2024-08-17 12:38:20
8 ᠰᠠᠷ᠎ᠠ ᠵᠢᠨ 15 ᠤ᠋ ᠡᠳᠦᠷ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠱᠢᠰᠲᠸᠮ ᠪᠣᠯᠤᠨ ᠦᠨᠳᠦᠰᠦᠨ ᠱᠠᠲᠤᠨ ᠤ᠋ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠲᠤᠰ ᠲᠤᠰ ᠬᠥᠬᠡᠬᠣᠲᠠ᠂ ᠤᠯᠠᠭᠠᠨᠬᠠᠳᠠ ᠬᠤᠳᠠ᠂ ᠱᠢᠯᠢ ᠵᠢᠨ ᠭᠣᠣᠯ ᠠᠢᠮᠠᠭ ᠪᠠ ᠬᠢᠩᠭᠠᠨ ᠠᠢᠮᠠᠭ ᠲᠦ᠍ ᠶᠠᠪᠤᠭᠳᠠᠪᠠ᠃
ᠲᠤᠰ ᠡᠳᠦᠷ ᠤ᠋ᠨ ᠦᠳᠡ ᠵᠢᠨ ᠡᠮᠦᠨ᠎ᠡ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠤᠮᠠᠷᠠᠲᠤ ᠬᠢᠯᠢ ᠵᠢᠨ ᠡᠮᠡᠭ᠌ᠲᠡᠢᠴᠦᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠬᠥᠬᠡᠬᠣᠲᠠ ᠳ᠋ᠦ᠍ ᠤᠬᠠᠭᠤᠯᠤᠨ ᠲᠠᠢᠯᠪᠤᠷᠢᠯᠠᠪᠠ ᠃ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠤᠮᠠᠷᠠᠲᠤ ᠬᠢᠯᠢ ᠵᠢᠨ ᠡᠮᠡᠭ᠌ᠲᠡᠢᠴᠦᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ᠋ ᠡᠮᠡᠭ᠌ᠲᠡᠢᠴᠦᠳ ᠤ᠋ᠨ ᠬᠣᠯᠪᠣᠭ᠎ᠠ ᠵᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠡᠷᠢᠭᠦᠯᠡᠭ᠌ᠴᠢ ᠸᠠᠩ ᠹᠠᠩ ᠬᠥᠬᠡᠬᠣᠲᠠ ᠵᠢᠨ ᠰᠣᠶᠣᠯ ᠤ᠋ᠨ ᠣᠷᠳᠣᠨ ᠳ᠋ᠦ᠍ ᠬᠦᠷᠴᠦ᠍᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠶ᠋ᠴᠡᠳ ᠲᠠᠨᠢᠬᠤ ᠪᠠ ᠪᠥᠬᠥ᠌ ᠲᠠᠯ᠎ᠠ ᠪᠡᠷ ᠡᠵᠡᠮᠳᠡᠬᠦ᠌ ᠂ ᠪᠥᠬᠥᠳᠡ ᠬᠤᠷᠠᠯ ᠤ᠋ᠨ ᠡᠮᠡᠭ᠌ᠲᠡᠢᠴᠦᠳ ᠬᠡᠦᠬᠡᠳ ᠤ᠋ᠨ ᠦᠶ᠋ᠯᠡᠰ ᠤ᠋ᠨ ᠲᠤᠬᠠᠶ ᠪᠠᠢᠷᠢᠯᠠᠭᠤᠯᠤᠯᠲᠠ ᠵᠢ ᠪᠥᠬᠥ᠌ ᠲᠠᠯ᠎ᠠ ᠪᠡᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠂ 《ᠴᠠᠢᠯᠭᠠᠨ ᠴᠠᠭᠠᠪᠤᠷ ᠰᠡᠳᠭᠢᠯ》 ᠵᠢᠠᠨ ᠡᠭᠦᠷᠢᠳᠡ ᠬᠠᠳᠠᠭᠠᠯᠠᠬᠤ᠂ ᠳᠥᠷᠪᠡᠨ ᠵᠦᠶ᠋ᠯ ᠤ᠋ᠨ ᠬᠠᠢᠷ᠎ᠠ ᠰᠡᠳᠭᠢᠯᠭᠡ ᠵᠢ ᠬᠠᠳᠠᠭᠠᠯᠠᠬᠤ ᠂ ᠱᠢᠨ᠎ᠡ ᠴᠠᠭ ᠦᠶ᠎ᠡ ᠳ᠋ᠦ ᠡᠮᠡᠭ᠌ᠲᠡᠢᠴᠦᠳ ᠤ᠋ᠨ ᠰᠠᠢᠨ ᠰᠠᠢᠬᠠᠨ ᠳᠦᠷᠢ ᠲᠥᠷᠬᠦ᠌ ᠵᠢ ᠢᠯᠡᠷᠡᠭᠦᠯᠬᠦ᠌ ᠵᠡᠷᠭᠡ ᠲᠠᠯ᠎ᠠ ᠪᠡᠷ ᠤᠬᠠᠭᠤᠯᠤᠨ ᠲᠠᠢᠯᠪᠤᠷᠢᠯᠠᠪᠠ᠃
ᠬᠥᠬᠡᠬᠣᠲᠠ ᠵᠢᠨ ᠡᠮᠡᠭ᠌ᠲᠡᠢᠴᠦᠳ ᠤ᠋ᠨ ᠬᠣᠯᠪᠣᠭ᠎ᠠ ᠵᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ᠂ ᠳᠡᠳ᠋ ᠲᠡᠷᠢᠭᠦᠯᠡᠭ᠌ᠴᠢ ᠯᠢ ᠱᠦ᠍ ᠵᠢᠶᠦ᠋ᠨ᠂ ᠪᠦᠬᠦ᠌ ᠬᠤᠳᠠ ᠵᠢᠨ ᠡᠯ᠎ᠡ ᠱᠠᠲᠤᠨ ᠤ᠋ ᠡᠮᠡᠭ᠌ᠲᠡᠢᠴᠦᠳ ᠤ᠋ᠨ ᠬᠣᠯᠪᠣᠭ᠎ᠠ ᠵᠢᠨ ᠵᠣᠬᠢᠶᠠᠨ ᠪᠠᠢᠭᠤᠯᠤᠯᠲᠠ 《ᠣᠷᠣᠨ ᠤ᠋ ᠲᠥᠪ ᠬᠤᠳᠠ ᠵᠢᠨ ᠡᠮᠡᠭ᠌ᠲᠡᠢᠴᠦᠳ ᠤ᠋ᠨ ᠰᠡᠳᠭᠢᠯ ᠢ᠋ ᠨᠢᠭ᠍ᠲᠠᠷᠠᠭᠤᠯᠤᠨ ᠢᠳᠡᠭᠡᠯ ᠵᠤᠷᠢᠭ ᠢ᠋ ᠱᠤᠭᠤᠬᠤ ᠠᠵᠢᠯᠯᠠᠭ᠎ᠠ》 ᠵᠢ ᠦᠷᠭᠦᠯᠵᠢᠯᠡᠨ ᠭᠦᠨᠵᠡᠭᠡᠢᠷᠡᠭᠦᠯᠬᠦ᠌ ᠵᠢᠨ ᠬᠠᠮᠲᠤ 《ᠠᠷᠪᠠ ᠵᠠᠭᠤ ᠮᠢᠩᠭ᠎ᠠ ᠲᠦᠮᠡᠨ》 ᠡᠮᠡᠭ᠌ᠲᠡᠢᠴᠦᠳ ᠤ᠋ᠨ ᠶᠡᠬᠡ ᠪᠠᠷ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠪᠡᠷ ᠳᠠᠮᠵᠢᠨ ᠦᠨᠳᠦᠰᠦᠨ ᠱᠠᠲᠤᠨ ᠤ᠋ ᠡᠮᠡᠭ᠌ᠲᠡᠢᠴᠦᠳ ᠲᠡᠶ ᠨᠢᠭᠤᠷᠳᠠᠨ ᠶᠠᠷᠢᠯᠴᠠᠬᠤ ᠂ ᠬᠠᠷᠢᠯᠴᠠᠨ ᠬᠥᠳᠡᠯᠦᠯᠴᠡᠬᠦ᠌ ᠮᠠᠶᠢᠭ ᠤ᠋ᠨ ᠴᠢᠩ ᠰᠡᠳᠭᠢᠯ ᠤ᠋ᠨ ᠶᠠᠷᠢᠯᠴᠠᠭ᠎ᠠ ᠬᠢᠵᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠤᠨ᠎ᠠ ᠭᠡᠪᠡ ᠃ ᠬᠥᠬᠡᠬᠣᠲᠠ ᠵᠢᠨ ᠡᠮᠡᠭ᠌ᠲᠡᠢᠴᠦᠳ ᠤ᠋ᠨ ᠬᠣᠯᠪᠣᠭ᠎ᠠ ᠂ ᠨᠡᠢᠭᠡᠮ ᠤ᠋ᠨ ᠪᠦᠯᠬᠦᠮ ᠂ ᠠᠭᠠᠷ ᠤ᠋ᠨ ᠴᠡᠷᠢᠭ ᠤ᠋ᠨ ᠨᠢᠭᠡᠨ ᠴᠡᠷᠢᠭ ᠠᠩᠭᠢ ᠵᠢᠨ ᠬᠡᠷ ᠪᠦᠯᠢ ᠂ ᠥᠪᠡᠷᠲᠡᠭᠡᠨ ᠵᠠᠰᠠᠬᠤ ᠣᠷᠣᠨ ᠤ᠋ 《3·8》 ᠤ᠋ ᠤᠯᠠᠭᠠᠨ ᠲᠤᠭ᠍ᠴᠢ ᠂ ᠬᠠᠮᠤᠭ ᠤ᠋ᠨ ᠭᠣᠶᠣ ᠲᠠᠪᠤᠨ ᠰᠠᠢᠨᠲᠠᠶ ᠬᠡᠷ ᠪᠦᠯᠢ ᠵᠢᠨ ᠲᠥᠯᠥᠭᠡᠯᠡᠭ᠌ᠴᠢ ᠵᠡᠷᠭᠡ 150 ᠭᠠᠷᠤᠶ ᠬᠥᠮᠦᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠳ᠋ᠦ᠍ ᠣᠷᠣᠯᠴᠠᠵᠠᠢ ᠃
ᠤᠯᠠᠭᠠᠨᠬᠠᠳᠠ ᠬᠣᠲᠠ ᠵᠢᠨ ᠣᠩᠨᠢᠭᠤᠳ ᠬᠣᠱᠢᠭᠤᠨ ᠤ᠋ ᠪᠣᠷᠣᠬᠣᠲᠠ ᠪᠠᠯᠭᠠᠰᠤ ᠵᠢᠨ ᠴᠡᠭᠡᠨ ᠭᠠᠴᠠᠭ᠎ᠠ ᠳ᠋ᠦ᠍ ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ《ᠬᠠᠰ ᠯᠤᠤ ᠵᠢᠨ ᠨᠤᠳᠤᠭ ᠤ᠋ᠨ ᠳᠠᠭᠤᠨ》 ᠤ᠋ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ 3 ᠪᠦᠷᠢᠯᠳᠦᠬᠦᠨ ᠲᠤᠬᠠᠶ ᠵᠢᠨ ᠭᠠᠵᠠᠷ ᠤ᠋ᠨ ᠮᠠᠯᠴᠢᠨ ᠲᠠᠷᠢᠶᠠᠴᠢᠨ ᠲᠠᠶ ᠬᠠᠮᠳᠤ ᠬᠦᠷᠢᠶᠡᠨ ᠳᠤᠮᠳᠠ ᠳ᠋ᠤ ᠰᠠᠭᠤᠯᠴᠠᠭᠠᠳ ᠪᠥᠬᠥᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠶ ᠲᠠᠨᠢᠬᠤ ᠂ ᠶᠡᠷᠦᠩᠬᠡᠶ ᠱᠦᠵᠢ ᠰᠢ ᠵᠢᠨ ᠫᠢᠩ ᠤ᠋ᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢᠯᠠᠭᠠᠬᠤ ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠥᠬᠥ᠌ ᠲᠠᠯ᠎ᠠ ᠪᠡᠷ ᠣᠨᠣᠪᠴᠢᠲᠠᠶ ᠣᠢᠯᠠᠭᠠᠬᠤ ᠵᠡᠷᠭᠡ ᠲᠠᠯ᠎ᠠ ᠪᠡᠷ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠱᠢᠰᠲ᠋ᠧᠮ ᠲᠡᠶ ᠤᠬᠠᠭᠤᠯᠤᠨ ᠲᠠᠢᠯᠪᠤᠷᠢᠯᠠᠪᠠ᠃
《ᠡᠨᠡ ᠤᠳᠠᠭ᠎ᠠ ᠵᠢᠨ ᠤᠬᠠᠭᠤᠯᠤᠨ ᠲᠠᠢᠯᠪᠤᠷᠢᠯᠠᠯᠲᠠ ᠨᠢ ᠨᠠᠳᠠ ᠳ᠋ᠦ᠍ ᠭᠦᠨ ᠰᠠᠭᠤᠭ᠍ᠳᠠᠯ ᠥᠭ᠌ᠴᠡᠢ᠂ ᠳᠤᠮᠳᠠᠳᠤ ᠤᠯᠤᠰ ᠤ᠋ᠨ ᠮᠠᠶᠢ᠍ᠭ ᠤ᠋ᠨ ᠣᠳᠣᠬᠢᠴᠢᠯᠠᠯᠲᠠ ᠪᠣᠯ ᠬᠥᠮᠦᠨ ᠪᠠᠢᠭᠠᠯᠢ ᠵᠢᠨ ᠡᠶ᠎ᠡ ᠵᠣᠬᠢᠴᠠᠩᠭᠤᠢ ᠪᠡᠷ ᠬᠠᠮᠲᠤ ᠣᠷᠣᠱᠢᠬᠤ ᠣᠳᠣᠬᠢᠴᠢᠯᠠᠯᠲᠠ ᠪᠣᠯᠤᠨ᠎ᠠ᠃ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠨᠢ ᠮᠠᠨ ᠤ᠋ ᠬᠥᠮᠦᠨ ᠪᠦᠷᠢ ᠲᠡᠶ ᠬᠣᠯᠪᠣᠭ᠍ᠳᠠᠵᠤ᠂ ᠮᠠᠨ ᠤ᠋ ᠭᠠᠴᠠᠭᠠᠨ ᠤ᠋ ᠨᠠᠮ ᠤ᠋ᠨ ᠭᠡᠱᠢᠭᠦᠨ ᠪᠦᠷᠢ ᠂ ᠮᠠᠯᠴᠢᠨ ᠲᠠᠷᠢᠶᠠᠴᠢᠨ ᠪᠦᠷᠢ ᠴᠥᠮ ᠣᠷᠣᠯᠴᠠᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢ ᠬᠠᠮᠲᠤ ᠪᠠᠷ ᠠᠬᠢᠭᠤᠯᠬᠤ ᠴᠢᠬᠤᠯᠠᠳᠠᠢ》 ᠭᠡᠵᠦ᠍ ᠴᠡᠭᠡᠨ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ ᠵᠤᠷᠢᠬᠳᠤ ᠬᠡᠯᠡᠪᠡ᠃
ᠲᠣᠰ ᠡᠳᠦᠷ ᠤ᠋ᠨ ᠦᠳᠡ ᠵᠢᠨ ᠬᠣᠢᠨ᠎ᠠ ᠂ ᠥᠪᠡᠷᠲᠡᠭᠡᠨ ᠵᠠᠰᠠᠬᠤ ᠣᠷᠣᠨ ᠤ᠋ ᠠᠵᠢᠯᠲᠠᠨ ᠠᠵᠢᠯᠴᠢᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ ᠰᠦᠨ ᠯᠢ ᠴᠢᠶᠠᠩ ᠤᠯᠤᠰ ᠤ᠋ᠨ ᠴᠠᠬᠢᠯᠭᠠᠨ ᠬᠦᠴᠦᠨ ᠤ᠋ ᠪᠠᠯᠠ ᠣᠷᠣᠭᠤᠯᠤᠯᠲᠠ ᠵᠢᠨ ᠺᠣᠮᠫᠠᠨᠢ ᠵᠢᠨ ᠪᠠᠶᠠᠨᠬᠤᠸᠠ ᠥᠪᠥᠷ ᠮᠣᠩᠭᠣᠯ ᠤ᠋ᠨ ᠵᠡᠭᠦᠨ ᠵᠠᠳᠠᠭᠠᠶ ᠨᠡᠭᠦᠷᠡᠰᠦᠨ ᠤ᠋ ᠦᠶ᠋ᠯᠡᠰ ᠤ᠋ᠨ ᠺᠣᠮᠫᠠᠨᠢ ᠳ᠋ᠦ᠍ ᠬᠦᠷᠴᠦ᠍ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠵᠢ ᠤᠬᠠᠭᠤᠯᠤᠨ ᠲᠠᠢᠯᠪᠤᠷᠢᠯᠠᠪᠠ ᠃ ᠤᠬᠠᠭᠤᠯᠤᠨ ᠲᠠᠢᠯᠪᠤᠷᠢᠯᠠᠬᠤ ᠵᠢ ᠰᠣᠨᠣᠰᠤᠭ᠍ᠰᠠᠨ ᠤ᠋ ᠲᠠᠷᠠᠭ᠎ᠠ ᠤᠯᠠᠨᠢᠶᠠᠷᠢᠶᠠᠨ ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢ ᠰᠡᠳᠭᠢᠯ ᠳ᠋ᠡᠭᠡᠨ ᠱᠢᠩᠭᠡᠭᠡᠵᠦ᠍ ᠂ ᠠᠵᠢᠯᠯᠠᠭ᠎ᠠ ᠳᠡᠭᠡᠷ᠎ᠡ ᠪᠡᠨ ᠦᠢᠯᠡᠳᠦᠯᠭᠡᠵᠢᠬᠦᠯᠵᠤ ᠂ ᠠᠵᠤ ᠠᠬᠤᠢᠯᠠᠯ ᠤ᠋ᠨ ᠬᠥᠭ᠌ᠵᠢᠯᠲᠡ ᠵᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠂ ᠨᠡᠩ ᠴᠤᠭ ᠪᠠᠳᠠᠷᠠᠩᠭᠤᠢ ᠲᠡᠮᠡᠴᠡᠯ ᠤ᠋ᠨ ᠵᠣᠷᠢᠭ ᠪᠣᠯᠤᠨ ᠨᠡᠩ ᠣᠷᠭᠢᠯᠤᠮ᠎ᠠ ᠬᠠᠯᠠᠭᠤᠨ ᠰᠡᠳᠭᠢᠯᠭᠡ ᠪᠡᠷ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠬᠦ᠌ ᠠᠵᠢᠯ ᠳ᠋ᠦ᠍ ᠣᠷᠣᠯᠴᠠᠨ᠎ᠠ ᠭᠡᠵᠦ᠍ ᠢᠯᠡᠳᠭᠡᠵᠡᠭᠡᠪᠡ ᠃
ᠬᠢᠩᠭᠠᠨ ᠠᠢᠮᠠᠭ ᠤ᠋ᠨ ᠤᠯᠠᠭᠠᠨᠬᠣᠲᠠ ᠵᠢᠨ ᠭᠠᠩ ᠬᠤᠸᠠ ᠰᠠᠭᠤᠭᠠᠯᠢ ᠠᠷᠠᠳ ᠤ᠋ᠨ ᠲᠣᠭᠣᠷᠢᠭ ᠲᠦ᠍ ᠲᠢᠶ᠍ᠸ ᠰᠢ ᠵᠡᠭᠡᠯᠢ ᠵᠢᠨ ᠭᠠᠩ ᠬᠤᠸᠠ ᠨᠡᠢᠭᠡᠮ ᠲᠣᠭᠣᠷᠢᠭ ᠤ᠋ᠨ ᠤᠬᠠᠭᠤᠯᠤᠨ ᠲᠠᠢᠯᠪᠤᠷᠢᠯᠠᠬᠤ ᠪᠠᠭ᠎ᠠ ᠳᠤᠭᠤᠢᠯᠠᠩ ᠤ᠋ᠨ ᠪᠦᠷᠢᠯᠳᠦᠬᠦᠨ ᠨᠠᠷ ᠮᠥᠷᠯᠡᠨ ᠵᠣᠭ᠍ᠰᠣᠭᠠᠳ ᠴᠠᠷᠭᠢᠯ ᠬᠣᠯᠪᠣᠭ᠎ᠠ ᠪᠠᠷᠢᠵᠤ ᠂ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠵᠢ ᠵᠢᠵᠢᠭ ᠥᠭᠦᠯᠡᠪᠦᠷᠢ ᠪᠣᠯᠭᠠᠨ ᠳ᠋ᠦᠩᠨᠡᠵᠦ᠍ ᠂ ᠤᠯᠠᠨ ᠲᠦᠮᠡᠨ ᠤ᠋ ᠳᠤᠮᠳᠠ ᠤᠬᠠᠭᠤᠯᠤᠨ ᠰᠤᠷᠲᠠᠯᠴᠢᠯᠠᠵᠤ᠂ ᠲᠤᠬᠠᠢ ᠵᠢᠨ ᠳᠠᠯᠠᠪᠠᠢ ᠵᠢᠨ ᠠᠭᠤᠷ ᠠᠮᠢᠰᠭᠤᠯ ᠬᠦᠷ ᠬᠥᠭ᠌ᠵᠢᠶᠡᠨ ᠵᠢᠡᠷ ᠪᠢᠯᠬᠠᠵᠤ ᠪᠠᠢᠯ᠎ᠠ ᠃ ᠭᠠᠩ ᠬᠤᠸᠠ ᠰᠠᠭᠤᠭᠠᠯᠢ ᠠᠷᠠᠳ ᠤ᠋ᠨ ᠲᠣᠭᠣᠷᠢᠭ ᠤ᠋ᠨ ᠰᠠᠭᠤᠭᠠᠯᠢ ᠠᠷᠠᠳ ᠵᠠᠩ ᠴᠦᠨ ᠱᠢᠶᠠ ᠤᠬᠠᠭᠤᠯᠤᠨ ᠲᠠᠢᠯᠪᠤᠷᠢᠯᠠᠬᠤ ᠵᠢ ᠰᠣᠨᠣᠰᠤᠭᠠᠳ᠄ 《ᠴᠠᠷᠭᠢᠯ ᠬᠣᠯᠪᠣᠭ᠎ᠠ ᠵᠢᠨ ᠠᠭᠤᠯᠭ᠎ᠠ ᠨᠢ ᠰᠤᠨᠤᠰᠬᠤ ᠳ᠋ᠦ ᠲᠦᠭᠦᠮ ᠣᠢᠯᠠᠭᠠᠮᠵᠢᠲᠠᠢ᠂ ᠶᠠᠷᠢᠬᠤ ᠳ᠋ᠦ᠍ ᠴᠤ᠌ ᠤᠷᠤᠰᠤᠮ᠎ᠠ ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠲᠠ ᠬᠤᠷᠠᠯ ᠤ᠋ᠨ ᠵᠣᠷᠢᠭ ᠰᠠᠨᠠᠭ᠎ᠠ ᠵᠢ ᠨᠡᠩ ᠪᠠᠲᠤ ᠴᠡᠭᠡᠵᠢᠯᠡᠯᠠ》 ᠭᠡᠵᠤ ᠲᠦᠷᠦᠭᠳᠡᠯ ᠵᠢᠠᠨ ᠶᠠᠷᠢᠨ᠎ᠠ ᠃
ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠪᠠᠶᠠᠨᠬᠤᠱᠢᠭᠤ ᠪᠠᠯᠭᠠᠰᠤ ᠵᠢᠨ ᠱᠢᠷᠭ᠎ᠠ ᠭᠠᠴᠠᠭᠠᠨ ᠤ᠋ ᠨᠠᠮ ᠤᠨ ᠬᠡᠰᠢᠬᠦᠨ ᠪᠠ ᠣᠯᠠᠨ ᠲᠦᠮᠡᠨ ᠤ᠋ ᠦᠶ᠋ᠯᠡᠴᠢᠯᠡᠭᠡᠨ ᠤ᠋ ᠲᠥᠪᠲᠦ《ᠡᠭᠦᠳᠡᠨ ᠡᠮᠦᠨᠡᠬᠢ ᠵᠣᠭᠣᠭ ᠤ᠋ᠨ ᠪᠦᠯᠬᠦᠮ》 ᠤ᠋ᠨ ᠤᠬᠠᠭᠤᠯᠤᠨ ᠲᠠᠢᠯᠪᠤᠷᠢᠯᠠᠭ᠍ᠴᠢ ᠡᠴᠡ ᠠᠰᠠᠭᠤᠯᠲᠠ ᠬᠠᠷᠢᠭᠤᠯᠲᠠ ᠵᠢᠨ ᠬᠡᠯᠪᠡᠷᠢ ᠪᠡᠷ ᠲᠤᠬᠠᠶ ᠵᠢᠨ ᠲᠠᠯᠠᠪᠠᠶ ᠵᠢᠨ ᠣᠯᠠᠨ ᠲᠦᠮᠡᠨ ᠲᠡᠶ ᠪᠤᠳᠤᠯ ᠰᠠᠨᠠᠯ ᠵᠢᠠᠨ ᠰᠣᠯᠢᠯᠴᠠᠨ᠎ᠠ ᠃ ᠣᠯᠠᠨ ᠤ᠋ ᠬᠡᠯᠡᠬᠦ᠌ ᠵᠢ ᠰᠣᠨᠣᠰᠤᠭ᠍ᠰᠠᠨ ᠤ᠋ ᠳᠠᠷᠠᠭ᠎ᠠ᠂ ᠤᠬᠠᠭᠤᠯᠤᠨ ᠲᠠᠢᠯᠪᠤᠷᠢᠯᠠᠭ᠍ᠴᠢ ᠡᠴᠡ ᠭᠠᠵᠠᠷ ᠱᠢᠷᠣᠶ ᠵᠢᠨ ᠲᠦᠷᠢᠮ ᠤ᠋ᠨ ᠥᠭᠡᠷᠡᠴᠢᠯᠡᠯᠲᠡ᠂ ᠬᠥᠳᠡᠭᠡ ᠲᠣᠰᠭᠣᠨ ᠤ᠋ ᠨᠠᠰᠤᠵᠢᠯ ᠤ᠋ᠨ ᠠᠰᠠᠷᠠᠮᠵᠢ ᠵᠢᠨ ᠠᠰᠠᠭᠤᠳᠠᠯ ᠂ ᠬᠥᠳᠡᠭᠡ ᠲᠣᠰᠭᠣᠨ ᠤ᠋ ᠦᠨᠳᠦᠰᠦᠨ ᠡᠵᠡᠩᠨᠡᠯᠲᠡ ᠵᠢᠨ ᠲᠦᠷᠢᠮ ᠵᠡᠷᠭᠡ ᠲᠠᠯ᠎ᠠ ᠡᠴᠡ ᠮᠡᠳᠡᠭᠦᠯᠦᠯᠲᠡ ᠵᠢᠨ ᠳᠣᠲᠣᠷᠠᠬᠢ ᠭᠠᠴᠠᠭᠠᠨ ᠤ᠋ ᠠᠷᠠᠳ ᠣᠯᠠᠨ ᠤ᠋ ᠠᠱᠢᠭ ᠲᠤᠰᠠ ᠳ᠋ᠦ᠍ ᠬᠣᠯᠪᠣᠭ᠍ᠳᠠᠭ᠍ᠰᠠᠨ ᠠᠭᠤᠯᠭ᠎ᠠ ᠳ᠋ᠦ᠍ ᠲᠠᠢᠯᠤᠮᠵᠢ ᠬᠢᠪᠠ᠃ 《〈ᠡᠭᠦᠳᠡᠨ ᠡᠮᠦᠨᠡᠬᠢ ᠵᠤᠭᠤᠭ ᠤ᠋ᠨ ᠪᠦᠯᠬᠦᠮ〉 ᠤ᠋ᠨ ᠰᠤᠷᠤᠯᠴᠠᠬᠤ ᠬᠡᠯᠪᠡᠷᠢ ᠨᠢ ᠮᠠᠰᠢ ᠱᠢᠨ᠎ᠡ ᠰᠡᠪᠡᠭᠦᠨ᠂ ᠮᠠᠨ ᠤ᠋ ᠳᠠᠢᠯᠪᠤᠷᠢᠯᠠᠬᠴᠢ ᠵᠢᠨ ᠲᠠᠢᠯᠤᠮᠵᠢ ᠴᠦ᠍ ᠮᠠᠰᠢ ᠤᠢᠯᠠᠭᠠᠮᠵᠢᠳᠠᠢ》 ᠭᠡᠵᠤ ᠭᠠᠴᠠᠭᠠᠨ ᠤ᠋ ᠠᠷᠠᠳ ᠰᠢᠶᠸ ᠭᠸᠨ ᠰᠢᠶᠤᠤ ᠤᠷᠮᠠᠳᠠᠢ ᠶᠠᠷᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃