ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-18 12:04:08

ᠵᠣᠬᠢᠶᠠᠭ᠍ᠴᠢ᠄ ᠾᠦᠸᠸ ᠱᠢᠶᠤᠤ ᠴᠢᠩ᠂ ᠬᠤᠤ ᠪᠢᠶᠤᠤ᠂ ᠭᠤᠤ ᠮᠢᠨ ᠨᠠ ᠂ ᠵᠤᠤ ᠨᠠ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 16᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠱᠢᠰᠲᠸᠮ᠎ᠤᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠦᠷᠦᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠲᠤᠰ ᠲᠤᠰ ᠬᠥᠬᠡᠬᠣᠲᠠ᠂ ᠦᠬᠠᠢ ᠬᠤᠳᠠ ᠪᠣᠯᠤᠨ ᠬᠢᠩᠭᠠᠨ ᠠᠢᠮᠠᠭ᠎ᠲᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠣᠢᠳᠠ ᠰᠠᠢᠬᠠᠨ ᠮᠡᠳᠡᠭᠦᠯᠦᠯᠲᠡ ᠨᠢ ᠬᠤᠷᠠᠯ᠎ᠳᠤ ᠣᠷᠣᠯᠴᠠᠭ᠍ᠰᠠᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠢ ᠶᠡᠬᠡᠳᠡ ᠵᠣᠷᠢᠭ᠍ᠵᠢᠭᠤᠯᠪᠠ᠃ ᠤᠬᠠᠭᠤᠯᠤᠨ ᠲᠠᠢᠯᠪᠤᠷᠢᠯᠠᠬᠤ ᠠᠬᠤᠢ ᠲᠠᠯᠠᠪᠠᠢ᠎ᠳᠤ᠂ ᠲᠠᠳᠠ ᠰᠤᠷᠤᠯᠴᠠᠯᠭ᠎ᠠ ᠶ᠋ᠢᠨ ᠣᠯᠤᠯᠲᠠ ᠲᠦᠷᠦᠭ᠌ᠳᠡᠯ᠎ᠢᠶᠡᠨ ᠢᠳᠡᠪᠬᠢᠲᠡᠢ ᠬᠤᠪᠢᠶᠠᠯᠴᠠᠵᠤ᠂ ᠠᠵᠢᠯ᠎ᠤᠨ ᠪᠣᠳᠠᠲᠤ ᠪᠠᠢᠳᠠᠯ᠎ᠲᠠᠶ ᠪᠠᠨ ᠤᠶᠠᠯᠳᠤᠭᠤᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠪᠣᠳᠠᠲᠠᠢ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠵᠡᠭᠡᠪᠡ᠃

ᠲᠤᠰ ᠡᠳᠦᠷ᠎ᠦᠨ ᠦᠳᠡ᠎ᠶ᠋ᠢᠨ ᠡᠮᠦᠨ᠎ᠡ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠳ᠋ᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠦᠷᠦᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠮᠠ ᠸᠠᠨ ᠪᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠦᠨᠳᠦᠰᠦᠨ ᠪᠠᠢᠳᠠᠯ; ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ; 《ᠲᠣᠭ᠍ᠲᠠᠭᠠᠯ》 ᠳ᠋ᠤ᠌ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠵᠡᠷᠭᠡ 4 ᠬᠡᠰᠡᠭ᠎ᠵᠢᠡᠷ ᠲᠠᠢᠯᠤᠮᠵᠢ ᠬᠢᠪᠡ᠃

ᠲᠤᠰ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠠᠭᠤᠯᠭ᠎ᠠ ᠨᠢ ᠡᠯᠪᠡᠭ ᠪᠠᠶᠠᠯᠢᠭ᠂ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ᠂ ᠪᠣᠳᠠᠲᠠᠢ ᠲᠠᠶ ᠣᠢᠷᠠᠳᠴᠤ᠌᠂ ᠤᠯᠠᠨ᠎ᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠨᠡᠩ ᠣᠨᠣᠪᠴᠢᠲᠠᠢ᠂ ᠨᠡᠩ ᠭᠦᠨᠵᠡᠭᠡᠢ ᠣᠢᠯᠠᠭᠠᠯᠲᠠ᠎ᠲᠠᠶ ᠪᠣᠯᠭᠠᠵᠤ᠂ ᠢᠷᠡᠭᠡᠳᠦᠢ᠎ᠶ᠋ᠢᠨ ᠦᠢᠯᠡᠰ᠎ᠦᠨ ᠬᠥᠭ᠌ᠵᠢᠯᠲᠡ᠎ᠳᠦ ᠢᠲᠡᠭᠡᠯ ᠲᠡᠭᠦᠯᠳᠡᠷ ᠪᠣᠯᠭᠠᠵᠠᠢ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠥᠷ ᠮᠣᠩᠭᠣᠯ᠎ᠤᠨ ᠠᠭᠠᠷ᠎ᠤᠨ ᠠᠶᠠᠯᠠᠯ᠎ᠤᠨ ᠵᠢᠭᠤᠯᠴᠢᠯᠠᠯ᠎ᠤᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠳᠡᠳ᠋ ᠶᠡᠷᠦᠩᠬᠡᠢ ᠳᠠᠭᠠᠭᠠᠮᠠᠯ ᠯᠢ ᠴᠧᠩ ᠵᠠᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠡᠴᠡ᠂ ᠨᠡᠢᠳᠡᠮ ᠬᠡᠷᠡᠭ᠌ᠯᠡᠬᠦ᠌ ᠠᠭᠠᠷ᠎ᠤᠨ ᠠᠶᠠᠯᠠᠯ ᠪᠣᠯᠤᠨ ᠳᠣᠣᠷ᠎ᠠ ᠠᠭᠠᠷ᠎ᠤᠨ ᠠᠶᠠᠯᠠᠯ᠎ᠤᠨ ᠠᠵᠤ ᠠᠬᠤᠢ᠎ᠶ᠋ᠢ ᠬᠥᠭ᠌ᠵᠢᠭᠦᠯᠦᠨ᠎ᠡ ᠭᠡᠵᠦ᠍ ᠳᠤᠷᠠᠳᠪᠠ᠂ ᠥᠪᠥᠷ ᠮᠣᠩᠭᠣᠯ᠎ᠤᠨ ᠠᠭᠠᠷ᠎ᠤᠨ ᠠᠶᠠᠯᠠᠯ᠎ᠤᠨ ᠵᠢᠭᠤᠯᠴᠢᠯᠠᠯ᠎ᠤᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠨᠢ ᠥᠪᠡᠷᠲᠡᠭᠡᠨ ᠵᠠᠰᠠᠬᠤ ᠣᠷᠣᠨ᠎ᠤ ᠴᠤᠷ᠎ᠤᠨ ᠭᠠᠭ᠍ᠴᠠ ᠠᠭᠠᠷ᠎ᠤᠨ ᠠᠶᠠᠯᠠᠯ᠎ᠤᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠪᠣᠯᠤᠭ᠍ᠰᠠᠨ᠎ᠤ ᠬᠤᠪᠢ᠎ᠳᠤ᠂ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠬᠡ ᠬᠡᠷᠡᠯᠳᠡᠢ ᠭᠡᠳᠡᠭ᠎ᠢ ᠭᠦᠨᠵᠡᠭᠡᠢ ᠮᠡᠳᠡᠷᠡᠵᠦ ᠪᠠᠢᠨ᠎ᠠ᠃ ᠪᠦᠯᠦᠭ᠌ᠯᠡᠯ᠎ᠦᠨ ᠬᠢᠨ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭ᠎ᠠ᠎ᠶ᠋ᠢ ᠴᠢᠩᠭ᠎ᠠ ᠠᠳᠭᠤᠵᠤ᠂ ᠥᠪᠥᠷ ᠮᠣᠩᠭᠣᠯ᠎ᠤᠨ ᠠᠭᠠᠷ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢᠴᠡᠳ ᠠᠱᠢᠭ᠍ᠯᠠᠵᠤ᠂ ᠤᠯᠠᠮᠵᠢᠯᠠᠯᠲᠤ ᠠᠭᠠᠷ᠎ᠤᠨ ᠠᠶᠠᠯᠠᠯ᠎ᠤᠨ ᠪᠣᠯᠪᠠᠰᠤᠷᠠᠯ᠂ ᠤᠢ᠍ᠢᠷ᠎ᠠ ᠵᠠᠮ᠎ᠤᠨ ᠲᠡᠭᠡᠭᠡᠪᠦᠷᠢ᠂ ᠲᠠᠷᠢᠶᠠᠯᠠᠩ ᠤᠢ ᠱᠢᠭᠤᠢ ᠤᠷᠭᠤᠮᠠᠯ᠎ᠢ ᠬᠠᠮᠠᠭᠠᠯᠠᠬᠤ᠂ ᠪᠣᠳᠠᠰ᠎ᠤᠨ ᠬᠠᠢᠨ ᠪᠠᠢᠴᠠᠭᠠᠯᠲᠠ ᠲᠣᠭᠣᠷᠢᠨ ᠪᠠᠢᠴᠠᠭᠠᠯᠲᠠ ᠵᠡᠷᠭᠡ ᠬᠦᠷᠢᠶᠡᠨ᠎ᠳᠦ ᠬᠡᠪᠴᠢᠶᠡᠵᠢᠭᠦᠯᠦᠨ ᠡᠵᠡᠩᠨᠡᠬᠦ᠌᠎ᠶ᠋ᠢ ᠪᠡᠶᠡᠯᠡᠭᠦᠯᠦᠨ᠎ᠡ᠃ ᠡᠭᠦᠨ᠎ᠦ ᠬᠠᠮᠲᠤ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠵᠦ᠍᠂ ᠠᠵᠤ ᠦᠢᠯᠡᠰ᠎ᠦᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠵᠠᠭ᠍ᠪᠤᠷ᠎ᠢ ᠢᠳᠡᠪᠬᠢᠲᠡᠢ ᠪᠣᠢᠵᠢᠭᠤᠯᠵᠤ᠂ ᠠᠭᠠᠷ᠎ᠤᠨ ᠠᠶᠠᠯᠠᠯ᠎ᠤᠨ ᠪᠠᠴᠢᠮ ᠪᠠᠢᠳᠠᠯ᠎ᠢ ᠠᠷᠭᠠᠴᠠᠬᠤ ᠠᠪᠤᠷᠠᠨ ᠲᠤᠰᠠᠯᠠᠬᠤ᠂ ᠠᠭᠠᠷ᠎ᠤᠨ ᠠᠶᠠᠯᠠᠯ᠎ᠤᠨ ᠪᠠᠷᠠᠭᠠᠨ᠎ᠤ ᠭᠦᠢᠯᠭᠡᠭᠡ᠎ᠶ᠋ᠢ ᠲᠤᠬᠢᠷᠠᠭᠤᠯᠤᠨ ᠬᠦᠷᠭᠡᠬᠦ᠌᠂ ᠬᠤᠳᠠ᠎ᠶ᠋ᠢᠨ ᠠᠭᠠᠷ᠎ᠤᠨ ᠵᠠᠮ ᠬᠠᠷᠢᠯᠴᠠᠭ᠎ᠠ ᠵᠢᠴᠢ ᠱᠢᠨ᠎ᠡ ᠬᠡᠯᠪᠡᠷᠢ᠎ᠶ᠋ᠢᠨ ᠠᠭᠠᠷ᠎ᠤᠨ ᠠᠶᠠᠯᠠᠯ᠎ᠤᠨ ᠬᠡᠷᠡᠭ᠌ᠯᠡᠭᠡ ᠵᠡᠷᠭᠡ ᠲᠠᠯ᠎ᠠ᠎ᠪᠠᠷ ᠱᠢᠪᠲᠤᠯᠤᠯᠲᠠ᠎ᠲᠠᠶ ᠪᠣᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ ᠬᠠᠩᠭᠠᠨ᠎ᠠ ᠭᠡᠵᠦ᠍ ᠬᠡᠯᠡᠪᠡ᠃

ᠲᠤᠰ ᠡᠳᠦᠷ᠎ᠦᠨ ᠦᠳᠡ᠎ᠶ᠋ᠢᠨ ᠡᠮᠦᠨᠡᠬᠢ 10 ᠴᠠᠭ᠎ᠲᠤ᠂ ᠦᠬᠠᠢ ᠬᠤᠳᠠ᠎ᠶ᠋ᠢᠨ ᠵᠠᠯᠠᠭᠤᠴᠤᠳ ᠪᠠᠭᠠᠴᠤᠳ᠎ᠤᠨ ᠣᠷᠳᠣᠨ᠎ᠤ ᠬᠤᠷᠠᠯ᠎ᠤᠨ ᠭᠡᠷ᠎ᠲᠦ ᠬᠦᠷ ᠬᠥᠭ᠌ᠵᠢᠶᠡᠨ᠎ᠵᠢᠡᠷ ᠪᠢᠯᠬᠠᠵᠤ ᠪᠠᠢᠯ᠎ᠠ᠃ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠢᠨ ᠱᠦᠵᠢ ᠴᠢᠶᠣᠤ ᠯᠢ ᠦᠬᠠᠢ ᠵᠢᠨ ᠬᠤᠳᠠ ᠲᠣᠭᠣᠷᠢᠭ ᠬᠣᠶᠠᠷ ᠱᠠᠲᠤᠨ᠎ᠤ ᠡᠪᠯᠡᠯ᠎ᠦᠨ ᠬᠣᠷᠢᠶ᠎ᠠ ᠪᠣᠯᠤᠨ ᠬᠡᠰᠡᠭ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠱᠦᠵᠢ᠂ ᠦᠬᠠᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠡᠪᠯᠡᠯ᠎ᠦᠨ ᠬᠣᠷᠢᠶ᠎ᠠ ᠵᠢᠨ ᠱᠦᠵᠢ᠂ ᠬᠤᠳᠠ᠎ᠶ᠋ᠢᠨ ᠵᠠᠯᠠᠭᠤᠴᠤᠳ᠎ᠤᠨ ᠬᠣᠯᠪᠣᠭ᠎ᠠ᠎ᠶ᠋ᠢᠨ ᠭᠡᠱᠢᠭᠦᠨ᠂ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠬᠠᠪᠰᠤᠷᠤᠨ ᠵᠢᠯᠤᠭᠤᠳᠤᠬ᠍ᠴᠢ᠂ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠦᠢᠯᠡᠰ ᠪᠤᠰᠭᠠᠬᠤ ᠵᠠᠯᠠᠭᠤᠴᠤᠳ᠂ 《ᠶᠠᠨᠭ᠌ ᠹᠠᠨ ᠲᠥᠯᠥᠪᠯᠡᠭᠡ》 ᠶ᠋ᠢᠨ ᠳᠠᠳᠤᠯᠭ᠎ᠠ᠎ᠶ᠋ᠢᠨ ᠣᠶᠤᠲᠠᠨ᠂ ᠵᠠᠯᠠᠭᠤ ᠰᠠᠢ᠌ᠨ ᠲᠤᠷᠠᠴᠤᠳ᠎ᠤᠨ ᠲᠥᠯᠥᠭᠡᠯᠡᠭ᠌ᠴᠢ᠎ᠳᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ ᠬᠤᠷᠠᠯ ᠳᠡᠭᠡᠷ᠎ᠡ᠂ ᠴᠢᠶᠣᠤ ᠯᠢ 《ᠱᠢᠨ᠎ᠡ ᠴᠠᠭ ᠦᠶ᠎ᠡ᠎ᠡᠴᠡ ᠨᠠᠭᠠᠱᠢᠬᠢ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠨᠵᠡᠭᠡᠢ ᠤᠢ᠍ᠢᠯᠠᠭᠠᠨ ᠡᠵᠡᠮᠱᠢᠬᠦ᠌》᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠤᠢ᠍ᠢᠯᠠᠭᠠᠨ ᠡᠵᠡᠮᠱᠢᠬᠦ᠌》᠂ 《 ᠶᠡᠷᠦᠩᠬᠡᠢ ᠱᠦᠵᠢ ᠰᠢ ᠵᠢᠨ ᠫᠢᠩ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠢ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠬᠦ᠌》᠂ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠭᠦᠨᠵᠡᠭᠡᠢ ᠤᠢ᠍ᠢᠯᠠᠭᠠᠨ ᠡᠵᠡᠮᠱᠢᠬᠦ᠌》 ᠵᠡᠷᠭᠡ 4 ᠲᠠᠯ᠎ᠠ᠎ᠶ᠋ᠢᠨ ᠠᠭᠤᠯᠭ᠎ᠠ᠎ᠶ᠋ᠢᠨ ᠲᠣᠭᠣᠷᠢᠨ᠎ᠳᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠡᠭᠦᠷᠭᠡ ᠬᠠᠷᠢᠭᠤᠴᠠᠯᠭ᠎ᠠ ᠪᠠ ᠵᠠᠯᠠᠭᠤᠴᠤᠳ᠎ᠤᠨ ᠠᠵᠢᠯ᠎ᠤᠨ ᠭᠣᠣᠯᠳᠠᠯᠭ᠎ᠠ᠎ᠶ᠋ᠢᠨ ᠲᠣᠭᠣᠷᠢᠨ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠴᠠᠭ ᠭᠠᠷᠤᠢ᠎ᠶ᠋ᠢᠨ ᠤᠬᠠᠭᠤᠯᠤᠨ ᠲᠠᠢᠯᠪᠤᠷᠢᠯᠠᠯᠲᠠ ᠨᠢ ᠦᠨᠳᠦᠷᠴᠡ ᠲᠠᠢ᠂ ᠭᠦᠨᠴᠡ᠎ᠲᠡᠶ᠂ ᠠᠭᠤᠯᠤᠭᠳᠠᠬᠤᠨ᠎ᠲᠠᠶ᠂ ᠬᠠᠢᠷ᠎ᠠ ᠰᠡᠳᠭᠢᠯᠭᠡ᠎ᠲᠠᠶ ᠪᠠᠢᠵᠤ᠂ ᠡᠨᠳᠡ ᠰᠠᠭᠤᠵᠤ ᠪᠠᠢᠭ᠎ᠠ ᠵᠠᠯᠠᠭᠤᠴᠤᠳ ᠠᠩᠬᠠᠷᠤᠯ᠎ᠢᠶᠠᠨ ᠲᠥᠪᠯᠡᠷᠡᠭᠦᠯᠵᠦ᠍᠂ ᠭᠣᠣᠯᠳᠠᠯᠭ᠎ᠠ᠎ᠶ᠋ᠢ ᠨᠢ ᠲᠡᠮᠳᠡᠭ᠌ᠯᠡᠵᠦ᠍ ᠪᠠᠢᠯ᠎ᠠ᠃ ᠣᠯᠠᠨ᠎ᠢᠶᠠᠷ᠎ᠢᠶᠠᠨ ᠮᠠᠰᠢ ᠶᠡᠬᠡ ᠤᠯᠤᠯᠲᠠ ᠲᠠᠢ ᠪᠤᠯᠵᠠᠢ ᠭᠡᠵᠦ ᠢᠯᠡᠳᠭᠡᠵᠡᠭᠡᠪᠡ᠃

《ᠲᠤᠰ ᠤᠳᠠᠭᠠᠨ᠎ᠤ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ᠂ ᠪᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠶ ᠪᠣᠯᠵᠠᠢ᠂ ᠡᠪᠯᠡᠯ᠎ᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠪᠢ ᠭᠦᠨ ᠣᠢᠯᠠᠭᠠᠪᠠ᠃ ᠵᠠᠯᠭᠠᠭᠠᠳ ᠪᠢᠳᠡ ᠰᠤᠳᠤᠯᠤᠨ ᠶᠠᠷᠢᠯᠴᠠᠬᠤ ᠮᠠᠶᠢᠭ᠂ ᠳᠠᠭᠤᠷᠢᠶᠠᠮᠠᠯ ᠮᠠᠶᠢᠭ ᠵᠡᠷᠭᠡ ᠬᠡᠯᠪᠡᠷᠢ ᠪᠡᠷ ᠱᠢᠨ᠎ᠡ᠎ᠡᠭᠦᠳᠦᠯᠳᠡ ᠵᠢᠨ ᠣᠨᠣᠯ ᠢ᠋ 〈ᠵᠠᠯᠠᠭᠤᠴᠢᠯᠠᠨ〉 ᠲᠠᠢᠯᠪᠤᠷᠢᠯᠠᠬᠤ ᠵᠢ ᠴᠢᠩᠭᠠᠳᠭᠠᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠵᠡᠷᠭᠡ ᠲᠠᠯ᠎ᠠ᠎ᠪᠠᠷ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠬᠥᠭᠥᠷᠭᠡ ᠬᠣᠯᠪᠣᠭᠠᠰᠤ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ᠎ᠪᠠᠷ ᠬᠥᠭ᠌ᠵᠢᠭ᠌ᠰᠡᠨ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠴᠢᠷᠮᠠᠢᠨ ᠬᠥᠮᠦᠵᠢᠭᠦᠯᠦᠨ᠎ᠡ》 ᠭᠡᠵᠤ ᠦᠬᠠᠶ ᠬᠣᠲᠠ᠎ᠶ᠋ᠢᠨ ᠰᠤᠷᠭᠠᠨ ᠬᠥᠮᠦᠵᠢᠯ᠎ᠦᠨ ᠱᠢᠰᠲ᠋ᠧᠮ᠎ᠦᠨ ᠡᠪᠯᠡᠯ᠎ᠦᠨ ᠠᠵᠢᠯ᠎ᠤᠨ ᠬᠣᠷᠢᠶ᠎ᠠ ᠵᠢᠨ ᠱᠦᠵᠢ ᠵᠧᠸ᠋ ᠴᠢᠶᠠᠨ ᠬᠡᠯᠡᠪᠡ᠃

ᠦᠬᠠᠢ ᠬᠤᠳᠠ᠎ᠶ᠋ᠢᠨ ᠬᠠᠢᠷ᠎ᠠ ᠬᠠᠯᠠᠮᠵᠢ᠎ᠶ᠋ᠢᠨ ᠨᠡᠢᠭᠡᠮᠯᠢᠭ᠎ᠦᠨ ᠳᠠᠷᠤᠭ᠎ᠠ᠂ ᠦᠬᠠᠢ ᠬᠤᠳᠠ᠎ᠶ᠋ᠢᠨ ᠵᠠᠯᠠᠭᠤᠴᠤᠳ᠎ᠤᠨ ᠬᠣᠯᠪᠣᠭ᠎ᠠ᠎ᠶ᠋ᠢᠨ ᠳᠡᠳ᠋ ᠲᠡᠷᠢᠭᠦᠯᠡᠭ᠌ᠴᠢ ᠴᠢᠶᠣᠤ ᠭᠤᠤ ᠯᠸᠢ᠄ 《ᠤᠬᠠᠭᠤᠯᠤᠨ ᠲᠠᠢᠯᠪᠤᠷᠢᠯᠠᠬᠤ᠎ᠪᠠᠷ ᠲᠠᠮᠵᠢᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠪᠢ ᠨᠡᠩ ᠲᠣᠳᠣᠷᠬᠠᠢ ᠲᠠᠨᠢᠯᠲᠠ᠎ᠲᠠᠶ ᠪᠣᠯᠤᠭ᠍ᠰᠠᠨ ᠪᠥᠭᠡᠳ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠬᠤᠪᠢ ᠬᠥᠮᠦᠨ᠎ᠦ ᠦᠷᠳᠡᠭ᠎ᠢᠶᠡᠨ ᠪᠡᠶᠡᠯᠡᠭᠦᠯᠬᠦ᠌ ᠯᠤᠲᠤ ᠶᠡᠬᠡ ᠣᠷᠣᠨ ᠵᠠᠢ᠎ᠶ᠋ᠢ ᠴᠤ᠌ ᠣᠯᠵᠤ ᠬᠠᠷᠠᠯ᠎ᠠ᠃ ᠵᠠᠯᠭᠠᠭᠠᠳ ᠪᠢ ᠵᠠᠯᠠᠭᠤᠴᠤᠳ᠎ᠢ ᠵᠣᠬᠢᠶᠠᠨ ᠪᠠᠢᠭᠤᠯᠵᠤ ᠤᠯᠠᠨ ᠲᠦᠮᠡᠨ᠎ᠦ ᠠᠮᠢᠳᠤᠷᠠᠯ᠎ᠳᠤ ᠲᠤᠯᠭᠠᠷᠠᠵᠤ ᠪᠠᠢᠬᠤ ᠬᠦᠴᠢᠷᠳᠡᠯ᠎ᠢ ᠱᠢᠢᠳᠪᠦᠷᠢᠯᠡᠬᠦ᠌᠎ᠶ᠋ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠨᠡᠩ ᠤᠯᠠᠨ ᠵᠠᠯᠠᠭᠤᠴᠤᠳ᠎ᠢ ᠬᠦᠳᠦᠯᠦᠨ ᠵᠢᠯᠣᠭᠣᠳᠴᠤ᠌ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠳᠦ ᠡᠮᠬᠢ ᠵᠢᠷᠤᠮ ᠲᠠᠶ᠎ᠣᠷᠣᠯᠴᠠᠭᠤᠯᠤᠨ᠎ᠠ》 ᠭᠡᠵᠠᠢ᠃

ᠬᠢᠩᠭᠠᠨ ᠠᠢᠮᠠᠭ᠎ᠤᠨ ᠤᠬᠠᠭᠤᠯᠤᠨ ᠲᠠᠢᠯᠪᠤᠷᠢᠯᠠᠬᠤ ᠲᠤᠬᠠᠢ᠎ᠶ᠋ᠢᠨ ᠲᠠᠯᠠᠪᠠᠢ᠎ᠳᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠳᠡᠳ᠋ ᠳᠠᠷᠤᠭ᠎ᠠ᠂ ᠥᠪᠥᠷ ᠮᠣᠩᠭᠣᠯ᠎ᠤᠨ ᠬᠣᠩ ᠳ᠋ᠸ ᠨᠡᠢᠭᠡᠮ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠰᠣᠨᠢᠨ ᠮᠡᠳᠡᠭᠡ ᠨᠡᠢᠲᠡᠯᠡᠬᠦ᠌ ᠪᠠ ᠱᠢᠨ᠎ᠡ ᠵᠠᠭᠤᠴᠢᠯᠠᠭᠤᠷ᠎ᠤᠨ ᠰᠤᠳᠤᠯᠭᠠᠨ᠎ᠤ ᠲᠥᠪ᠎ᠦᠨ ᠡᠷᠬᠢᠯᠡᠭ᠌ᠴᠢ ᠬᠤ᠌ ᠢ ᠬᠤᠸᠠ᠂ 《ᠥᠭᠡᠷᠡᠴᠢᠯᠡᠯᠲᠡ ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠦᠨᠳᠦᠰᠦᠨ ᠬᠥᠳᠡᠯᠭᠡᠬᠦ᠌ ᠬᠦᠴᠦᠨ ᠪᠠ ᠲᠦᠷᠢᠮ᠎ᠦᠨ ᠪᠠᠲᠤᠯᠠᠭ᠎ᠠ ᠬᠠᠩᠭᠠᠨ᠎ᠠ — ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠲᠤᠬᠠᠢ ᠲᠠᠢᠯᠤᠮᠵᠢ》 ᠪᠡᠷ ᠰᠡᠳᠦᠪ ᠪᠣᠯᠭᠠᠵᠤ᠂ ᠪᠦᠬᠦ᠌ ᠠᠢᠮᠠᠭ᠎ᠤᠨ ᠲᠦᠷᠪᠡᠨ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠺᠠᠳ᠋ᠷ ᠵᠢᠴᠢ ᠦᠨᠳᠦᠰᠦᠨ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠭᠦᠢᠴᠡᠳᠭᠡᠭ᠌ᠴᠢ ᠭᠡᠰᠢᠭᠦᠨ᠂ ᠡᠮᠡᠭ᠌ᠲᠡᠢ ᠰᠠᠢ᠌ᠨ ᠲᠤᠷᠠᠴᠤᠳ᠂ ᠡᠮᠡᠭ᠌ᠲᠡᠢ ᠤᠯᠠᠨ ᠲᠦᠮᠡᠨ᠎ᠦ ᠲᠥᠯᠥᠭᠡᠯᠡᠭ᠌ᠴᠢ᠎ᠳᠦ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃

《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠠᠷ ᠲᠠᠮᠵᠢᠨ᠂ ᠪᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮ ᠰᠠᠢᠨ ᠣᠢᠯᠠᠭᠠᠪᠠ》᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠠᠯᠲᠠᠷ ᠰᠤᠮᠤ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠲᠡᠷᠢᠭᠦᠯᠡᠭ᠌ᠴᠢ ᠬᠤᠸᠠᠩ ᠱᠢᠨ ᠬᠣᠩ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠬᠣᠢᠱᠢᠳᠠ᠎ᠶ᠋ᠢᠨ ᠠᠵᠢᠯ᠎ᠤᠨ ᠳᠤᠮᠳᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠱᠢᠯᠠᠭᠤᠯᠵᠤ᠂ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠵᠦ᠍᠂ ᠡᠮᠡᠭ᠌ᠲᠡᠢᠴᠦᠳ᠎ᠦᠨ ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠮᠡᠭ᠌ᠲᠡᠢᠴᠦᠳ ᠬᠡᠦᠬᠡᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠰᠠᠢᠲᠤᠷ ᠬᠠᠮᠠᠭᠠᠯᠠᠵᠤ᠂ ᠬᠡᠷ ᠪᠦᠯᠢ᠂ ᠬᠡᠷ᠎ᠦᠨ ᠰᠤᠷᠭᠠᠯ᠂ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ ᠠᠵᠢᠯ᠎ᠢ ᠰᠠᠢᠲᠤᠷ ᠬᠢᠵᠦ᠍᠂ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ ᠢ᠋ ᠡᠮᠡᠭ᠌ᠲᠡᠢᠴᠦᠳ᠂ ᠬᠡᠦᠬᠡᠳ ᠪᠠ ᠲᠦᠭ ᠲᠦᠮᠡᠨ ᠬᠡᠷ ᠪᠦᠯᠢ᠎ᠳᠦ ᠨᠠᠩ ᠰᠠᠢᠨ ᠬᠦᠷᠲᠡᠭᠡᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面