᠶ᠋ᠴᠡᠳᠭᠡᠵᠦ᠍᠂ ᠵᠠᠰᠠᠭ ᠵᠠᠬᠢᠷᠭᠠᠨ᠎ᠤ ᠬᠠᠤᠯᠢ ᠴᠠᠭᠠᠵᠠ᠎ᠶ᠋ᠢᠨ ᠱᠢᠭᠦᠨ ᠲᠠᠰᠤᠯᠬᠤ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃

ᠪᠠᠶᠠᠨᠨᠠᠭᠤᠷ ᠬᠤᠳᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠰᠦᠯᠵᠢᠶᠡᠨ᠎ᠤ ᠠᠮᠤᠷ ᠲᠦᠪᠰᠢᠨ ᠪᠠ ᠮᠡᠳᠡᠬᠡ ᠵᠠᠨᠭᠬᠢᠵᠢᠯᠳᠠ᠎ᠶᠢᠨ ᠤᠳᠤᠷᠢᠳᠬᠤ ᠳᠤᠭᠤᠢᠯᠠᠩ᠎ᠤᠨ ᠠᠯᠪᠠᠨ ᠭᠡᠷ᠎ᠦᠨ ᠡᠷᠬᠢᠯᠡᠭ᠌ᠴᠢ ᠯᠢ ᠫᠸᠢ ᠶᠠᠨ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ ᠵᠢᠨ ᠵᠢᠯᠣᠭᠣᠳᠭᠤ ᠦᠵᠡᠯ ᠰᠠᠨᠠᠭ᠎ᠠ᠂ ᠬᠠᠷᠠᠯᠲᠠ ᠵᠠᠷᠴᠢᠮ᠎ᠢ ᠭᠦᠨᠵᠡᠭᠡᠢ ᠲᠠᠨᠢᠬᠤ; ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠴᠢᠨᠠᠷ ᠪᠠ ᠵᠠᠢᠯᠠᠰᠢ ᠦᠭᠡᠢ ᠴᠢᠨᠠᠷ᠎ᠢ ᠭᠦᠨᠵᠡᠭᠡᠢ ᠲᠠᠨᠢᠬᠤ; 《ᠲᠣᠭ᠍ᠲᠠᠭᠠᠯ》 ᠳ᠋ᠤ᠌ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ 4 ᠲᠠᠯ᠎ᠠ᠎ᠶᠢᠨ ᠳᠤᠭᠤᠷᠢᠨ᠎ᠳᠦ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠤᠷᠢᠯᠠᠪᠠ᠃

《ᠦᠨᠳᠦᠰᠦᠨ ᠱᠠᠲᠤᠨ᠎ᠤ ᠨᠡᠢᠭᠡᠮ ᠲᠣᠭᠣᠷᠢᠭ᠎ᠤᠨ᠎ᠬᠢᠨ ᠲᠤᠭᠠᠴᠢᠯᠠᠬᠰᠠᠨ ᠤᠶᠤᠨᠴᠢᠯᠠᠬᠰᠠᠨ ᠮᠡᠷᠭᠡᠵᠢᠯ᠎ᠢ ᠬᠡᠷᠡᠭ᠌ᠯᠡᠨ 〈ᠨᠠᠰᠤᠲᠠᠢᠴᠤᠳ᠎ᠲᠤ ᠬᠠᠪᠰᠤᠷᠤᠯᠭ᠎ᠠ ᠦᠵᠡᠭᠦᠯᠬᠦ᠌〉 ᠠᠵᠢᠯ᠎ᠢ ᠬᠡᠷᠬᠢᠨ ᠰᠠᠢᠲᠤᠷ ᠬᠢᠬᠦ᠌ ᠪᠣᠶ? 》

《ᠡᠨᠡ ᠠᠰᠠᠭᠤᠯᠳᠠ ᠵᠢ ᠮᠠᠰᠢ ᠰᠠᠢᠨ ᠠᠰᠠᠭᠤᠯ᠎ᠠ᠂ ᠡᠨᠡ ᠤᠳᠠᠭ᠎ᠠ᠎ᠶ᠋ᠢᠨ ᠭᠤᠷᠪᠠᠳᠤᠭᠠᠷ ᠪᠥᠬᠥᠳᠡ ᠬᠤᠷᠠᠯ ᠡᠴᠡ ᠪᠠᠰᠠ ᠣᠶᠤᠨᠴᠢ ᠨᠠᠰᠤᠵᠢᠯ᠎ᠤᠨ ᠠᠰᠠᠷᠠᠮᠵᠢ᠂ ᠨᠠᠰᠤᠵᠢᠯᠲᠠ᠎ᠳᠤ ᠳᠣᠭᠢᠷᠠᠬᠤ ᠥᠭᠡᠷᠡᠴᠢᠯᠡᠯᠲᠡ᠎ᠶ᠋ᠢ ᠠᠬᠢᠭᠤᠯᠬᠤ ᠵᠡᠷᠭᠡ ᠠᠰᠠᠭᠤᠳᠠᠯ᠎ᠢ ᠣᠨᠴᠠᠭᠠᠢᠯᠠᠨ ᠳᠤᠷᠠᠳᠤᠭ᠍ᠰᠠᠨ ᠪᠠᠢᠨ᠎ᠠ᠃ ᠵᠢᠱ᠌ᠢᠶᠡᠯᠡᠪᠡᠯ ᠪᠡᠯᠪᠡᠰᠦᠨ ᠭᠣᠣᠨᠢ ᠨᠠᠰᠤᠲᠠᠨ᠎ᠤ ᠬᠡᠷ᠎ᠲᠦ ᠳᠠᠭᠤᠳᠠᠬᠤ ᠳᠠᠷᠤᠪᠴᠢ᠂ ᠬᠡᠲᠦ ᠤᠯᠠᠭᠠᠨ ᠰᠠᠴᠤᠷᠠᠭ᠎ᠤᠨ ᠨᠥᠯᠥᠭᠡᠯᠡᠯ᠎ᠦᠨ ᠳᠦᠷᠰᠦ ᠱᠢᠩᠭᠡᠭᠡᠬᠦ᠌ ᠮᠠᠱᠢᠨ ᠵᠡᠷᠭᠡ ᠤᠶᠤᠨᠴᠢ ᠲᠤᠨᠤᠭ ᠲᠥᠬᠥᠭᠡᠷᠦᠮᠵᠢ ᠤᠭ᠍ᠰᠠᠷᠠᠵᠤ᠂ ᠨᠥᠭᠥᠭᠡ ᠦᠵᠦᠭᠦᠷ᠎ᠢ ᠨᠢ ᠨᠡᠢᠭᠡᠮ ᠲᠣᠭᠣᠷᠢᠭ᠎ᠲᠠᠶ ᠬᠣᠯᠪᠣᠵᠤ᠂ ᠬᠡᠵᠢᠶ᠎ᠡ ᠴᠦ᠍ ᠭᠡᠰᠡᠨ ᠨᠠᠰᠤᠲᠠᠢᠴᠤᠳ᠎ᠲᠤ ᠦᠶ᠋ᠯᠡᠴᠢᠯᠡᠭᠡ ᠬᠠᠩᠭᠠᠵᠤ ᠪᠣᠯᠤᠨ᠎ᠠ᠂ ᠪᠠᠰᠠ ᠨᠠᠰᠤᠲᠠᠨ᠎ᠤ ᠡᠷᠡᠭᠦᠯ ᠮᠡᠨᠳᠦ᠍᠎ᠶ᠋ᠢᠨ ᠪᠠᠢᠳᠠᠯ᠎ᠢ ᠴᠠᠭ ᠲᠤᠬᠠᠶ᠎ᠳᠤᠨᠢ ᠬᠢᠨᠠᠨ ᠬᠡᠮᠵᠢᠵᠦ᠍ ᠪᠣᠯᠤᠨ᠎ᠠ ᠁》 ᠮᠡᠳᠡᠭᠦᠯᠦᠯᠲᠡ᠎ᠶ᠋ᠢᠨ ᠬᠤᠷᠠᠯ ᠲᠡᠭᠦᠰᠦᠭ᠌ᠰᠡᠨ᠎ᠦ ᠳᠠᠷᠠᠭ᠎ᠠ᠂ ᠯᠢ ᠫᠸᠢ ᠶᠠᠨ ᠯᠢᠨ ᠾᠧ ᠲᠣᠭᠣᠷᠢᠭ᠎ᠤᠨ ᠪᠦᠯᠬᠦᠮᠳᠡᠯ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠥᠨᠥᠳᠦᠷ ᠨᠡᠢᠭᠡᠮ ᠲᠣᠭᠣᠷᠢᠭ᠎ᠲᠤ ᠭᠦᠨᠵᠡᠭᠡᠢᠷᠡᠵᠦ᠍᠂ ᠨᠡᠢᠭᠡᠮ ᠲᠣᠭᠣᠷᠢᠭ᠎ᠤᠨ ᠠᠵᠢᠯᠲᠠᠨ ᠪᠣᠯᠤᠨ ᠣᠯᠠᠨ ᠲᠦᠮᠡᠨ᠎ᠦ ᠲᠥᠯᠥᠭᠡᠯᠡᠭ᠌ᠴᠢᠳ᠎ᠲᠡᠶ ᠬᠠᠮᠲᠤ ᠰᠠᠭᠤᠵᠤ ᠳᠣᠲᠣᠨᠣ᠎ᠪᠠᠷ ᠶᠠᠷᠢᠯᠴᠠᠵᠤ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠢ ᠬᠦᠯᠢᠴᠡᠩᠭᠦᠶ ᠨᠠᠷᠢᠨ ᠨᠢᠮᠪᠠᠶ ᠲᠠᠢᠯᠪᠤᠷᠢᠯᠠᠪᠠ᠃

《ᠥᠨᠥᠳᠦᠷ᠎ᠦᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ᠂ ᠪᠢᠳᠠ ᠱᠢᠨ᠎ᠡ ᠴᠠᠭ ᠦᠶ᠎ᠡ᠎ᠳᠦ ᠠᠮᠢᠳᠤᠷᠠᠵᠤ ᠪᠠᠢᠬᠤ ᠨᠢ ᠬᠡᠴᠢᠨᠡᠨ ᠵᠢᠷᠭᠠᠯ᠎ᠲᠠᠶ ᠬᠡᠳᠡᠭ᠎ᠢ ᠨᠡᠩ ᠬᠦᠨᠵᠡᠭᠡᠢ ᠮᠡᠳᠡᠷᠡᠪᠠ᠂ ᠬᠣᠢᠱᠢᠳᠠ ᠯᠠᠪᠲᠠᠢ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠵᠤ᠂ ᠢᠲᠡᠭᠡᠯ ᠲᠡᠭᠦᠯᠳᠡᠷ᠎ᠢᠶᠡᠷ ᠵᠢᠷᠭᠠᠯᠲᠤ ᠢᠷᠡᠭᠡᠳᠦᠢ ᠵᠦᠭ ᠤᠷᠤᠭ᠍ᠰᠢᠯᠠᠨ᠎ᠠ》 ᠭᠡᠵᠦ᠍ ᠥᠨᠥᠳᠦᠷ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠵᠣᠣ ᠮᠤᠤ ᠰᠡᠳᠭᠢᠯ ᠳᠣᠭ᠍ᠳᠣᠯᠤᠨ ᠬᠡᠯᠡᠪᠡ᠃

ᠤᠯᠠᠭᠠᠨᠴᠠᠪ ᠬᠣᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠬᠢᠵᠢᠯᠳᠠ᠎ᠶ᠋ᠢᠨ ᠲᠢᠩᠬᠢᠮ᠎ᠦᠨ ᠳᠠᠷᠤᠭ᠎ᠠ ᠸᠠᠩ ᠵᠢᠨ ᠪᠦᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》 ᠎ᠳ᠋ᠤ᠌ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠬᠤ 4 ᠲᠠᠯ᠎ᠠ᠎ᠶᠢᠨ ᠳᠤᠭᠤᠷᠢᠨ᠎ᠳᠦ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠣᠲᠠ᠎ᠶ᠋ᠢᠨ ᠠᠵᠤ ᠦᠶ᠋ᠯᠡᠳᠪᠦᠷᠢ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠪᠠᠢᠳᠠᠯ᠎ᠲᠠᠶ ᠤᠶᠠᠯᠳᠤᠭᠤᠯᠤᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠳᠤ ᠭᠦᠨᠵᠡᠭᠡᠶ ᠲᠠᠢᠯᠪᠤᠷᠢᠯᠠᠯᠲᠠ ᠬᠢᠪᠡ᠃

《ᠪᠢᠳᠠ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠦᠬᠦ᠌ ᠤᠯᠤᠰ᠎ᠤᠨ ᠨᠢᠭᠡ ᠴᠤᠬ᠍ᠴᠠᠵᠢᠭᠤᠯᠤᠬ᠍ᠰᠠᠨ ᠪᠤᠳᠤᠯᠳᠠ ᠵᠢᠨ ᠴᠢᠳᠠᠪᠤᠷᠢ᠎ᠶ᠋ᠢᠨ ᠳᠤᠤᠷ᠎ᠤᠨ ᠤᠯᠤᠰ᠎ᠤᠨ ᠵᠠᠩᠭᠢᠯᠠᠭ᠎ᠠ᠎ᠶ᠋ᠢᠨ ᠴᠡᠭ᠎ᠢ ᠪᠦᠳᠦᠬᠡᠨ ᠪᠠᠢᠭᠤᠯᠬᠤ᠎ᠪᠠᠷ ᠭᠠᠷᠳᠠᠴᠠ ᠪᠣᠯᠭᠠᠵᠤ᠂ ᠪᠤᠳᠤᠯᠳᠠ ᠵᠢᠨ ᠴᠢᠳᠠᠪᠤᠷᠢ᠎ᠶ᠋ᠢᠨ ᠲᠥᠪ᠎ᠦᠨ ᠪᠠᠢᠷᠢᠱᠢᠭᠤᠯᠤᠯᠲᠠ ᠪᠦᠳᠦᠬᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠪᠤᠳᠤᠯᠳᠠ ᠵᠢᠨ ᠴᠢᠳᠠᠪᠤᠷᠢ᠎ᠶ᠋ᠢᠨ ᠠᠵᠤ ᠦᠢᠯᠡᠰ᠎ᠦᠨ ᠬᠡᠪᠴᠢᠶ᠎ᠡ᠎ᠶ᠋ᠢ ᠳᠠᠰᠤᠷᠠᠯᠳᠠ ᠦᠬᠡᠢ ᠥᠷᠭᠡᠳᠭᠡᠵᠦ᠍᠂ ᠲᠣᠭᠠᠴᠢᠯᠠᠭ᠍ᠰᠠᠨ ᠲᠣᠨᠣᠭ᠍ᠯᠠᠯ ᠦᠢᠯᠡᠳᠬᠦ᠌ ᠪᠠ ᠳ᠋ᠠᠢᠲ᠋ᠠ᠎ᠶ᠋ᠢᠨ ᠬᠡᠷᠡᠭ᠌ᠯᠡᠯᠲᠡ ᠪᠣᠯᠤᠨ ᠦᠢᠯᠡᠴᠢᠯᠡᠭᠡᠨ᠎ᠦ ᠠᠵᠤ ᠦᠢᠯᠡᠰ᠎ᠢ ᠢᠵᠢ ᠪᠦᠷᠢᠳᠦᠬᠦᠯᠤᠨ ᠬᠥᠭ᠌ᠵᠢᠭᠦᠯᠵᠦ᠍᠂ ᠲᠣᠭᠠᠴᠢᠯᠠᠭ᠍ᠰᠠᠨ ᠠᠵᠤ ᠦᠢᠯᠡᠰ᠎ᠦᠨ ᠬᠡᠯᠬᠢᠶ᠎ᠡ᠎ᠶ᠋ᠢ ᠤᠯᠠᠨ ᠴᠢᠭᠯᠡᠯ᠎ᠢᠶᠡᠷ ᠥᠷᠭᠡᠳᠭᠡᠬᠦ᠌᠎ᠶ᠋ᠢ ᠬᠦᠴᠦᠯᠡᠨ ᠠᠬᠢᠭᠤᠯᠤᠨ᠎ᠠ》 ᠭᠡᠵᠦ ᠤᠯᠠᠭᠠᠨᠴᠠᠪ ᠬᠣᠲᠠ᠎ᠶ᠋ᠢᠨ ᠲᠣᠮᠣ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠯᠢᠦ ᠬᠤᠸᠠᠨ ᠬᠡᠯᠡᠪᠡ᠃

ᠲᠤᠰ ᠡᠳᠦᠷ᠎ᠦᠨ ᠦᠳᠡ᠎ᠶ᠋ᠢᠨ ᠬᠣᠢᠨ᠎ᠠ᠂ ᠸᠠᠩ ᠵᠢᠨ ᠪᠦᠦ ᠪᠠᠰᠠ ᠥᠪᠥᠷ ᠮᠣᠩᠭᠣᠯ᠎ᠤᠨ ᠰᠠᠨ ᠱᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠳᠤ ᠬᠦᠷᠴᠦ᠍᠂ ᠤᠯᠠᠭᠠᠨᠴᠠᠪ ᠬᠤᠳᠠ᠎ᠶ᠋ᠢᠨ ᠠᠵᠤ ᠠᠬᠤᠢᠯᠠᠯ᠎ᠤᠨ ᠠᠵᠢᠯᠳᠠᠨ ᠠᠵᠢᠯᠴᠢᠨ᠎ᠤ ᠲᠥᠯᠥᠭᠡᠯᠡᠭ᠌ᠴᠢᠳ᠎ᠲᠡᠶ ᠨᠢᠭᠤᠷᠳᠠᠨ ᠶᠠᠷᠢᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面