ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-13 09:51:35

ᠵᠣᠬᠢᠶᠠᠭ᠍ᠴᠢ᠄ ᠰᠥᠩ ᠠ ᠨᠠᠨ ᠭᠤᠤ ᠮᠢᠨ ᠨᠠ ᠸᠠᠩ ᠲᠠᠨ᠎ᠠ ᠱᠢᠤᠢ ᠶᠤᠸᠠᠢ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ ᠤ᠋ ᠨᠠᠮ᠎ᠤᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠺᠠᠳ᠋ᠷ ᠤᠯᠠᠨ ᠲᠦᠮᠡᠨ᠎ᠦ ᠬᠦᠴᠦᠯᠡᠨ ᠴᠢᠷᠮᠠᠢᠵᠤ ᠦᠷᠭᠦᠯᠵᠢᠯᠡᠨ ᠱᠢᠨ᠎ᠡ ᠭᠠᠪᠢᠶ᠎ᠠ ᠪᠠᠢᠭᠤᠯᠬᠤ ᠵᠢ ᠵᠣᠷᠢᠭ᠍ᠵᠢᠭᠤᠯᠪᠠ


ᠠᠷᠠᠳ᠎ᠤᠨ ᠲᠥᠯᠥᠭᠡ ᠬᠦᠭᠵᠢᠯᠳᠡ ᠵᠢ ᠡᠷᠬᠢᠮᠯᠡᠵᠦ᠂ ᠠᠷᠠᠳ᠎ᠤᠨ ᠲᠥᠯᠥᠭᠡ ᠥᠭᠡᠷᠡᠴᠢᠯᠡᠯᠲᠡ ᠬᠢᠵᠦ᠍᠂ ᠠᠷᠠᠳ ᠲᠦᠮᠡᠨ ᠳ᠋ᠦ ᠪᠤᠶᠠᠨ ᠵᠢᠷᠭᠠᠯ ᠡᠳ᠋ᠯᠡᠭᠦᠯᠦᠨ᠎ᠡ᠃ ᠨᠠᠮ᠎ᠤᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠡᠴᠡ ᠥᠭᠡᠷᠡᠴᠢᠯᠡᠯᠲᠡ ᠵᠢ ᠤᠯᠠᠮ ᠴᠢᠨᠠᠭ᠍ᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠪᠦᠷᠢᠶ᠎ᠡ ᠵᠢ ᠬᠠᠩᠭᠢᠨᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ ᠢ᠋ ᠵᠢᠷᠤᠭ᠍ᠯᠠᠪᠠ᠃ ᠥᠪᠡᠷᠲᠡᠭᠡᠨ ᠵᠠᠰᠠᠬᠤ ᠣᠷᠣᠨ ᠤ᠋ ᠨᠠᠮ᠎ᠤᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠢ᠍ᠮᠠᠳᠤᠭᠠᠷ ᠪᠦᠬᠦᠳᠡ ᠬᠤᠷᠠᠯ ᠡᠴᠡ ᠨᠠᠮ᠎ᠤᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠰᠤᠷᠤᠯᠴᠠᠨ ᠲᠤᠭᠤᠱᠢᠯᠠᠭᠤᠯᠵᠤ ᠰᠠᠢᠲᠤᠷ ᠨᠠᠢᠳᠠᠪᠤᠷᠢᠵᠢᠭᠤᠯᠬᠤ ᠲᠤᠬᠠᠢ ᠪᠠᠢᠷᠢᠯᠠᠭᠤᠯᠤᠯᠲᠠ ᠬᠢᠵᠡᠢ᠃ ᠣᠢᠷ᠎ᠠ ᠵᠢᠨ ᠡᠳᠦᠷ᠎ᠲᠦ ᠂ ᠪᠥᠬᠥ᠌ ᠣᠷᠣᠨ ᠤ᠋ ᠥᠷᠭᠡᠨ ᠣᠯᠠᠨ ᠺᠠᠳ᠋ᠷ ᠣᠯᠠᠨ ᠲᠦᠮᠡᠨ ᠤ᠋ ᠳᠤᠮᠳᠠ ᠰᠤᠷᠤᠯᠴᠠᠬᠤ ᠬᠠᠯᠠᠭᠤᠨ ᠥᠷᠨᠢᠯᠲᠡ ᠭᠠᠷᠴᠤ᠂ ᠣᠯᠠᠨ ᠵᠢᠡᠷ ᠵᠢᠠᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠭᠡᠵᠦ᠍᠂ ᠥᠭᠡᠷᠡᠴᠢᠯᠡᠯᠲᠡ ᠵᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠠᠭ ᠦᠶ᠎ᠡ ᠵᠢᠨ ᠬᠦᠨᠳᠦ ᠡᠭᠦᠷᠭᠡ ᠵᠢ ᠡᠷᠡᠰ ᠡᠭᠦᠷᠭᠡᠯᠡᠵᠦ᠍᠂ ᠪᠣᠳᠠᠲᠤ ᠠᠵᠢᠯᠯᠠᠭ᠎ᠠ᠎ᠪᠠᠷ ᠵᠢᠠᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ ᠢ᠋ ᠲᠠᠰᠤᠷᠠᠯᠲᠠ ᠥᠬᠡᠶ ᠬᠠᠩᠭᠠᠵᠤ᠂ ᠬᠦᠴᠤᠯᠠᠨ ᠳᠡᠮᠡᠴᠡᠬᠦ ᠪᠡᠷ ᠳᠠᠮᠵᠢᠨ ᠬᠦᠰᠡᠯ᠎ᠵᠢᠡᠨ ᠪᠣᠳᠠᠲᠠᠢᠵᠢᠭᠤᠯᠤᠨ᠎ᠠ ᠭᠡᠵᠤ ᠢᠯᠡᠳᠭᠡᠵᠡᠭᠡᠪᠠ᠃

ᠪᠤᠭᠤᠲᠤ ᠬᠣᠲᠠ ᠵᠢᠨ ᠴᠢᠩᠱᠠᠨ ᠲᠣᠭᠣᠷᠢᠭ᠎ᠤᠨ ᠨᠠᠮ᠎ᠤᠨ ᠬᠣᠷᠢᠶᠠᠨ ᠤ᠋ ᠨᠡᠢᠭᠡᠮ ᠤ᠋ᠨ ᠠᠵᠢᠯ᠎ᠤᠨ ᠬᠡᠯᠲᠡᠰ ᠤ᠋ᠨ ᠳᠠᠷᠤᠭ᠎ᠠ ᠯᠢ ᠵᠢᠨ ᠶᠠᠨ᠂ ᠨᠠᠮ᠎ᠤᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠡᠴᠡ ᠣᠯᠠᠨ ᠨᠡᠢᠲᠡ ᠵᠢᠨ ᠦᠨᠳᠦᠰᠦᠨ ᠦᠶ᠋ᠯᠡᠴᠢᠯᠡᠭᠡᠨ᠎ᠦ ᠲᠦᠷᠢᠮ ᠤ᠋ᠨ ᠱᠢᠰᠲ᠋ᠧᠮ ᠢ᠋ ᠲᠡᠭᠦᠯᠳᠡᠷᠵᠢᠭᠦᠯᠵᠦ᠍ ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ ᠢ᠋ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ ᠵᠢ ᠴᠢᠩᠭᠠᠳᠭᠠᠪᠠ ᠭᠡᠵᠤ ᠵᠢᠭᠠᠵᠤ ᠭᠠᠷᠭᠠᠪᠠ᠃ ᠣᠢᠷ᠎ᠠ ᠵᠢᠨ ᠵᠢᠯ ᠡᠴᠡ ᠨᠠᠭᠠᠰᠢ᠂ ᠪᠤᠭᠤᠲᠤ ᠬᠣᠲᠠ ᠵᠢᠨ ᠴᠢᠩᠱᠠᠨ ᠲᠣᠭᠣᠷᠢᠭ ᠦᠶ᠋ᠯᠡᠴᠢᠯᠡᠭᠡᠨ᠎ᠦ ᠬᠦᠷᠢᠶ᠎ᠡ ᠬᠡᠪᠴᠢᠶ᠎ᠡ ᠵᠢᠨ ᠲᠠᠯ᠎ᠠ᠎ᠪᠠᠷ᠂ ᠦᠢᠯᠡᠴᠢᠯᠡᠭᠡᠨ ᠤ᠋ ᠲᠤᠤᠷ ᠢ᠋ ᠨᠢᠬᠳᠠ ᠰᠦᠯᠵᠢᠵᠤ᠂ ᠲᠤᠤᠷᠵᠢᠭᠤᠯᠤᠯᠳᠠ ᠵᠢ ᠨᠡᠢᠲᠡ 127 ᠨᠡᠮᠡᠭ᠌ᠳᠡᠭᠦᠯᠪᠡ; ᠨᠡᠢᠭᠡᠮ ᠲᠣᠭᠣᠷᠢᠭ᠎ᠤᠨ ᠡᠩᠨᠡᠭᠡᠨ᠎ᠦ ᠪᠠᠢᠭᠤᠯᠤᠯᠲᠠ ᠵᠢᠨ ᠲᠠᠯ᠎ᠠ᠎ᠪᠠᠷ᠂ ᠱᠠᠳᠤ ᠬᠤᠪᠢᠶᠠᠨ ᠵᠣᠷᠢᠭ᠍ᠵᠢᠭᠤᠯᠬᠤ ᠵᠢ ᠪᠡᠶᠡᠯᠡᠭᠦᠯᠵᠦ᠍᠂ ᠣᠳᠣᠬᠠᠨ ᠳ᠋ᠦ᠍ 100 ᠭᠠᠷᠤᠶ ᠠᠵᠢᠯᠲᠠᠨ ᠤ᠋ ᠴᠠᠯᠢᠡᠭ ᠣᠯᠭᠣᠮᠵᠢ ᠵᠢ ᠭᠠᠷᠳᠠᠭᠤᠯᠵᠠᠢ; ᠦᠶ᠋ᠯᠡᠴᠢᠯᠡᠭᠡᠨ᠎ᠦ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠲᠠᠯ᠎ᠠ᠎ᠪᠠᠷ᠂ 10 ᠵᠡᠭᠡᠯᠢ ᠪᠠᠯᠭᠠᠰᠤᠨ ᠳ᠋ᠦ᠍ ᠨᠡᠢᠭᠡᠮ ᠤ᠋ᠨ ᠠᠵᠢᠯ᠎ᠤᠨ ᠦᠶ᠋ᠯᠡᠴᠢᠯᠡᠭᠡᠨ᠎ᠦ ᠪᠠᠢᠭᠤᠯᠤᠮᠵᠢ ᠵᠢ ᠣᠷᠣᠭᠤᠯᠤᠨ ᠠᠪᠴᠢᠷᠠᠵᠤ᠂ ᠰᠠᠭᠤᠭᠠᠯᠢ ᠠᠷᠠᠳ ᠲᠦ᠍ ᠨᠠᠰᠤᠲᠠᠢᠴᠤᠳ ᠲᠦ᠍ ᠲᠤᠰᠠᠯᠠᠬᠤ᠂ ᠬᠡᠦᠬᠡᠳ ᠪᠠᠭᠠᠴᠤᠳ ᠲᠦ᠍ ᠲᠤᠰᠠᠯᠠᠬᠤ᠂ ᠵᠡᠮᠳᠡᠭ᠌ᠴᠦᠳ ᠲᠦ᠍ ᠲᠤᠰᠠᠯᠠᠬᠤ᠂ ᠬᠦᠴᠢᠷᠳᠡᠯᠲᠡᠶ ᠬᠥᠮᠦᠰ ᠲᠦ᠍ ᠲᠤᠰᠠᠯᠠᠬᠤ ᠵᠡᠷᠭᠡ ᠲᠤᠰᠭᠠᠶ ᠦᠶ᠋ᠯᠡᠴᠢᠯᠡᠭᠡ ᠬᠠᠩᠭᠠᠭᠰᠠᠨ ᠪᠠᠢᠨ᠎ᠠ᠃ 《ᠬᠣᠢᠱᠢᠳᠠ᠂ ᠴᠢᠩᠱᠠᠨ ᠲᠣᠭᠣᠷᠢᠭ᠎ᠤᠨ ᠬᠢᠨ ᠨᠡᠢᠭᠡᠮ ᠲᠣᠭᠣᠷᠢᠭ᠎ᠢᠶᠠᠷ ᠭᠤᠤᠯ ᠪᠣᠯᠭᠠᠵᠤ᠂ ᠨᠡᠢᠭᠡᠮ ᠲᠣᠭᠣᠷᠢᠭ᠎ᠤᠨ ᠵᠠᠰᠠᠯᠲᠠ ᠪᠠ ᠦᠶ᠋ᠯᠡᠴᠢᠯᠡᠭᠡ᠎ᠵᠢ ᠢᠳᠡᠪᠬᠢᠲᠡᠶ ᠥᠷᠭᠡᠳᠭᠡᠵᠦ᠍᠂ ᠨᠡᠢᠭᠡᠮ ᠤ᠋ᠨ ᠬᠦᠴᠦᠨ ᠪᠠ ᠨᠡᠢᠭᠡᠮ ᠤ᠋ᠨ ᠨᠢᠭᠦᠯᠡᠰᠦᠩᠭᠦᠶ ᠵᠢᠨ ᠡᠬᠢ ᠪᠠᠶᠠᠯᠢᠭ ᠢ᠋ ᠬᠠᠮᠤᠭ᠎ᠤᠨ ᠶᠡᠬᠡ᠎ᠪᠡᠷ ᠳᠠᠢᠴᠢᠯᠠᠵᠤ᠂ ᠠᠷᠠᠳ ᠣᠯᠠᠨ ᠤ᠋ ᠬᠠᠮᠤᠭ ᠡᠴᠡ ᠠᠩᠬᠠᠷᠴᠤ᠌ ᠪᠠᠢᠭ᠎ᠠ ᠂ ᠬᠠᠮᠤᠭ᠎ᠤᠨ ᠱᠢᠭᠤᠳ᠂ ᠬᠠᠮᠤᠭ᠎ᠤᠨ ᠪᠣᠳᠠᠲᠠᠶ ᠠᠱᠢᠭ ᠲᠤᠰᠠ ᠵᠢᠨ ᠠᠰᠠᠭᠤᠳᠠᠯ ᠢ᠋ ᠰᠠᠢᠲᠤᠷ ᠱᠢᠶ᠋ᠳᠪᠦᠷᠢᠯᠡᠵᠦ᠍᠂ ᠨᠡᠢᠭᠡᠮ ᠲᠣᠭᠣᠷᠢᠭ᠎ᠤᠨ ᠵᠠᠰᠠᠯᠲᠠ ᠵᠢᠨ ᠪᠠᠢᠭᠤᠯᠤᠮᠵᠢ ᠲᠣᠭ᠍ᠲᠠᠴᠠ ᠵᠢᠨ ᠥᠭᠡᠷᠡᠴᠢᠯᠡᠯᠲᠡ ᠵᠢ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍ ᠂ ᠴᠢᠩᠱᠠᠨ ᠲᠣᠭᠣᠷᠢᠭ᠎ᠤᠨ ᠦᠨᠳᠦᠰᠦᠨ ᠱᠠᠲᠤᠨ ᠤ᠋ ᠵᠠᠰᠠᠯᠲᠠ ᠵᠢ ᠠᠮᠢᠵᠢᠷᠠᠯ᠎ᠤᠨ ᠬᠦᠴᠦᠨ᠎ᠢᠶᠡᠷ ᠪᠢᠯᠬᠠᠭᠤᠯᠵᠤ᠂ ᠨᠠᠩ ᠳᠠᠯᠳᠠ ᠬᠦᠴᠦᠨ᠎ᠲᠡᠶ ᠪᠣᠯᠭᠠᠵᠤ᠂ ᠨᠡᠢᠭᠡᠮ ᠲᠣᠭᠣᠷᠢᠭ ᠢ᠋ ᠰᠠᠭᠤᠭᠠᠯᠢ ᠠᠷᠠᠳ᠎ᠤᠨ ᠬᠠᠮᠤᠭ᠎ᠤᠨ ᠰᠠᠨᠠᠭ᠎ᠠ ᠠᠮᠤᠷ᠂ ᠬᠠᠮᠤᠭ᠎ᠤᠨ ᠨᠠᠢᠳᠠᠪᠤᠷᠢᠳᠠᠢ ᠦᠮᠦᠭ ᠲᠦᠰᠢᠭ ᠪᠤᠯᠭᠠᠨ᠎ᠠ》 ᠭᠡᠵᠦ᠍ ᠯᠢ ᠵᠢᠨ ᠶᠠᠨ ᠬᠡᠯᠡᠪᠡ᠃

ᠬᠢᠩᠭᠠᠨ ᠠᠢᠮᠠᠭ᠎ᠤᠨ ᠲᠦᠴᠢᠦᠸᠠᠨ ᠱᠢᠶᠠᠨ ᠤ᠋ ᠲᠦᠴᠢᠦᠸᠠᠨ ᠪᠠᠯᠭᠠᠰᠤᠨ ᠤ᠋ ᠬᠦᠩ ᠨᠦᠩ ᠲᠣᠰᠭᠣᠨ ᠤ᠋ ᠲᠣᠰᠭᠣᠨ ᠳ᠋ᠦ᠍ ᠰᠠᠭᠤᠭ᠎ᠠ ᠨᠢᠭᠡᠳᠦᠭᠡᠷ ᠱᠦᠵᠢ ᠪᠠᠢ ᠷᠦ ᠶᠤᠸᠠᠨ ᠤᠢ᠍ᠢᠷ᠎ᠠ ᠳ᠋ᠦ᠍ ᠲᠣᠰᠭᠣᠨ ᠤ᠋ ᠠᠷᠠᠳ ᠲᠦ᠍ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ ᠶᠠᠭᠠᠷᠠᠨ᠎ᠠ᠃ ᠲᠠᠷᠠ᠄ 《ᠥᠪᠡᠷᠲᠡᠭᠡᠨ ᠵᠠᠰᠠᠬᠤ ᠣᠷᠣᠨ ᠤ᠋ ᠨᠠᠮ᠎ᠤᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠢ᠍ᠮᠠᠳᠤᠭᠠᠷ ᠪᠦᠬᠦᠳᠠ ᠬᠤᠷᠠᠯ ᠬᠤᠷᠠᠯᠳᠤᠬᠰᠠᠨ ᠨᠢ ᠥᠭᠡᠷᠡᠴᠢᠯᠡᠯᠲᠡ ᠪᠣᠯ ᠴᠠᠭ ᠦᠶ᠎ᠡ ᠵᠢᠨ ᠬᠠᠮᠤᠭ᠎ᠤᠨ ᠬᠦᠴᠦᠷᠬᠡᠭ ᠲᠠᠭᠤᠨ᠂ ᠬᠥᠭ᠌ᠵᠢᠯᠲᠡ ᠵᠢᠨ ᠳᠠᠭᠤᠰᠤᠰᠢ ᠦᠭᠡᠢ ᠬᠥᠳᠡᠯᠭᠡᠬᠦ᠌ ᠬᠦᠴᠦᠨ ᠮᠥᠨ ᠭᠡᠳᠡᠭ ᠢ᠋ ᠮᠠᠨᠤᠰ ᠲᠸ᠋ ᠭᠦᠨᠵᠡᠭᠡᠢ ᠲᠠᠨᠢᠭᠤᠯᠵᠠᠢ᠃ ᠬᠣᠢᠱᠢᠳᠠ ᠭᠦᠩ ᠨᠦᠩ ᠲᠣᠰᠭᠣᠨ ᠲᠦᠬᠦᠭᠡᠷᠦᠮᠵᠢᠳᠦ ᠲᠠᠷᠢᠶᠠᠯᠠᠩ ᠢ᠋ ᠦᠷᠭᠦᠯᠵᠢᠯᠡᠨ ᠬᠥᠭ᠌ᠵᠢᠭᠦᠯᠵᠦ᠍᠂ ᠬᠣᠲᠠ ᠵᠢᠨ ᠢᠳᠡᠱᠢᠨ ᠨᠣᠭᠣᠭ᠎ᠠ ᠵᠢᠨ ᠲᠥᠷᠥᠯ ᠲᠡᠮᠳᠡᠭ᠌᠎ᠢ ᠪᠣᠶ ᠪᠣᠯᠭᠠᠨ᠂ ᠲᠠᠷᠢᠶᠠᠯᠠᠬᠤ ᠡᠷᠦᠬᠡ ᠵᠢ ᠬᠥᠲᠥᠯᠦᠨ ᠵᠢᠯᠣᠭᠣᠳᠴᠤ᠌ ᠲᠠᠷᠢᠮᠠᠯ᠎ᠤᠨ ᠮᠡᠷᠭᠡᠵᠢᠯ ᠪᠠ ᠬᠠᠮᠢᠶᠠᠷᠤᠯᠲᠠ ᠵᠢᠨ ᠲᠦᠪᠰᠢᠨ᠎ᠵᠢᠡᠨ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠢᠳᠡᠱᠢᠨ ᠨᠣᠭᠣᠭ᠎ᠠ ᠵᠢᠨ ᠭᠠᠷᠤᠯᠳᠠ ᠪᠠ ᠴᠢᠨᠠᠷ ᠢ᠋ ᠳᠡᠭᠡᠭ᠌ᠰᠢᠯᠡᠭᠦᠯᠦᠨ᠂ ᠴᠢᠨᠠᠷ ᠰᠠᠢᠲᠠᠶ ᠦᠶ᠋ᠯᠡᠴᠢᠯᠡᠭᠡ᠎ᠪᠡᠷ ᠬᠡᠷᠡᠭ᠌ᠯᠡᠭ᠌ᠴᠢᠳ ᠤ᠋ᠨ ᠢᠲᠡᠭᠡᠯ ᠢ᠋ ᠤᠯᠵᠦ᠂ ᠲᠥᠷᠥᠯ ᠲᠡᠮᠳᠡᠭ᠌᠎ᠢ ᠬᠥᠮᠦᠰ ᠤ᠋ᠨ ᠰᠡᠳᠭᠢᠯ᠎ᠳᠦ ᠬᠦᠨ ᠬᠠᠳᠠᠩᠱᠢᠭᠤᠯᠤᠨ᠎ᠠ᠃ ᠲᠣᠰᠭᠣᠨ ᠤ᠋ ᠠᠷᠠᠳ᠎ᠲᠠᠶ ᠬᠠᠮᠲᠤ ᠲᠥᠬᠦᠭᠡᠷᠦᠮᠵᠢᠲᠦ ᠲᠠᠷᠢᠶᠠᠯᠠᠩ᠎ᠤᠨ ᠬᠦᠯᠡᠮᠵᠢ ᠵᠢ ᠰᠠᠢᠲᠤᠷ ᠬᠥᠭ᠌ᠵᠢᠭᠦᠯᠵᠦ᠍᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ᠂ ᠠᠷᠠᠳ ᠲᠦᠮᠡᠨ᠎ᠳ᠋ᠤ ᠵᠢᠷᠭᠠᠯᠲᠤ ᠠᠮᠢᠳᠤᠷᠠᠯ ᠡᠳ᠋ᠯᠡᠬᠦᠯᠬᠦ ᠲᠠᠯ᠎ᠠ᠎ᠪᠠᠷ ᠦᠪᠡᠷ᠎ᠤᠨ ᠬᠦᠴᠤᠨ ᠴᠢᠳᠠᠯ᠎ᠵᠢᠡᠨ ᠡᠷᠬᠦᠨ᠎ᠠ 》 ᠭᠡᠪᠡ᠃

《ᠨᠠᠮ᠎ᠤᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠡᠴᠡ ᠠᠷᠠᠳ ᠣᠯᠠᠨ ᠤ᠋ ᠬᠠᠮᠤᠭ ᠡᠴᠡ ᠠᠩᠬᠠᠷᠴᠤ᠌ ᠪᠠᠢᠭ᠎ᠠ ᠡᠮ ᠡᠮᠨᠡᠯᠭᠡ᠂ ᠠᠵᠢᠯ ᠣᠯᠭᠣᠯᠲᠠ᠂ ᠣᠯᠠᠨ ᠨᠡᠢᠲᠡ ᠵᠢᠨ ᠦᠶ᠋ᠯᠡᠴᠢᠯᠡᠭᠡ ᠵᠡᠷᠭᠡ ᠠᠵᠢᠯ ᠳ᠋ᠦ᠍ ᠪᠠᠢᠷᠢᠯᠠᠭᠤᠯᠤᠯᠲᠠ ᠬᠢᠭ᠌ᠰᠡᠨ᠎ᠨᠢ ᠨᠠᠳᠠᠳ᠋ᠦ᠍ ᠮᠠᠰᠢ ᠬᠠᠯᠠᠭᠤᠨ ᠳᠤᠯᠠᠭᠠᠬᠠᠨ ᠰᠠᠨᠠᠬᠳᠠᠯ᠎ᠠ᠃ ᠨᠠᠮ ᠪᠠ ᠵᠠᠰᠠᠭ᠎ᠤᠨ ᠣᠷᠳᠣᠨ ᠡᠴᠡ ᠥᠭᠡᠷᠡᠴᠢᠯᠡᠯᠲᠡ ᠵᠢ ᠠᠳᠭᠤᠵᠤ᠂ ᠬᠥᠭ᠌ᠵᠢᠯᠲᠡ ᠵᠢ ᠠᠬᠢᠭᠤᠯᠬᠤ ᠨᠢ ᠡᠴᠦᠰ ᠤ᠋ᠨ ᠡᠴᠦᠰ᠎ᠲᠡᠬᠡᠨ ᠪᠢᠳᠡᠨ ᠢ᠋ ᠨᠡᠩ ᠰᠠᠢ᠌ᠨ ᠠᠮᠢᠳᠤᠷᠠᠭᠤᠯᠬᠤ ᠵᠢᠨ ᠲᠥᠯᠥᠭᠡ ᠶᠤᠮ ᠃ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠪᠣᠯᠤᠭ᠍ᠰᠠᠨ ᠤ᠋ ᠬᠤᠪᠢ ᠳ᠋ᠦ᠍᠂ ᠠᠷᠠᠳ ᠲᠦᠮᠡᠨ᠎ᠳᠦ ᠦᠢᠯᠡᠴᠢᠯᠡᠬᠦ᠌ ᠠᠵᠢᠯᠯᠠᠭ᠎ᠠ ᠪᠠ ᠲᠥᠷᠥ ᠵᠢᠨ ᠪᠣᠳᠣᠯᠭ᠎ᠠ ᠨᠡᠩ ᠤᠯᠠᠨ ᠪᠤᠯᠤᠬᠰᠠᠨ ᠎ᠢ ᠪᠢ ᠰᠡᠳᠬᠢᠯ ᠎ᠤᠨ ᠤᠭ ᠡᠴᠡ ᠪᠠᠨ ᠮᠡᠳᠡᠷᠡᠵᠤ ᠪᠠᠢᠨ᠎ᠠ》 ᠭᠡᠵᠤ ᠤᠯᠠᠭᠠᠨᠬᠠᠳᠠ ᠬᠣᠲᠠ ᠵᠢᠨ ᠬᠡᠱᠢᠭ᠌ᠲᠡᠨ ᠬᠣᠱᠢᠭᠤᠨ ᠤ᠋ ᠶᠢᠩ ᠴᠠᠩ ᠵᠡᠭᠡᠯᠢ ᠭᠤᠳᠤᠮᠵᠢ ᠵᠢᠨ ᠶᠦᠨ ᠱᠠᠨ ᠨᠡᠢᠭᠡᠮ ᠲᠣᠭᠣᠷᠢᠭ᠎ᠤᠨ ᠰᠢ ᠶᠠᠩ ᠬᠣᠩ ᠨᠠᠰᠤᠳᠠᠢᠴᠤᠳ ᠎ᠤᠨ ᠨᠠᠢᠷᠠᠯ ᠳᠠᠭᠤᠤ ᠎ᠵᠢᠨ ᠪᠦᠯᠬᠦᠮ ᠤ᠋ᠨ ᠳᠠᠷᠤᠭ᠎ᠠ ᠵᠢᠨ ᠾᠧ ᠲᠠᠨᠢᠯᠴᠠᠭᠤᠯᠤᠯ᠎ᠠ᠃ ᠲᠡᠷᠡ᠄ 《ᠶᠦᠨ ᠱᠠᠨ ᠨᠡᠢᠭᠡᠮ ᠲᠣᠭᠣᠷᠢᠭ ᠲᠦ᠍ ᠣᠯᠠᠨ ᠴᠢᠳᠠᠮᠵᠢᠳᠤ ᠰᠣᠶᠣᠯ᠎ᠤᠨ ᠬᠦᠳᠡᠯᠭᠡᠭᠡᠨ᠎ᠤ ᠲᠠᠰᠤᠭ ᠪᠠᠢᠬᠤ᠎ᠪᠠᠷ ᠪᠠᠷᠠᠬᠤ ᠥᠬᠡᠶ᠂ ᠪᠦᠬᠦᠯᠢ ᠡᠳᠦᠷ᠎ᠢᠶᠡᠷ᠎ᠵᠢᠡᠨ ᠰᠦᠶ᠋ᠳᠭᠡᠯ ᠬᠤᠷᠢᠶᠠᠬᠤ ᠥᠬᠡᠶ ᠨᠠᠭᠡᠭᠡᠯᠳᠠᠳᠤ᠎ᠨᠠᠰᠤᠳᠠᠢᠴᠤᠳ᠎ᠤᠨ ᠬᠣᠭᠣᠯᠠᠨ ᠲᠢᠩᠬᠢᠮ᠎ᠲᠡᠶ ᠪᠠᠢᠵᠤ᠂ ᠡᠳᠦᠷ ᠪᠦᠷᠢ ᠵᠢᠨ ᠨᠣᠭᠣᠭ᠎ᠠ ᠵᠠᠭᠤᠰᠢ ᠳᠠᠪᠬᠤᠷᠳᠠᠬᠤ ᠥᠬᠡᠶ᠂ ᠭᠠᠭ᠍ᠴᠠᠭᠠᠷ ᠰᠠᠭᠤᠵᠤ ᠪᠠᠢᠭ᠎ᠠ ᠨᠠᠰᠤᠲᠠᠢᠴᠤᠳ᠎ᠤᠨ ᠬᠣᠭᠣᠯᠠ ᠢᠳᠡᠬᠦ᠌᠎ᠳᠦ ᠬᠦᠴᠢᠷᠲᠡᠶ ᠠᠰᠠᠭᠤᠳᠠᠯ ᠢ᠋ ᠰᠠᠢᠳᠤᠷ ᠱᠢᠶ᠋ᠳᠪᠦᠷᠢᠯᠡᠨ ᠦᠭᠪᠠ᠃ ᠨᠠᠰᠤᠲᠠᠢᠴᠤᠳ᠎ᠤᠨ ᠰᠣᠶᠣᠯ᠎ᠤᠨ ᠠᠮᠢᠳᠤᠷᠠᠯ ᠢ᠋ ᠪᠠᠶᠠᠯᠢᠭ᠍ᠵᠢᠭᠤᠯᠬᠤ ᠵᠢᠨ ᠲᠥᠯᠥᠭᠡ᠂ ᠨᠡᠢᠭᠡᠮ ᠲᠣᠭᠣᠷᠢᠭ᠎ᠤᠨ ᠬᠢᠨ ᠰᠢ ᠶᠠᠩ ᠬᠤᠩ ᠨᠠᠰᠤᠲᠠᠢᠴᠤᠳ᠎ᠤᠨ ᠨᠠᠢᠷᠠᠯ ᠳᠠᠭᠤᠤ ᠵᠢᠨ ᠪᠦᠯᠬᠦᠮ ᠢ᠋ ᠪᠠᠢᠭᠤᠯᠵᠤ᠂ ᠠᠵᠠ ᠪᠠᠷ ᠪᠢ ᠪᠦᠯᠬᠦᠮ ᠤ᠋ᠨ ᠳᠠᠷᠤᠭ᠎ᠠ᠎ᠪᠠᠷ ᠰᠣᠩᠭᠣᠭ᠍ᠳᠠᠪᠠ᠃ ᠣᠲᠣ ᠮᠠᠨ ᠤ᠋ ᠪᠦᠯᠬᠦᠮ᠎ᠳᠦ 48 ᠬᠥᠮᠦᠨ᠎ᠲᠡᠶ᠂ ᠡᠩ ᠤ᠋ᠨ ᠦᠶ᠎ᠡ᠎ᠳᠦ ᠥᠪᠡᠷ ᠵᠢᠠᠨ ᠳᠠᠭᠤᠯᠠᠨ ᠲᠤᠬᠯᠠᠬᠤ ᠡᠴᠡ ᠭᠠᠳᠠᠨ᠎ᠠ ᠪᠠᠰᠠ ᠨᠠᠰᠤᠲᠠᠢᠴᠤᠳ᠎ᠤᠨ ᠰᠠᠭᠤᠭ᠎ᠠ ᠭᠠᠵᠠᠷ᠂ ᠬᠡᠦᠬᠡᠳ ᠤ᠋ᠨ ᠴᠡᠴᠡᠷᠯᠢᠭ ᠵᠡᠷᠭᠡ ᠭᠠᠵᠠᠷ ᠎ᠵᠢᠡᠷ ᠬᠦᠷᠴᠤ ᠲᠣᠭ᠍ᠯᠠᠯᠲᠠ ᠭᠠᠷᠭᠠᠵᠤ ᠪᠤᠢ᠃ ᠥᠭᠡᠷᠡᠴᠢᠯᠡᠯᠲᠡ ᠬᠢᠬᠦ ᠪᠡᠷ ᠳᠠᠮᠵᠢᠨ ᠨᠡᠩ ᠰᠠᠢᠨ ᠦᠷ᠎ᠠ ᠪᠦᠳᠤᠮᠵᠢ ᠭᠠᠷᠭᠠᠵᠤ᠂ ᠠᠷᠠᠳ ᠤᠯᠠᠨ᠎ᠳᠤ ᠨᠡᠩ ᠤᠯᠠᠨ ᠬᠦᠷᠲᠡᠮᠵᠢ ᠵᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠂ ᠠᠮᠤᠷ ᠲᠦᠪᠱᠢᠨ᠎ᠦ ᠲᠦᠷᠦᠭ᠌ᠳᠡᠯ ᠣᠯᠭᠣᠨ᠎ᠠ》 ᠭᠡᠯ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面