2024-08-18 11:57:09
8 ᠰᠠᠷ᠎ᠠ᠎ᠶ᠋ᠢᠨ 16 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠪᠠᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠢᠩᠬᠢᠮ ᠵᠢᠴᠢ ᠠᠯᠠᠱᠠ ᠠᠢᠮᠠᠭ᠎ᠲᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠪᠠᠢᠭᠤᠯᠭ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠨᠢᠭᠡᠳᠦᠭᠡᠷ ᠳᠡᠳ᠋ ᠵᠠᠬᠢᠷᠤᠯ ᠭᠤᠤ ᠽᠤ᠌ ᠬᠦᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ; ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ; ᠪᠥᠬᠥᠳᠡ ᠬᠤᠷᠠᠯ᠎ᠤᠨ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ 4 ᠲᠠᠯ᠎ᠠ᠎ᠪᠠᠷ ᠬᠠᠪᠰᠤᠷᠤᠨ ᠵᠢᠯᠣᠭᠣᠳᠭᠤ ᠮᠡᠳᠡᠭᠦᠯᠦᠯᠲᠡ ᠬᠢᠪᠠ᠃ ᠮᠡᠳᠡᠭᠦᠯᠦᠯᠲᠡᠣᠨᠣᠯᠴᠢ ᠴᠢᠨᠠᠷ ᠵᠢᠡᠷ ᠴᠢᠩᠭ᠎ᠠ᠂ ᠯᠣᠭᠢᠭ ᠴᠢᠩᠭ᠎ᠠ᠂ ᠭᠦᠨᠵᠡᠭᠡᠶ ᠪᠥᠭᠡᠳ ᠣᠢᠯᠠᠭᠠᠮᠵᠢᠲᠠᠶ ᠪᠠᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷᠲᠠᠶ ᠪᠠᠢᠯ᠎ᠠ᠃
ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠰᠤᠳᠤᠯᠬᠤ ᠲᠠᠰᠤᠭ᠎ᠤᠨ ᠬᠣᠶᠠᠳᠤᠭᠠᠷ ᠳᠡᠰ᠎ᠤᠨ ᠡᠷᠬᠢᠯᠡᠭ᠌ᠴᠢ ᠭᠡᠱᠢᠭᠦᠴᠢ ᠱᠢᠨ ᠹᠦ᠋ ᠴᠢᠩ ᠭᠦᠨ ᠲᠥᠷᠥᠭ᠌ᠳᠡᠯ ᠲᠡᠶ ᠪᠠᠢᠯ᠎ᠠ᠂ ᠲᠡᠷᠡ᠂ ᠱᠢᠨ᠎ᠡ ᠴᠠᠭ ᠦᠶ᠎ᠡ᠎ᠶ᠋ᠢᠨ ᠰᠣᠶᠣᠯ᠎ᠤᠨ ᠡᠭᠦᠷᠭᠡ᠎ᠶ᠋ᠢ ᠡᠭᠦᠷᠭᠡᠯᠡᠬᠦ᠌ ᠦᠨᠳᠤᠷᠴᠡ ᠡᠴᠡ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠤᠮᠠᠷᠠᠲᠤ ᠵᠢᠨ ᠰᠣᠶᠣᠯ᠎ᠤᠨ ᠲᠥᠷᠥᠯ ᠲᠡᠮᠳᠡᠭ᠎ᠢ ᠡᠭᠦᠳᠴᠦ᠍᠂ ᠮᠠᠨ᠎ᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠱᠢᠨ᠎ᠡ ᠵᠠᠮᠨᠡᠬᠡᠬᠡᠵᠤ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠦᠵᠡᠯ ᠰᠠᠨᠠᠭᠠᠨ᠎ᠤ ᠪᠠᠲᠤᠯᠠᠭ᠎ᠠ᠂ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ᠂ ᠠᠱᠢᠭ᠍ᠲᠠᠶ ᠰᠣᠶᠣᠯ᠎ᠤᠨ ᠨᠥᠬᠥᠴᠡᠯ ᠬᠠᠩᠭᠠᠨ᠎ᠠ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠤᠷᠢᠶ᠎ᠠ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠦᠢᠯᠡᠳᠦᠯᠭᠡ ᠰᠡᠳᠬᠦᠯ᠎ᠦᠨ ᠬᠤᠷᠢᠶ᠎ᠠ᠎ᠶᠢᠨ ᠶᠡᠷᠦᠩᠬᠡᠢ ᠨᠠᠢᠷᠠᠭᠤᠯᠤᠭ᠍ᠴᠢ ᠵᠠᠩ ᠢ ᠮᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠶᠡᠷᠦᠩᠬᠡᠢ ᠪᠠᠢᠳᠠᠯ; ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ; 《ᠲᠣᠭ᠍ᠲᠠᠭᠠᠯ》᠎ᠳ᠋ᠤ᠌ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ 4 ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠵᠦ᠍ ᠭᠦᠨᠵᠡᠭᠡᠶ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠦᠵᠡᠯ ᠰᠠᠨᠠᠭᠠᠨ᠎ᠤ ᠦᠨᠳᠦᠷᠴᠡ᠂ ᠤᠨᠤᠯ᠎ᠤᠨ ᠭᠦᠨᠴᠡ᠎ᠲᠡᠶ ᠪᠥᠭᠡᠳ ᠪᠠᠰᠠ ᠮᠠᠰᠢ ᠴᠢᠩᠭ᠎ᠠ ᠨᠥᠯᠥᠭᠡᠯᠡᠬᠦ᠌ ᠬᠦᠴᠦᠨ᠎ᠲᠡᠶ ᠪᠤᠯᠪᠠ᠃
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠤᠷᠢᠶ᠎ᠠ᠎ᠶᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠯᠦ᠍ ᠮᠢᠩ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠄ 《ᠰᠤᠷᠲᠠᠯ ᠤᠬᠠᠭᠤᠯᠭ᠎ᠠ᠎ᠶ᠋ᠢᠨ ᠹᠷᠣᠨᠲ᠎ᠲᠤ ᠡᠷᠡᠯᠬᠡᠭ᠌ᠯᠡᠨ ᠲᠡᠮᠡᠴᠡᠵᠦ᠍ ᠪᠠᠢᠭ᠎ᠠ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠬᠣᠢᠱᠢᠳᠠ ᠪᠢ ᠲᠠᠰᠤᠷᠠᠯᠲᠠ ᠥᠬᠡᠶ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ ᠪᠠᠷ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠰᠠᠢᠲᠤᠷ ᠠᠳᠭᠤᠵᠤ᠂ ᠵᠠᠯᠠᠭᠤᠴᠤᠳ᠎ᠤᠨ ᠦᠵᠡᠯ ᠰᠠᠨᠠᠭ᠎ᠠ᠎ᠶ᠋ᠢ ᠬᠥᠲᠥᠯᠥᠨ ᠳᠠᠭᠠᠭᠤᠯᠵᠤ᠂ ᠵᠠᠯᠠᠭᠤᠴᠤᠳ᠎ᠤᠨ ᠬᠦᠴᠦᠨ᠎ᠢ ᠨᠢᠭ᠍ᠲᠠᠷᠠᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠦᠨ ᠳᠠᠷᠤᠭ᠎ᠠ ᠭᠦᠸᠧ ᠢᠦᠶ ᠹᠸᠩ 《ᠥᠭᠡᠷᠡᠴᠢᠯᠡᠯᠲᠡ᠎ᠶ᠋ᠢᠨ ᠶᠡᠬᠡ ᠲᠣᠭ᠎ᠢ ᠥᠨᠳᠥᠷ ᠮᠠᠨᠳᠤᠭᠤᠯᠵᠤ ᠴᠠᠭ ᠦᠶ᠎ᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠡ》 ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠪᠠ᠂ ᠲᠡᠷᠡ ᠮᠠᠨ᠎ᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯ ᠲᠥᠷᠥᠯ᠎ᠦᠨ ᠪᠣᠳᠠᠲᠤ ᠪᠠᠢᠳᠠᠯ᠎ᠳᠤ ᠰᠠᠭᠤᠷᠢᠯᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠱᠢᠰᠲ᠋ᠧᠮ᠎ᠲᠡᠶ ᠭᠦᠨᠵᠡᠭᠡᠶ ᠲᠠᠢᠯᠪᠤᠷᠢᠯᠠᠵᠤ᠂ ᠪᠥᠬᠥ᠌ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠰᠲ᠋ᠧᠮ᠎ᠦᠨ ᠨᠠᠮ᠎ᠤᠨ ᠭᠡᠱᠢᠭᠦᠨ ᠺᠠᠳ᠋ᠷᠴᠤᠳ᠎ᠤᠨ 《ᠲᠣᠭ᠍ᠲᠠᠭᠠᠯ》᠎ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ ᠵᠢ ᠬᠥᠲᠥᠯᠥᠨ ᠵᠢᠯᠣᠭᠣᠳᠴᠤ᠌᠂ ᠣᠯᠠᠨ᠎ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠰᠢᠨ᠎ᠡ ᠭᠠᠪᠢᠶ᠎ᠠ ᠨᠡᠮᠡᠷᠢᠯᠡᠬᠦ ᠵᠢ ᠵᠤᠷᠢᠭᠵᠢᠭᠤᠯᠪᠠ᠃
ᠲᠤᠬᠠᠶ᠎ᠶ᠋ᠢᠨ ᠲᠠᠯᠠᠪᠠᠶ᠎ᠳᠤ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠦᠨ ᠬᠡᠷ ᠭᠠᠵᠠᠷ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠼᠤᠤ ᠭᠤᠸᠠᠩ᠄ 《ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠤᠢᠪᠢᠰᠢ ᠦᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠯᠠᠨ ᠲᠦᠮᠡᠨ᠎ᠦ 〈ᠰᠠᠢᠨ ᠣᠷᠣᠨ ᠰᠠᠭᠤᠴᠠ〉 ᠳ᠋ᠤ᠌ ᠰᠠᠭᠤᠬᠤ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠲᠣᠭᠣᠷᠢᠨ᠎ᠳᠤ᠂ ᠴᠢᠨᠠᠷ ᠰᠠᠢᠲᠠᠶ ᠣᠷᠣᠨ ᠰᠠᠭᠤᠴᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠡᠷ ᠭᠠᠵᠠᠷ ᠬᠥᠷᠥᠩᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠲᠦᠷᠭᠡᠳᠭᠡᠨ ᠪᠠᠢᠭᠤᠯᠤᠨ᠎ᠠ》 ᠭᠡᠪᠡ᠃
ᠠᠯᠠᠱᠠ ᠠᠢᠮᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠭᠡᠯ᠎ᠦᠨ ᠲᠣᠪᠴᠢᠶ᠎ᠠ ᠵᠢᠨ ᠳᠠᠷᠤᠭ᠎ᠠ ᠼᠤᠤ ᠰᠧ ᠶᠠᠩ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠳᠠᠯ᠎ᠡ ᠪᠡᠷ ᠭᠤᠢᠪᠢᠰᠢ ᠦᠬᠡᠢ ᠭᠦᠨᠵᠡᠭᠡᠢᠷᠡᠭᠦᠯᠦᠶ᠎ᠡ》 ᠭᠡᠬᠦ᠌ ᠰᠡᠳᠦᠪ᠎ᠢᠶᠡᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》᠎ᠳ᠋ᠤ᠌ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠣᠨᠣᠪᠴᠢᠲᠠᠶ ᠲᠣᠳᠣᠷᠬᠠᠢᠯᠠᠨ ᠪᠥᠭᠡᠳ ᠭᠦᠨᠵᠡᠭᠡᠶ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠪᠦᠬᠦ᠌ ᠲᠠᠯ᠎ᠠ᠎ᠶᠢᠨ ᠪᠦᠭᠡᠳ ᠱᠢᠰᠲᠸᠮ ᠲᠠᠢ᠂ ᠭᠣᠣᠯᠳᠠᠯᠭ᠎ᠠ ᠪᠠᠷ ᠲᠤᠪᠤᠢ᠌ᠮ᠎ᠠ᠂ ᠭᠦᠨᠵᠡᠭᠡᠢ ᠨᠡᠪᠲᠡᠷᠬᠡᠢ᠂ ᠠᠭᠤᠯᠭ᠎ᠠ᠎ᠪᠠᠷ ᠪᠠᠶᠠᠯᠢᠭ ᠪᠤᠯᠪᠠ᠃
《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ ᠪᠣᠯ ᠴᠠᠭ ᠦᠶ᠎ᠡ᠎ᠶ᠋ᠢ ᠵᠠᠭᠠᠭ᠍ᠯᠠᠭ᠍ᠰᠠᠨ᠂ ᠬᠥᠱᠢᠢ᠎ᠡ ᠳᠡᠮᠳᠡᠭᠪᠤᠯᠬᠤᠢᠴᠠ ᠠᠴᠢ ᠬᠣᠯᠪᠣᠭ᠍ᠳᠠᠯ᠎ᠲᠠᠶ ᠴᠢᠬᠤᠯᠠ ᠬᠤᠷᠠᠯ ᠪᠣᠯᠤᠨ᠎ᠠ᠂ ᠱᠢᠨ᠎ᠡ ᠠᠶᠠᠨ᠎ᠳᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠳᠠᠮᠵᠢᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠰᠠᠷᠠᠭᠤᠯ ᠢᠷᠡᠭᠡᠳᠦᠢ᠎ᠶ᠋ᠢ ᠨᠡᠭᠡᠭᠡᠵᠡᠢ᠃ ᠪᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠵᠢᠯ᠎ᠤᠨ ᠰᠡᠳᠭᠢᠴᠡ᠎ᠪᠡᠨ ᠢᠳᠡᠪᠬᠢᠲᠡᠢ ᠥᠷᠭᠡᠳᠭᠡᠵᠦ᠍᠂ ᠤᠬᠠᠭᠤᠯᠤᠨ ᠲᠠᠢᠯᠪᠤᠷᠢᠯᠠᠬᠤ ᠡᠩᠨᠡᠭᠡ᠎ᠶ᠋ᠢ ᠪᠠᠢᠭᠤᠯᠤᠨ ᠬᠦᠴᠦᠷᠬᠡᠭ᠌ᠵᠢᠭᠦᠯᠬᠦ᠌᠂ ᠤᠬᠠᠭᠤᠯᠤᠨ ᠲᠠᠢᠯᠪᠤᠷᠢᠯᠠᠬᠤ ᠠᠴᠢᠶᠠᠯᠠᠪᠤᠷᠢ᠎ᠶ᠋ᠢ ᠥᠷᠭᠡᠳᠭᠡᠬᠦ᠂ ᠤᠬᠠᠭᠤᠯᠤᠨ ᠲᠠᠢᠯᠪᠤᠷᠢᠯᠠᠬᠤ ᠬᠡᠯᠪᠡᠷᠢ᠎ᠶ᠋ᠢᠨ ᠱᠢᠨ᠎ᠡ᠎ᠶ᠋ᠢ ᠡᠭᠦᠳᠬᠦ᠂ ᠤᠬᠠᠭᠤᠯᠤᠨ ᠲᠠᠢᠯᠪᠤᠷᠢᠯᠠᠬᠤ ᠨᠥᠯᠥᠭᠡ᠎ᠶ᠋ᠢ ᠥᠷᠭᠡᠳᠭᠡᠬᠦ ᠪᠡᠷ ᠳᠠᠮᠵᠢᠭᠤᠯᠤᠨ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠬᠤ ᠠᠵᠢᠯ᠎ᠢ ᠦᠨᠳᠦᠰᠦᠨ ᠱᠠᠲᠤ ᠡᠮᠦᠨ᠎ᠡ ᠹᠷᠣᠨᠲ᠎ᠲᠤ ᠭᠦᠨᠵᠡᠭᠡᠢᠷᠡᠭᠦᠯᠬᠦ᠌᠎ᠶ᠋ᠢ ᠠᠬᠢᠭᠤᠯᠵᠤ᠂ ᠨᠠᠮ᠎ᠤᠨ ᠱᠢᠨ᠎ᠡ ᠡᠭᠦᠳᠦᠭᠰᠡᠨ ᠤᠨᠤᠯ᠎ᠤᠨ 〈ᠡᠬᠡᠯ ᠠᠷᠠᠳ᠎ᠤᠨ ᠭᠡᠷ᠎ᠲᠦ ᠬᠦᠷᠬᠦ〉 ᠵᠢ ᠠᠬᠢᠭᠤᠯᠤᠨ᠎ᠠ》 ᠭᠡᠵᠦ ᠲᠤᠬᠠᠶ᠎ᠶ᠋ᠢᠨ ᠲᠠᠯᠠᠪᠠᠶ᠎ᠳᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠠᠯᠠᠱᠠ ᠠᠢᠮᠠᠭ᠎ᠤᠨ ᠨᠠᠮ᠎ᠤᠨ ᠬᠤᠷᠢᠶ᠎ᠠ᠎ᠶᠢᠨ ᠯᠧᠺᠲ᠋ᠣᠷ᠎ᠤᠨ ᠪᠦᠯᠬᠦᠮ᠎ᠦᠨ ᠳᠠᠷᠤᠭ᠎ᠠ ᠶᠤᠸᠠᠨ ᠴᠦᠨ ᠵᠢᠤᠸᠠᠨ ᠬᠡᠯᠡᠪᠡ᠃
ᠲᠤᠰ ᠡᠳᠦᠷ᠎ᠦᠨ ᠦᠳᠡ᠎ᠶ᠋ᠢᠨ ᠬᠣᠢᠨ᠎ᠠ᠂ ᠼᠤᠤ ᠰᠧ ᠶᠠᠩ ᠪᠠᠰᠠ ᠠᠯᠠᠱᠠ ᠵᠡᠭᠦᠨ ᠬᠣᠱᠢᠭᠤᠨ᠎ᠤ ᠲᠣᠭ᠎ᠠ ᠪᠦᠷᠢᠳᠭᠡᠯ᠎ᠦᠨ ᠲᠤᠪᠴᠢᠶ᠎ᠠ᠎ᠳᠤ ᠬᠦᠷᠴᠦ᠍ ᠺᠠᠳ᠋ᠷ ᠠᠵᠢᠯᠳᠠᠤᠨ᠎ᠲᠠᠶ ᠨᠢᠭᠤᠷᠳᠠᠨ ᠤᠬᠠᠭᠤᠯᠤᠨ ᠲᠠᠢᠯᠪᠤᠷᠢᠯᠠᠵᠤ᠂ ᠰᠠᠨᠠᠯ᠎ᠢᠶᠠᠨ ᠰᠣᠯᠢᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃