2024-08-12 09:51:40
— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠤᠯᠠᠨ ᠲᠦᠮᠡᠨ᠎ᠦ ᠪᠦᠯᠬᠦᠮ᠎ᠤᠨ ᠵᠣᠬᠢᠶᠠᠨ ᠪᠠᠢᠭᠤᠯᠤᠯᠳᠠ ᠵᠢᠨ ᠺᠠᠳ᠋ᠷ ᠠᠵᠢᠯᠳᠠᠨ᠎ᠤ ᠶᠡᠬᠡ ᠲᠠᠯ᠎ᠠ᠎ᠳᠤ ᠦᠢᠯᠡᠴᠢᠯᠡᠬᠦ᠌ ᠳᠤᠮᠳᠠ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠪᠠ
ᠠᠤᠭ᠎ᠠ ᠲᠦᠰᠦᠪ ᠬᠥᠮᠦᠰ᠎ᠢ ᠤᠷᠮᠠᠰᠢᠭᠤᠯᠵᠤ᠂ ᠴᠠᠭ ᠦᠶ᠎ᠡ᠎ᠶ᠋ᠢᠨ ᠪᠦᠷᠢᠶ᠎ᠡ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠥᠭᠡᠷᠡᠴᠢᠯᠡᠯᠲᠡ᠎ᠶ᠋ᠢ ᠡᠯ᠎ᠡ ᠵᠦᠶ᠋ᠯ᠎ᠦᠨ ᠠᠵᠢᠯ᠎ᠳᠤ ᠲᠤᠭᠤᠱᠢᠯᠠᠭᠤᠯᠬᠤ ᠳᠠᠢᠴᠢᠯᠠᠯᠲᠠ᠎ᠶ᠋ᠢᠨ ᠵᠠᠷᠯᠢᠭ ᠢ᠋ ᠪᠠᠭᠤᠯᠭᠠᠵᠤ᠂ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠳᠠ ᠵᠢᠨ ᠺᠠᠳ᠋ᠷ ᠣᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ᠃ ᠣᠯᠠᠨ᠎ᠢᠶᠠᠷ᠎ᠢᠶᠠᠨ᠂ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶ᠋ᠢᠨ ᠣᠯᠠᠨ ᠲᠦᠮᠡᠨ᠎ᠲᠡᠶ ᠬᠠᠷᠢᠯᠴᠠᠵᠤ ᠦᠶ᠋ᠯᠡᠴᠢᠯᠡᠬᠦ᠌ ᠬᠥᠭᠥᠷᠭᠡ ᠬᠣᠯᠪᠣᠭᠠᠰᠤ᠎ᠶ᠋ᠢᠨ ᠦᠶ᠋ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠡᠷᠡᠮᠡᠬᠡᠢᠯᠡᠨ ᠤᠷᠤᠭ᠍ᠰᠢᠯᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠥᠭᠡᠷᠡᠴᠢᠯᠡᠯᠲᠡ᠎ᠶ᠋ᠢᠨ ᠱᠢᠨ᠎ᠡ ᠳᠦᠷᠰᠦ ᠪᠠᠢᠳᠠᠯ᠎ᠢᠶᠠᠷ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭ᠌ᠴᠢ ᠵᠠᠩ ᠬᠤᠢ ᠢᠦᠢ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶ᠋ᠢ ᠪᠦᠬᠦ᠌ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠦᠨ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠲᠡᠶ ᠤᠶᠠᠯᠳᠤᠭᠤᠯᠵᠤ᠂ ᠬᠥᠳᠡᠯᠮᠦᠷᠢ᠎ᠶ᠋ᠢᠨ ᠵᠢᠱ᠌ᠢᠶᠡᠴᠢ ᠠᠵᠢᠯᠲᠠᠨ ᠠᠵᠢᠯᠴᠢᠨ᠎ᠤ᠋ ᠤᠬᠠᠭᠤᠯᠤᠨ ᠲᠠᠢᠯᠪᠤᠷᠢᠯᠠᠬᠤ ᠪᠦᠯᠬᠦᠮ᠂ 《 ᠤᠮᠠᠷᠠᠳᠤ ᠬᠢᠯᠢ ᠶᠢ ᠳᠤᠯᠠᠭᠠᠯᠠᠬᠤ ᠠᠶᠠᠯᠠᠯ 》 ᠤ᠋ᠨ ᠬᠠᠯᠠᠮᠵᠢᠯᠠᠨ ᠬᠠᠢᠷᠠᠯᠠᠬᠤ ᠠᠵᠢᠯᠯᠠᠭ᠎ᠠ᠂ ᠤᠮᠠᠷᠠᠲᠤ ᠬᠢᠯᠢ᠎ᠶ᠋ᠢᠨ ᠠᠵᠢᠯᠲᠠᠨ ᠠᠵᠢᠯᠴᠢᠨ ᠤᠯᠠᠭᠠᠨᠮᠥ᠋ᠴᠢᠷ ᠵᠢᠡᠷ ᠠᠴᠢᠶᠠᠯᠠᠪᠤᠷᠢ ᠪᠤᠯᠭᠠᠵᠤ᠂ ᠥᠭᠡᠷᠡᠴᠢᠯᠡᠯᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠨᠢᠭ᠍ᠲᠠᠷᠠᠭᠤᠯᠵᠤ᠂ ᠠᠵᠢᠯᠲᠠᠨ ᠠᠵᠢᠯᠴᠢᠨ ᠲᠦᠮᠡᠨ᠎ᠢ ᠪᠦᠯᠬᠦᠮᠳᠡᠭᠦᠯᠦᠨ ᠳᠠᠢᠴᠢᠯᠠᠵᠤ ᠥᠭᠡᠷᠡᠴᠢᠯᠡᠯᠲᠡ᠎ᠶ᠋ᠢ ᠡᠷᠡᠰ ᠬᠦᠷᠢᠶᠡᠯᠡᠵᠦ᠂ ᠥᠭᠡᠷᠡᠴᠢᠯᠡᠯᠲᠡ᠎ᠶ᠋ᠢ ᠢᠳᠡᠪᠬᠢᠲᠡᠢ ᠳᠠᠮᠵᠢᠵᠦ᠂ ᠥᠭᠡᠷᠡᠴᠢᠯᠡᠯᠲᠡ᠎ᠳᠦ ᠤᠬᠠᠮᠰᠠᠷ᠎ᠡᠴᠡ᠎ᠪᠠᠨ ᠣᠷᠣᠯᠴᠠᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》᠂ 《ᠵᠢᠷᠭᠤᠭᠠᠨ ᠢᠨᠵᠧᠨᠧᠷᠢᠩ》᠎ᠲᠠᠢ ᠨᠢᠭ᠍ᠲᠠ ᠤᠶᠠᠯᠳᠤᠭᠤᠯᠤᠨ᠂ ᠬᠥᠳᠡᠯᠮᠦᠷᠢ ᠪᠠ ᠤᠷ᠎ᠠ ᠴᠢᠳᠠᠪᠤᠷᠢ᠎ᠶ᠋ᠢᠨ ᠤᠷᠤᠯᠳᠤᠭᠠᠨ᠂ ᠬᠥᠳᠡᠯᠮᠦᠷᠢ᠎ᠶ᠋ᠢᠨ ᠵᠢᠱ᠌ᠢᠶᠡᠴᠢ ᠪᠠ ᠤᠷᠠᠨ ᠳᠠᠷᠬᠠᠨ᠎ᠤ ᠱᠢᠨ᠎ᠡ᠎ᠶ᠋ᠢ ᠡᠭᠦᠳᠬᠦ᠌ ᠠᠵᠢᠯ᠎ᠤᠨ ᠲᠠᠰᠤᠭ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠵᠢᠴᠢ ᠦᠷ᠎ᠡ ᠪᠦᠲᠦᠭᠡᠯ᠎ᠢ ᠬᠤᠪᠢᠷᠠᠭᠤᠯᠬᠤ ᠳᠠᠪᠠᠭᠤᠯᠢᠭ᠎ᠢ ᠪᠠᠳᠠᠷᠠᠭᠤᠯᠵᠤ᠂ ᠠᠵᠤ ᠦᠶ᠋ᠯᠡᠰ᠎ᠦᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠵᠣᠬᠢᠴᠠᠬᠤ ᠨᠠᠩ ᠣᠯᠠᠨ ᠱᠢᠨ᠎ᠡ ᠬᠡᠯᠪᠡᠷᠢ᠎ᠶ᠋ᠢᠨ ᠬᠥᠳᠡᠯᠮᠦᠷᠢ᠎ᠶ᠋ᠢᠨ ᠶᠡᠬᠡ ᠴᠡᠷᠢᠭ᠎ᠢ ᠬᠥᠮᠦᠵᠢᠭᠦᠯᠵᠦ᠍᠂ ᠥᠷᠭᠡᠨ ᠣᠯᠠᠨ ᠠᠵᠢᠯᠲᠠᠨ ᠠᠵᠢᠯᠴᠢᠨ᠎ᠢ ᠪᠦᠯᠬᠦᠮᠳᠡᠭᠦᠯᠦᠨ ᠳᠠᠢᠴᠢᠯᠠᠵᠤ ᠪᠠᠢᠭᠠᠳ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ ᠢᠯᠡᠳᠭᠡᠪᠡ᠃
《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠢ ᠠᠯᠢ ᠤᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ᠎ᠶ᠋ᠢ ᠭᠦᠨᠵᠡᠭᠡᠢ ᠣᠢᠯᠠᠭᠠᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠠᠯᠠᠭᠤᠴᠤᠳ᠎ᠤᠨ ᠦᠢᠯᠡᠰ ᠪᠤᠰᠭᠠᠵᠦ᠍ ᠠᠵᠢᠯ ᠤᠯᠬᠤ᠎ᠳᠤ ᠦᠢᠯᠡᠴᠢᠯᠡᠬᠦ᠌ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ》᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠢᠨ ᠵᠠᠯᠠᠭᠤᠴᠤᠳ᠎ᠤᠨ ᠦᠶ᠋ᠯᠡᠰ ᠪᠤᠰᠬᠠᠬᠤ ᠠᠵᠢᠯ ᠣᠯᠭᠣᠬᠤ ᠦᠶ᠋ᠯᠡᠴᠢᠯᠡᠭᠡᠨ᠎ᠦ ᠲᠥᠪ᠎ᠦᠨ ᠬᠠᠷᠢᠭᠤᠴᠠᠯᠭᠠᠲᠠᠨ ᠵᠠᠩ ᠬᠤᠸᠠ᠂ ᠨᠠᠩ ᠣᠷᠭᠢᠯᠤᠮ᠎ᠠ ᠬᠠᠯᠠᠭᠤᠨ ᠰᠡᠳᠭᠢᠯᠭᠡ᠎ᠪᠡᠷ᠂ ᠨᠠᠩ ᠪᠣᠳᠠᠲᠠᠶ᠎ᠶ᠋ᠢ ᠡᠷᠬᠢᠮᠯᠡᠬᠦ᠌ ᠰᠤᠷᠲᠠᠯ᠂ ᠨᠠᠩ ᠴᠤᠭ ᠪᠠᠳᠠᠷᠠᠩᠭᠤᠶ ᠤᠶᠤᠨ ᠰᠠᠨᠠᠭ᠎ᠠ ᠪᠡᠷ ᠵᠠᠯᠠᠭᠤᠴᠤᠳ᠎ᠢ ᠬᠥᠲᠥᠯᠥᠨ ᠳᠠᠭᠠᠭᠤᠯᠵᠤ ᠨᠢᠭ᠍ᠲᠠᠷᠠᠭᠤᠯᠬᠤ᠂ ᠵᠠᠯᠠᠭᠤᠴᠤᠳ᠎ᠢ ᠵᠣᠬᠢᠶᠠᠨ ᠪᠠᠢᠭᠤᠯᠵᠤ ᠳᠠᠢᠴᠢᠯᠠᠬᠤ᠂ ᠵᠠᠯᠠᠭᠤᠴᠤᠳ᠎ᠲᠠᠶ ᠬᠠᠷᠢᠯᠴᠠᠵᠤ ᠦᠶ᠋ᠯᠡᠴᠢᠯᠡᠬᠦ᠌ ᠡᠭᠦᠷᠭᠡ ᠬᠠᠷᠢᠭᠤᠴᠠᠯᠭ᠎ᠠ᠎ᠶ᠋ᠢ ᠬᠢᠨᠠᠮᠠᠭᠠᠶ ᠭᠦᠶ᠋ᠴᠡᠳᠭᠡᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌ ᠪᠠ ᠱᠢᠨ᠎ᠡ ᠵᠠᠮ᠎ᠨᠡᠭᠡᠭᠡᠵᠦ᠂ ᠲᠤᠮᠳᠠ ᠲᠦᠪᠰᠢᠨ ᠳ᠋ᠤ ᠤᠷᠤᠬᠤ ᠬᠠᠷᠠᠯᠲᠠ᠎ᠶ᠋ᠢᠨ ᠲᠣᠭᠣᠷᠢᠨ᠎ᠳᠤ᠂ ᠵᠠᠯᠠᠭᠤᠴᠤᠳ᠎ᠤᠨ ᠦᠢᠯᠡᠰ ᠪᠤᠰᠭᠠᠵᠦ᠍ ᠠᠵᠢᠯ ᠤᠯᠬᠤ᠎ᠳᠤ ᠲᠤᠯᠭᠠᠷᠠᠵᠤ ᠪᠠᠢᠭ᠎ᠠ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌᠎ᠪᠡᠷ ᠤᠳᠤᠷᠢᠳᠤᠮᠵᠢ ᠪᠣᠯᠭᠠᠵᠤ᠂ ᠨᠠᠮ᠎ᠤᠨ ᠠᠵᠢᠯ᠎ᠢ ᠵᠠᠯᠠᠭᠤᠴᠤᠳ᠎ᠤᠨ ᠦᠵᠡᠯ ᠰᠠᠨᠠᠭ᠎ᠠ ᠵᠢ ᠬᠦᠳᠦᠯᠦᠨ ᠳᠠᠭᠠᠭᠤᠯᠬᠤ᠂ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠂ ᠤᠷ᠎ᠠ ᠴᠢᠳᠠᠪᠦᠷᠢ ᠵᠢᠨ ᠳᠡᠭᠡᠭ᠌ᠰᠢᠯᠡᠯᠲᠡ᠂ ᠠᠵᠢᠯ᠎ᠤᠨ ᠪᠠᠢᠷᠢ᠎ᠶ᠋ᠢ ᠵᠣᠯᠭᠠᠭᠤᠯᠬᠤ᠂ ᠬᠦᠴᠢᠷ ᠪᠡᠷᠬᠡᠱᠢᠶᠡᠯ᠎ᠢ ᠬᠠᠪᠰᠤᠷᠤᠨ ᠲᠡᠳᠬᠦᠬᠦ᠂ ᠦᠶ᠋ᠯᠡᠰ ᠪᠣᠰᠭᠠᠬᠤ᠎ᠶ᠋ᠢ ᠠᠬᠢᠭᠤᠯᠬᠤ ᠵᠡᠷᠭᠡ ᠭᠣᠭ᠍ᠴᠣᠭ᠎ᠠ᠎ᠳᠤ ᠪᠦᠲᠦᠮᠵᠢᠲᠡᠶ ᠠᠭᠤᠰᠤᠯᠴᠠᠭᠤᠯᠵᠤ᠂ ᠬᠦᠴᠦᠨ᠎ᠢᠶᠡᠨ ᠲᠥᠪᠯᠡᠷᠡᠭᠦᠯᠦᠨ ᠵᠠᠯᠠᠭᠤᠴᠤᠳ᠎ᠤᠨ ᠠᠵᠢᠯ᠎ᠢ ᠰᠠᠢᠲᠤᠷ ᠬᠢᠨ᠎ᠡ ᠭᠡᠵᠦ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠸᠠᠩ ᠹᠠᠩ᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠡᠮᠡᠭ᠌ᠲᠡᠢᠴᠦᠳ ᠬᠡᠦᠬᠡᠳ᠎ᠦᠨ ᠬᠣᠶᠠᠷ ᠬᠥᠲᠥᠯᠪᠦᠷᠢ᠎ᠶ᠋ᠢ ᠬᠡᠷᠡᠭ᠌ᠵᠢᠭᠦᠯᠬᠦ᠎ᠶ᠋ᠢ ᠠᠬᠢᠭᠤᠯᠵᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠰᠦᠭ ᠰᠦᠨᠡᠰᠦ᠎ᠶ᠋ᠢ ᠱᠤᠭᠤᠬᠤ᠂ ᠭᠡᠷ ᠬᠣᠲᠠᠯᠠᠭᠠᠷ᠎ᠢᠶᠠᠨ ᠵᠣᠯ ᠵᠢᠷᠭᠠᠯ᠎ᠲᠠᠶ ᠠᠮᠤᠷ ᠠᠮᠤᠭᠤᠯᠠᠩ ᠪᠠᠢᠬᠤ᠂ ᠰᠠᠭᠤᠷᠢ᠎ᠪᠠᠨ ᠪᠡᠬᠢᠵᠢᠭᠦᠯᠵᠦ᠍ ᠬᠡᠪᠴᠢᠶ᠎ᠡ᠎ᠪᠡᠨ ᠥᠷᠭᠡᠳᠭᠡᠨ ᠠᠮᠢᠵᠢᠷᠠᠯ᠎ᠢ ᠠᠬᠢᠭᠤᠯᠬᠤ ᠭᠤᠷᠪᠠᠨ ᠶᠡᠬᠡ ᠢᠨᠵᠧᠨᠧᠷᠢᠩ᠎ᠢ ᠭᠦᠨᠵᠡᠭᠡᠢᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠠᠵᠢᠯ ᠣᠯᠵᠦ ᠦᠢᠯᠡᠰ ᠪᠤᠰᠭᠠᠬᠤ᠂ ᠠᠮᠢ ᠠᠬᠤᠢ᠎ᠶ᠋ᠢᠨ ᠪᠣᠯᠪᠠᠰᠤᠨ᠂ ᠡᠷᠬᠡ ᠠᠱᠢᠭ᠎ᠢᠶᠠᠨ ᠬᠠᠮᠠᠭᠠᠯᠠᠬᠤ ᠬᠠᠢᠷ᠎ᠠ ᠬᠠᠯᠠᠮᠵᠢ᠂ ᠠᠮᠢ ᠨᠠᠰᠤᠨ᠎ᠤ ᠡᠷᠡᠭᠦᠯ ᠮᠡᠨᠳᠦ ᠵᠡᠷᠭᠡ ᠵᠢᠷᠭᠤᠭᠠᠨ ᠡᠮᠡᠭ᠌ᠲᠡᠢᠴᠦᠳ᠎ᠦᠨ ᠠᠵᠢᠯᠯᠠᠭ᠎ᠠ᠎ᠶ᠋ᠢ ᠪᠣᠳᠠᠲᠠᠢ ᠠᠳᠭᠤᠵᠤ᠂《ᠡᠮᠡᠭ᠌ᠲᠡᠢᠴᠦᠳ ᠬᠡᠦᠬᠡᠳ᠎ᠲᠦ ᠪᠣᠳᠠᠲᠤ ᠶᠠᠪᠤᠳᠠᠯ ᠬᠢᠬᠦ᠌·ᠠᠷᠪᠠ ᠵᠢ ᠬᠦᠷᠭᠡᠬᠦ》 ᠵᠢ ᠰᠠᠢᠲᠤᠷ ᠠᠳᠭᠤᠨ᠎ᠠ᠃ ᠨᠠᠮ᠎ᠤᠨ ᠪᠠᠢᠭᠤᠯᠤᠯᠲᠠ᠎ᠪᠠᠷ ᠡᠮᠡᠭ᠌ᠲᠡᠢᠴᠦᠳ᠎ᠦᠨ ᠪᠠᠢᠭᠤᠯᠤᠯᠲᠠ᠎ᠶ᠋ᠢ ᠳᠠᠢᠴᠢᠯᠠᠬᠤ᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠥᠭᠡᠷᠡᠴᠢᠯᠡᠯᠲᠡ ᠪᠠ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠬᠦᠴᠢᠷᠳᠡᠯ᠎ᠳᠦ ᠲᠤᠯᠭᠠᠷᠠᠭ᠍ᠰᠠᠨ ᠡᠮᠡᠭ᠌ᠲᠡᠢᠴᠦᠳ᠂ ᠬᠡᠷ ᠪᠦᠯᠢ ᠪᠠ ᠬᠡᠷ᠎ᠲᠡᠬᠡᠨ ᠬᠣᠴᠣᠷᠤᠭ᠍ᠰᠠᠨ ᠬᠡᠤᠬᠡᠳ ᠳᠡᠨᠤᠬᠦᠯ ᠬᠡᠦᠬᠡᠳ᠎ᠢ ᠬᠠᠪᠰᠤᠷᠤᠨ ᠬᠠᠯᠠᠮᠵᠢᠯᠠᠬᠤ ᠲᠠᠯ᠎ᠠ᠎ᠪᠠᠷ ᠣᠷᠳᠣ ᠬᠤᠭᠤᠴᠠᠭ᠎ᠠ᠎ᠪᠠᠷ ᠵᠢᠳᠬᠦᠨ ᠴᠢᠷᠮᠠᠢᠵᠤ᠂ ᠬᠠᠢᠷ᠎ᠠ ᠬᠠᠯᠠᠮᠵᠢ᠎ᠶ᠋ᠢᠨ ᠡᠬᠡᠴᠤᠤᠯ ᠤ᠋ᠨ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡ᠂ ᠡᠮᠡᠭ᠌ᠲᠡᠢᠴᠦᠳ᠎ᠦᠨ ᠬᠡᠷ ᠠᠬᠤᠶ᠎ᠶ᠋ᠢᠨ ᠦᠶ᠋ᠯᠡᠴᠢᠯᠡᠭᠡ ᠵᠡᠷᠭᠡ ᠰᠡᠳᠬᠢᠯ ᠳ᠋ᠤ ᠰᠠᠭᠤᠭᠳᠠᠮ᠎ᠠ ᠨᠢᠳᠦᠨ ᠳ᠋ᠤ ᠦᠵᠡᠭᠳᠡᠮ᠎ᠡ ᠭᠠᠷ ᠲᠤ᠌ ᠪᠠᠷᠢᠭᠳᠠᠮ᠎ᠠ ᠪᠣᠳᠠᠲᠤ ᠶᠠᠪᠤᠳᠠᠯ᠎ᠢ ᠦᠨᠡᠨ ᠰᠡᠳᠭᠢᠯ᠎ᠡᠴᠡ᠎ᠪᠡᠨ ᠰᠠᠢᠲᠤᠷ ᠬᠢᠨ᠎ᠠ᠃ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠬᠠᠭᠤᠯᠤᠨ ᠲᠠᠢᠯᠪᠤᠷᠢᠯᠠᠭ᠍ᠴᠢ᠂ 《3·8》 ᠤ᠋ ᠤᠯᠠᠭᠠᠨ ᠲᠤᠭ᠍ᠴᠢ᠂ ᠡᠮᠡᠭ᠌ᠲᠡᠢᠴᠦᠳ᠎ᠦᠨ ᠭᠠᠪᠢᠶ᠎ᠠ ᠪᠠᠢᠭᠤᠯᠤᠭ᠍ᠰᠠᠨ ᠵᠢᠱ᠌ᠢᠶᠡᠴᠢ᠂ ᠬᠠᠮᠤᠭ᠎ᠤᠨ ᠭᠣᠶᠣ ᠬᠡᠷ ᠪᠦᠯᠢ᠎ᠶ᠋ᠢᠨ ᠲᠥᠯᠥᠭᠡᠯᠡᠭ᠌ᠴᠢ ᠵᠡᠷᠭᠡ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢᠨ ᠦᠶ᠋ᠯᠡᠳᠦᠯ᠎ᠢ ᠪᠠᠳᠠᠷᠠᠭᠤᠯᠵᠤ᠂ 《ᠠᠷᠪᠠᠨ ᠵᠠᠭᠤ ᠮᠢᠩᠭ᠎ᠠ ᠲᠦᠮᠡ》 ᠡᠮᠡᠭ᠌ᠲᠡᠢᠴᠦᠳ᠎ᠦᠨ ᠶᠡᠬᠡ ᠤᠬᠠᠭᠤᠯᠤᠨ ᠲᠠᠢᠯᠪᠤᠷᠢᠯᠠᠬᠤ᠂ 《ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠦᠵᠡᠯ ᠰᠠᠨᠠᠭ᠎ᠠ ᠤᠯᠤᠰ ᠲᠥᠷᠥ᠎ᠶ᠋ᠢᠨ ᠶᠠᠷᠢᠶᠠᠨ᠎ᠤ ᠲᠠᠩᠬᠢᠮ》 ᠵᠡᠷᠭᠡ ᠲᠥᠷᠥᠯ ᠲᠡᠮᠳᠡᠭ᠌ᠲᠦ᠍᠎ᠶ᠋ᠢᠨ ᠠᠵᠢᠯ᠎ᠤᠨ ᠠᠴᠢᠶᠠᠯᠠᠪᠤᠷᠢ᠎ᠪᠠᠷ ᠳᠠᠮᠵᠢᠭᠤᠯᠤᠨ᠂ ᠡᠮᠡᠭ᠌ᠲᠡᠢᠴᠦᠳ᠎ᠦᠨ ᠬᠣᠯᠪᠣᠭ᠎ᠠ ᠵᠢᠨ ᠱᠢᠰᠲ᠋ᠧᠮ ᠲᠠᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠡᠯ᠎ᠡ ᠵᠦᠶ᠋ᠯ᠎ᠦᠨ ᠠᠵᠢᠯ᠎ᠢ ᠪᠥᠬᠥ᠌ ᠲᠠᠯ᠎ᠠ᠎ᠪᠠᠷ ᠰᠠᠢᠲᠤᠷ ᠠᠳᠭᠤᠵᠤ᠂ ᠥᠷᠭᠡᠨ ᠣᠯᠠᠨ ᠡᠮᠡᠭ᠌ᠲᠡᠢᠴᠦᠳ᠎ᠢ ᠪᠦᠯᠬᠦᠮᠳᠡᠭᠦᠯᠦᠨ ᠳᠠᠭᠠᠭᠤᠯᠵᠤ ᠪᠠᠢᠭᠠᠳ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠠᠭᠤᠤ ᠶᠡᠬᠡ ᠦᠶ᠋ᠯᠡᠳᠦᠯᠭᠡ᠎ᠳᠦ ᠢᠳᠡᠪᠬᠢᠲᠡᠶ ᠣᠷᠣᠯᠴᠠᠭᠤᠯᠤᠨ᠎ᠠ ᠭᠡᠵᠦ᠍ ᠢᠯᠡᠳᠭᠡᠪᠡ᠃
《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ ᠵᠠᠯᠭᠠᠭ᠎ᠠ᠎ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠡᠲᠡᠭᠡᠳ ᠪᠣᠯᠤᠨ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠶ᠋ᠢᠨ ᠱᠢᠰᠲ᠋ᠧᠮ᠎ᠦᠨ ᠰᠣᠶᠣᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌᠂ ᠱᠢᠨ᠎ᠡ ᠴᠠᠭ ᠦᠶ᠎ᠡ ᠱᠢᠨ᠎ᠡ ᠠᠶᠠᠨ ᠤ᠋ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠶ᠋ᠢᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠠᠰᠤᠷᠠᠯᠲᠠ ᠥᠬᠡᠶ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ》 ᠃ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠵᠶ᠋ᠢ ᠱᠢᠶᠤᠤ ᠴᠢᠩ᠂ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠬᠢᠨ᠎ᠦ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠬᠤ ᠵᠢ ᠪᠦᠬᠦ ᠬᠦᠴᠦᠨ ᠵᠢᠡᠷ ᠵᠢᠡᠨ ᠵᠤᠬᠢᠶᠠᠨ ᠪᠠᠢᠭᠤᠯᠤᠨ᠎ᠠ; ᠰᠤᠳᠤᠯᠭᠠᠨ ᠲᠠᠢᠯᠪᠤᠷᠢᠯᠠᠯᠲᠠ᠎ᠶ᠋ᠢ ᠭᠦᠨᠵᠡᠭᠡᠢᠷᠡᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠰᠤᠳᠤᠯᠭᠠᠨ ᠲᠠᠢᠯᠪᠤᠷᠢᠯᠠᠯᠲᠠ᠎ᠶ᠋ᠢᠨ ᠣᠷᠭᠠᠨᠢᠭ ᠨᠡᠪᠲᠡᠷᠡᠯᠴᠡᠭᠡ᠎ᠶ᠋ᠢ ᠠᠬᠢᠭᠤᠯᠤᠨ᠎ᠠ;ᠰᠤᠷᠬᠤ ᠪᠠ ᠬᠡᠷᠡᠭ᠌ᠯᠡᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠤᠳᠭ᠎ᠠ ᠤᠷᠠᠯᠢᠭᠤᠨᠬᠢᠨᠦ ᠬᠣᠯᠪᠣᠭ᠎ᠠ᠎ᠶ᠋ᠢᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠣᠪᠣᠢᠮ᠎ᠠ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠴᠢᠷᠮᠠᠢᠨ ᠠᠬᠢᠭᠤᠯᠵᠤ᠂ ᠪᠥᠬᠥ᠌ ᠤᠯᠤᠰ᠎ᠤᠨ ᠴᠢᠬᠤᠯᠠ ᠶᠡᠬᠡ ᠤᠳᠭ᠎ᠠ ᠤᠷᠠᠯᠢᠭ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠳᠠᠭᠠᠭᠠᠴᠢᠯᠡᠨ ᠡᠷᠭᠢᠯᠡᠬᠦ᠌᠂ ᠭᠤᠤᠯᠳᠠᠯᠭ᠎ᠠ᠎ᠲᠠᠶ ᠵᠣᠬᠢᠶᠠᠨ ᠪᠦᠲᠦᠭᠡᠬᠦ᠌᠎ᠶ᠋ᠢ ᠲᠡᠳᠬᠦᠨ ᠳᠡᠮᠵᠢᠬᠦ᠌ ᠢᠨᠵᠧᠨᠧᠷᠢᠩ᠎ᠢ ᠬᠡᠷᠡᠭ᠌ᠵᠢᠭᠦᠯᠬᠦ᠌ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠨᠠᠩ ᠣᠯᠠᠨ ᠱᠢᠯᠢᠳᠡᠭ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠍᠂ ᠥᠪᠥᠷ ᠮᠣᠩᠭᠣᠯ᠎ᠤᠨ ᠡᠬᠡ ᠭᠠᠵᠠᠷ᠎ᠤᠨ ᠱᠢᠨ᠎ᠡ ᠴᠠᠭ ᠦᠶ᠎ᠡ᠎ᠶ᠋ᠢᠨ ᠴᠣᠭ ᠵᠢᠪᠬᠤᠭ᠎ᠠ᠎ᠶ᠋ᠢ ᠠᠮᠢᠳᠤᠯᠢᠭ᠎ᠢᠶᠠᠷ ᠢᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠱᠢᠨ᠎ᠡ ᠵᠠᠮ ᠨᠡᠭᠡᠭᠡᠵᠦ ᠳᠤᠮᠳᠠ ᠲᠦᠪᠰᠢᠨ ᠳ᠋ᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠤᠳᠭ᠎ᠠ ᠤᠷᠠᠯᠢᠭ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃
ᠤᠢ᠍ᠢᠷ᠎ᠠ᠎ᠶ᠋ᠢᠨ ᠡᠳᠦᠷ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠦᠨ ᠺᠠᠳ᠋ᠷ ᠠᠵᠢᠯᠳᠠᠨ ᠠᠵᠢᠯᠴᠢᠨ ᠨᠠᠷᠢᠨ ᠬᠢᠨᠠᠮᠠᠭᠠᠢ ᠰᠤᠷᠤᠯᠴᠠᠵᠥ᠍᠂ ᠥᠷᠭᠡᠨ᠎ᠢᠶᠡᠷ ᠶᠠᠷᠢᠯᠴᠠᠵᠤ᠂ ᠭᠦᠨᠵᠡᠭᠡᠢ ᠰᠣᠯᠢᠯᠴᠠᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠬᠠᠯᠠᠭᠤᠨ ᠥᠷᠨᠢᠯᠲᠡ᠎ᠶ᠋ᠢ ᠪᠤᠢ ᠪᠣᠯᠭᠠᠪᠠ᠃ ᠤᠯᠠᠨ ᠵᠢᠡᠷ ᠵᠢᠡᠨ᠂ ᠡᠭᠦᠷᠭᠡ ᠬᠠᠷᠢᠭᠤᠴᠠᠯᠭ᠎ᠠ᠎ᠪᠠᠨ ᠲᠠᠰᠤᠷᠠᠯᠲᠠ ᠦᠭᠡᠢ ᠴᠢᠩᠭᠠᠳᠭᠠᠵᠤ᠂ ᠨᠠᠮ᠎ᠤᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠣᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠣᠯᠠᠨ ᠢ᠋ ᠢᠲᠡᠭᠡᠭᠦᠯᠬᠦ᠌ ᠬᠦᠴᠦᠨ᠂ ᠤᠬᠠᠭᠤᠯᠭ᠎ᠠ᠂ ᠪᠡᠯᠡ ᠮᠥᠩᠭᠥ᠌ ᠴᠤᠭ᠍ᠯᠠᠭᠤᠯᠬᠤ᠎ᠪᠠᠷ ᠪᠠᠲᠤᠯᠠᠭ᠎ᠠ ᠪᠣᠯᠭᠠᠵᠤ᠂ 《ᠬᠥᠮᠥᠯᠢᠭ ᠤᠮᠠᠷᠠᠲᠤ ᠬᠢᠯᠢᠡᠨᠡᠷᠢᠩᠭᠦᠢ ᠬᠦᠮᠦᠨ ᠤ᠋ ᠦᠷᠦᠰᠢᠶᠡᠯ ᠬᠠᠢᠷᠠᠯᠠᠯ·ᠰᠠᠢᠨ ᠰᠠᠨᠠᠭᠠᠳᠠᠨ ᠬᠠᠮᠲᠤ ᠶᠠᠪᠤᠬᠤ》 ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠦᠨ ᠵᠢᠭ᠍ᠰᠠᠭᠠᠯ᠎ᠢᠶᠠᠷ ᠲᠤᠯᠭᠠᠭᠤᠷᠢ ᠪᠣᠯᠭᠠᠭ᠍ᠰᠠᠨ《1 + 1 + 3 + N》 ᠠᠵᠢᠯ᠎ᠤᠨ ᠪᠠᠢᠷᠢᠱᠢᠯ᠂ 《ᠵᠢᠷᠭᠤᠭ᠎ᠠ᠎ᠳᠤ ᠬᠦᠴᠦᠨ ᠨᠡᠮᠡᠷᠢᠯᠡᠬᠦ᠌》 ᠭᠤᠤᠯᠯᠠᠬᠤ ᠲᠤᠬᠠᠢᠯᠠᠭ᠍ᠰᠠᠨ ᠠᠵᠢᠯ᠎ᠤᠨ ᠪᠠᠢᠷᠢᠱᠢᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂《ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠂ ᠱᠢᠯᠢᠳᠡᠭ᠌ᠵᠢᠭᠦᠯᠬᠦ᠌᠎ᠶ᠋ᠢ ᠠᠳᠭᠤᠬᠤ᠂ ᠰᠠᠭᠤᠷᠢ᠎ᠶ᠋ᠢ ᠪᠡᠬᠢᠵᠢᠭᠦᠯᠬᠦ᠂ ᠠᠵᠢᠯ ᠤ᠋ᠨ ᠰᠤᠷᠲᠠᠯ᠎ᠢᠶᠠᠨ ᠬᠤᠪᠢᠷᠠᠭᠤᠯᠬᠤ᠂ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠂ ᠬᠥᠭ᠌ᠵᠢᠯᠲᠡ᠎ᠶ᠋ᠢ ᠠᠬᠢᠭᠤᠯᠬᠤ》ᠠᠵᠢᠯ᠎ᠤᠨ ᠱᠠᠭᠠᠷᠳᠠᠯᠭ᠎ᠠ ᠵᠢ ᠰᠠᠢᠳᠤᠷ ᠪᠡᠶᠡᠯᠡᠭᠦᠯᠵᠦ᠂ ᠵᠢᠷᠤᠮᠵᠢᠭᠤᠨ ᠠᠵᠢᠯᠯᠠᠭᠤᠯᠬᠤ᠂ ᠥᠨᠳᠥᠷ ᠦᠷ᠎ᠡ ᠠᠱᠢᠭ᠍ᠲᠤ ᠡᠷᠭᠢᠯᠲᠡ᠎ᠳᠦ᠂ ᠢᠯᠡ ᠲᠣᠳᠣ ᠤᠯᠠᠭᠠᠨ ᠵᠠᠭᠠᠯᠮᠠᠢ᠌ᠲᠠᠨᠤ ᠨᠡᠢᠭᠡᠮᠯᠢᠭ ᠢ᠋ ᠪᠦᠬᠦ᠌ ᠬᠦᠴᠦᠨ᠎ᠢᠶᠡᠷ ᠪᠦᠲᠦᠭᠡᠨ ᠪᠠᠢᠭᠤᠯᠵᠤ᠂ ᠬᠥᠮᠦᠨ᠎ᠦ ᠰᠡᠳᠭᠢᠯ᠎ᠢ ᠳᠤᠯᠠᠭᠠᠴᠠᠭᠤᠯᠬᠤ᠂ ᠬᠥᠮᠦᠨ᠎ᠦ ᠰᠡᠳᠭᠢᠯ᠎ᠢ ᠨᠥᠯᠥᠭᠡᠯᠡᠬᠦ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ ᠰᠠᠢᠨ ᠶᠠᠪᠤᠳᠠᠯ ᠪᠤᠶᠠᠨᠳᠤ ᠶᠠᠪᠤᠳᠠᠯ ᠢ᠋ ᠪᠣᠳᠠᠲᠠᠶ ᠬᠢᠵᠦ᠍ ᠰᠠᠢᠳᠤᠷ ᠬᠢᠵᠦ᠍᠂ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠨᠠᠮ ᠪᠣᠯᠤᠨ ᠵᠠᠰᠠᠭ᠎ᠤᠨ ᠣᠷᠳᠣᠨ᠎ᠤ ᠬᠥᠮᠥᠨᠯᠢᠭ ᠦᠵᠡᠯ᠎ᠦᠨ ᠬᠦᠷᠢᠶᠡᠨ᠎ᠳᠡᠬᠢ ᠬᠠᠪᠰᠤᠷᠤᠭ᠍ᠴᠢ ᠪᠣᠯᠬᠤ ᠪᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠲᠡᠶ ᠬᠠᠷᠢᠯᠴᠠᠵᠤ ᠦᠢᠯᠡᠴᠢᠯᠡᠬᠦ᠌ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠤᠨ᠎ᠠ ᠭᠡᠵᠦ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃