2024-08-14 09:32:25
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠡᠴᠡ ᠬᠢᠨᠠᠨ ᠵᠦᠪᠯᠡᠵᠦ ᠪᠠᠲᠤᠯᠠᠭ᠍ᠰᠠᠨ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭ᠍ᠲᠠᠭᠠᠯ》 ᠳ᠋ᠤ᠌ ᠮᠥᠩᠭᠥᠨ ᠭᠦᠢᠯᠭᠡᠭᠡᠨ᠎ᠦ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠢ ᠪᠠᠢᠷᠢᠯᠠᠭᠤᠯᠤᠯᠲᠠ ᠬᠢᠵᠦ᠍᠂《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡ᠂ ᠪᠤᠬᠢᠷᠳᠤᠯ ᠦᠭᠡᠢ ᠮᠥᠩᠭᠥᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡ᠂ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥᠨ ᠭᠦᠢᠯᠭᠡᠭᠡ᠂ ᠲᠣᠭᠠᠴᠢᠯᠠᠭ᠍ᠰᠠᠨ ᠮᠥᠩᠭᠥᠨ ᠭᠦᠢᠯᠭᠡᠭᠡ᠎ᠶ᠋ᠢ ᠢᠳᠡᠪᠬᠢᠲᠡᠢ ᠬᠥᠭ᠌ᠵᠢᠭᠦᠯᠦᠨ᠎ᠡ》 ᠭᠡᠵᠦ᠍ ᠳᠤᠷᠠᠳᠤᠨ ᠭᠠᠷᠭᠠᠪᠠ᠃
ᠡᠨᠡ ᠲᠠᠪᠤᠨ ᠶᠡᠬᠡ ᠮᠥᠩᠭᠥᠨ ᠭᠦᠢᠯᠭᠡᠭᠡᠨ᠎ᠦ ᠬᠦᠷᠢᠶ᠎ᠡ ᠪᠣᠯ ᠶᠠᠭ ᠨᠢᠳᠤᠨᠤᠨ᠎ᠤ 10 ᠰᠠᠷ᠎ᠠ᠎ᠳᠤ ᠬᠤᠷᠠᠯᠳᠤᠭᠤᠯᠤᠭ᠍ᠰᠠᠨ ᠲᠥᠪ᠎ᠦᠨ ᠮᠥᠩᠭᠥᠨ ᠭᠦᠢᠯᠭᠡᠭᠡᠨ᠎ᠦ ᠠᠵᠢᠯ᠎ᠤᠨ ᠬᠤᠷᠠᠯ᠎ᠡᠴᠡ ᠳᠤᠷᠠᠳᠤᠭ᠍ᠰᠠᠨ ᠲᠠᠪᠤᠨ ᠶᠡᠬᠡ ᠶᠠᠪᠤᠳᠠᠯ ᠪᠣᠯᠤᠨ᠎ᠠ᠃
《ᠲᠠᠪᠤᠨ ᠶᠡᠬᠡ ᠶᠠᠪᠤᠳᠠᠯ᠎ᠢ ᠰᠠᠢᠲᠤᠷ ᠬᠢᠬᠦ᠌ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠶ᠋ᠯᠡᠴᠢᠯᠡᠬᠦ᠌ ᠪᠣᠳᠠᠲᠤ ᠬᠡᠷᠡᠭ᠌ᠴᠡᠭᠡ ᠮᠥᠨ᠂ ᠮᠦᠨ ᠴᠤ᠌ ᠳᠤᠮᠳᠠᠳᠤ ᠤᠯᠤᠰ᠎ᠤᠨ ᠣᠨᠴᠠᠯᠢᠭ ᠪᠥᠬᠥᠶ ᠮᠥᠩᠭᠥᠨ ᠭᠦᠶ᠋ᠯᠭᠡᠭᠡᠨ᠎ᠦ ᠬᠥᠭ᠌ᠵᠢᠯᠲᠡ᠎ᠶ᠋ᠢᠨ ᠵᠠᠮ᠎ᠢᠶᠠᠷ ᠰᠠᠢᠲᠤᠷ ᠵᠠᠮᠨᠠᠬᠤ᠎ᠶ᠋ᠢᠨ ᠳᠣᠲᠣᠭᠠᠳᠤ ᠱᠠᠭᠠᠷᠳᠠᠯᠭ᠎ᠠ ᠮᠥᠨ》᠃ ᠤᠯᠤᠰ᠎ᠤᠨ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠲᠥᠷᠥ᠎ᠶ᠋ᠢᠨ ᠪᠣᠳᠣᠯᠭ᠎ᠠ ᠰᠤᠳᠤᠯᠬᠤ ᠵᠤᠷᠭᠠᠨ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠲᠠᠪᠤᠨ ᠶᠡᠬᠡ ᠶᠠᠪᠤᠳᠠᠯ᠎ᠳᠤ ᠬᠠᠷᠠᠭᠠᠯᠵᠠᠭ᠍ᠰᠠᠨ ᠬᠦᠷᠢᠶ᠎ᠡ ᠪᠣᠯ ᠮᠥᠩᠭᠥᠨ ᠭᠦᠶ᠋ᠯᠭᠡᠭᠡᠨ᠎ᠦ ᠬᠡᠷᠡᠭ᠌ᠴᠡᠭᠡ᠎ᠶ᠋ᠢᠨ ᠲᠤᠢᠯ᠎ᠤᠨ ᠲᠤᠯᠭᠠᠮ ᠬᠦᠷᠢᠶ᠎ᠡ ᠪᠣᠯᠬᠤ ᠮᠥᠷᠲᠡᠭᠡᠨ ᠮᠦᠨ ᠴᠤ᠌ ᠮᠥᠩᠭᠥᠨ ᠭᠦᠶ᠋ᠯᠭᠡᠭᠡᠨ᠎ᠦ ᠬᠥᠭ᠌ᠵᠢᠯᠲᠡ᠎ᠶ᠋ᠢᠨ ᠬᠠᠷᠢᠴᠠᠩᠭᠤᠶ ᠪᠠᠭᠤᠷᠠᠶ ᠬᠦᠷᠢᠶ᠎ᠡ ᠪᠣᠯᠤᠨ᠎ᠠ᠃ ᠲᠠᠪᠤᠨ ᠶᠡᠬᠡ ᠶᠠᠪᠤᠳᠠᠯ᠎ᠢ ᠰᠠᠢᠲᠤᠷ ᠬᠢᠬᠦ᠌ ᠨᠢ ᠮᠥᠩᠭᠥᠨ ᠭᠦᠢᠯᠭᠡᠭᠡᠨ᠎ᠦ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠦᠢᠯᠡᠴᠢᠯᠡᠬᠦ᠌ ᠦᠨᠳᠦᠰᠦᠨ ᠵᠣᠷᠢᠯᠲᠠ ᠪᠣᠯᠤᠨ ᠠᠷᠠᠳ ᠲᠦᠮᠡᠨ᠎ᠢᠶᠡᠷ ᠭᠣᠣᠯ ᠪᠣᠯᠭᠠᠬᠤ ᠦᠷᠳᠡᠭ᠎ᠦᠨ ᠬᠠᠨᠳᠤᠰᠢ᠎ᠶ᠋ᠢ ᠢᠯᠡᠷᠡᠭᠦᠯᠪᠡ ᠭᠡᠵᠦ ᠢᠯᠡᠳᠭᠡᠵᠡᠢ᠃
ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠲᠠᠪᠤᠨ ᠶᠡᠬᠡ ᠶᠠᠪᠤᠳᠠᠯ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠲᠣᠭᠣᠷᠢᠨ᠎ᠳᠤ᠂ ᠮᠠᠨ᠎ᠤ ᠤᠯᠤᠰ ᠮᠥᠩᠭᠥᠨ ᠭᠦᠢᠯᠭᠡᠭᠡᠨ᠎ᠦ ᠡᠬᠢ ᠪᠠᠶᠠᠯᠢᠭ᠎ᠤᠨ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠵᠦ᠍᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠲᠦᠷᠢᠮ᠂ ᠦᠢᠯᠡᠳᠬᠦᠨ ᠪᠣᠯᠤᠨ ᠦᠢᠯᠡᠴᠢᠯᠡᠭᠡᠨ᠎ᠦ ᠱᠢᠰᠲ᠋ᠧᠮ ᠦᠷᠭᠦᠯᠵᠢᠯᠡᠨ ᠱᠢᠯᠢᠳᠡᠭ᠌ᠵᠢᠵᠦ᠍᠂ ᠪᠡᠯᠡ ᠲᠤᠬᠢᠷᠠᠭᠤᠯᠬᠤ ᠪᠣᠯᠤᠮᠵᠢᠲᠤ ᠴᠢᠨᠠᠷ ᠢᠯᠡᠳᠲᠡ ᠳᠡᠭᠡᠭ᠌ᠰᠢᠯᠡᠪᠡ᠃
ᠡᠨᠡ ᠵᠢᠯ᠎ᠦᠨ 6 ᠰᠠᠷ᠎ᠠ᠎ᠶ᠋ᠢᠨ ᠡᠴᠦᠰ ᠪᠣᠯᠲᠠᠯ᠎ᠠ᠂ ᠪᠥᠬᠥ᠌ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠦᠯᠡᠳᠡᠪᠦᠷᠢ ᠲᠣᠭ᠎ᠠ᠂ 21 ᠭᠤᠤᠯ ᠪᠣᠯᠬᠤ ᠪᠠᠩᠬᠢ᠎ᠶ᠋ᠢᠨ ᠴᠡᠪᠡᠷ ᠢᠲᠡᠭᠡᠮᠵᠢᠲᠦ ᠵᠢᠭᠡᠯᠡᠯᠭᠡ᠎ᠶ᠋ᠢᠨ ᠦᠯᠡᠳᠡᠪᠦᠷᠢ ᠲᠣᠭ᠎ᠠ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠦᠯᠡᠳᠡᠪᠦᠷᠢ ᠲᠣᠭ᠎ᠠ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 19.5%᠂ 25.9%᠂ 17.09% ᠪᠠᠷ ᠨᠡᠮᠡᠭ᠌ᠳᠡᠪᠡ; 2023 ᠣᠨ᠎ᠳᠤ᠂ ᠱᠧᠨᠵᠧᠨ ᠬᠤᠳᠠ᠎ᠶ᠋ᠢᠨ IPO ᠪᠣᠯᠤᠨ ᠲᠠᠬᠢᠨ ᠪᠡᠯᠡ ᠲᠤᠬᠢᠷᠠᠭᠤᠯᠬᠤ ᠪᠡᠯᠡ ᠮᠥᠩᠭᠥ᠌ ᠴᠤᠭ᠍ᠯᠠᠭᠤᠯᠤᠭ᠍ᠰᠠᠨ ᠬᠡᠮᠵᠢᠶ᠎ᠡ ᠠᠷᠪᠠᠨ᠎ᠤ ᠵᠢᠷᠭᠤᠭᠠᠨ ᠬᠤᠪᠢ᠎ᠶ᠋ᠢ ᠳᠠᠪᠠᠵᠤ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠲᠦ ᠣᠷᠣᠪᠠ; 5 ᠵᠢᠯ ᠭᠠᠷᠤᠶ ᠲᠠᠪᠴᠠᠩ ᠨᠡᠭᠡᠭᠡᠭ᠌ᠰᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ ᠣᠳᠣᠬᠠᠨ᠎ᠳᠤ ᠨᠢᠭᠡᠨᠲᠡ 570 ᠭᠠᠷᠤᠶ ᠵᠠᠬ᠎ᠠ ᠳᠡᠯᠭᠡᠭᠦᠷ᠎ᠲᠦ ᠭᠠᠷᠤᠭ᠍ᠰᠠᠨ ᠺᠣᠮᠫᠠᠨᠢ᠎ᠲᠠᠶ ᠪᠣᠯᠵᠠᠶ; ᠬᠤᠪᠢ ᠬᠥᠮᠦᠨ᠎ᠦ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠶ᠋ᠢᠨ ᠲᠠᠩᠰᠠ ᠪᠠᠢᠭᠤᠯᠤᠭ᠍ᠰᠠᠨ ᠬᠥᠮᠦᠨ᠎ᠦ ᠲᠣᠭ᠎ᠠ ᠨᠢᠭᠡᠨᠲᠡ 6000 ᠲᠦᠮᠡ᠎ᠶ᠋ᠢ ᠳᠠᠪᠠᠪᠠ ᠁
ᠭᠡᠪᠡᠴᠦ᠍ ᠡᠭᠦᠨ᠎ᠦ ᠬᠠᠮᠲᠤ᠂ ᠣᠳᠣᠬᠠᠨ᠎ᠳᠤ ᠮᠥᠩᠭᠥᠨ ᠭᠦᠶ᠋ᠯᠭᠡᠭᠡᠨ᠎ᠦ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠶ᠋ᠯᠡᠴᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠵᠤ᠂ ᠳᠠᠮ ᠪᠠᠯᠠ ᠲᠣᠬᠢᠷᠠᠭᠤᠯᠭ᠎ᠠ ᠪᠠ ᠱᠢᠭᠤᠳ ᠪᠠᠯᠠ ᠲᠣᠬᠢᠷᠠᠭᠤᠯᠭ᠎ᠠ ᠬᠠᠷᠠᠬᠠᠨ ᠲᠡᠩᠴᠡᠭᠦᠷᠢ ᠥᠬᠡᠶ ᠵᠣᠬᠢᠴᠠᠩᠭᠤᠶ ᠪᠤᠰᠤ ᠪᠠᠢᠵᠤ᠂ ᠮᠥᠩᠭᠥᠨ ᠭᠦᠶ᠋ᠯᠭᠡᠭᠡᠨ᠎ᠢᠶᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠪᠤᠬᠢᠷᠳᠤᠯ ᠦᠭᠡᠢ ᠬᠡᠯᠪᠡᠷᠢ᠎ᠪᠡᠨ ᠬᠤᠪᠢᠷᠠᠭᠤᠯᠬᠤ ᠳᠤᠮᠳᠠ ᠪᠠᠭ᠎ᠠ ᠵᠢᠵᠢᠭ ᠠᠵᠤ ᠠᠬᠤᠢᠯᠠᠯ᠎ᠢ ᠳᠡᠮᠵᠢᠬᠦ ᠬᠦᠴᠦᠨ ᠲᠡᠭᠦᠯᠳᠡᠷ ᠪᠤᠰᠤ ᠪᠠᠢᠬᠤ᠎ᠶ᠋ᠢ ᠣᠯᠵᠤ ᠬᠠᠷᠠᠬᠤ ᠬᠡᠷᠡᠭ᠌ᠲᠡᠶ᠃
ᠮᠥᠩᠭᠥᠨ ᠭᠦᠢᠯᠭᠡᠭᠡᠨ᠎ᠦ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠦᠢᠯᠡᠴᠢᠯᠡᠬᠦ᠌᠎ᠶ᠋ᠢ ᠤᠷᠮᠠᠱᠢᠭᠤᠯᠤᠨ ᠬᠢᠵᠠᠭᠠᠷᠯᠠᠬᠤ ᠲᠣᠭ᠍ᠲᠡᠴᠡ᠎ᠶ᠋ᠢ ᠲᠡᠭᠦᠯᠳᠡᠷᠵᠢᠭᠦᠯᠬᠦ᠌ ᠪᠣᠯ ᠮᠥᠩᠭᠥᠨ ᠭᠦᠢᠯᠭᠡᠭᠡᠨ᠎ᠦ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠴᠢᠬᠤᠯᠠ ᠶᠡᠬᠡ ᠡᠭᠦᠷᠭᠡ᠎ᠶ᠋ᠢᠨ ᠨᠢᠭᠡ ᠮᠥᠨ᠃ ᠠᠵᠢᠯ ᠲᠥᠷᠥᠯ᠎ᠦᠨ ᠳᠣᠲᠣᠭᠠᠳᠤ᠎ᠶ᠋ᠢᠨ ᠲᠤᠰᠭᠠᠶ ᠮᠡᠷᠭᠡᠵᠢᠯᠲᠡᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠳᠤ ᠪᠥᠬᠥ᠌ ᠬᠡᠯᠬᠢᠶ᠎ᠡ᠂ ᠪᠥᠬᠥ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ ᠬᠠᠩᠭᠠᠬᠤ ᠬᠡᠷᠡᠭ᠌ᠲᠡᠶ; ᠪᠤᠬᠢᠷᠳᠤᠯ ᠦᠭᠡᠢ ᠮᠥᠩᠭᠥᠨ ᠭᠦᠢᠯᠭᠡᠭᠡᠨ᠎ᠦ ᠲᠥᠷᠥ᠎ᠶ᠋ᠢᠨ ᠪᠣᠳᠣᠯᠭ᠎ᠠ᠂ ᠪᠠᠷᠢᠮᠵᠢᠶ᠎ᠠ ᠪᠠ ᠦᠢᠯᠡᠳᠬᠦᠨ᠎ᠦ ᠱᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ; ᠮᠥᠩᠭᠥᠨ ᠭᠦᠶ᠋ᠯᠭᠡᠭᠡᠨ᠎ᠢᠶᠡᠷ ᠳᠤᠮᠳᠠ ᠪᠠᠭ᠎ᠠ ᠵᠢᠵᠢᠭ ᠠᠵᠤ ᠠᠬᠤᠢᠯᠠᠯ ᠪᠣᠯᠤᠨ ᠠᠷᠠᠳ᠎ᠤᠨ ᠡᠵᠡᠨᠭᠨᠡᠯᠲᠡ᠎ᠵᠢᠨ ᠠᠵᠤ ᠠᠬᠤᠢᠯᠠᠯ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠪᠠᠯᠠ ᠳᠣᠭᠢᠷᠠᠭᠤᠯᠬᠤ᠎ᠳᠤ ᠬᠦᠴᠢᠷᠲᠡᠶ᠂ ᠪᠠᠯᠠ ᠳᠣᠭᠢᠷᠠᠭᠤᠯᠬᠤ᠎ᠳᠤ ᠦᠨᠡᠲᠡᠶ ᠵᠡᠷᠭᠡ ᠠᠰᠠᠭᠤᠳᠠᠯ᠎ᠢ ᠤᠯᠠᠮ ᠨᠢᠭᠡ ᠠᠯᠬᠤᠮ ᠨᠠᠮᠳᠠᠭᠤᠯᠬᠤ ᠬᠡᠷᠡᠭᠲᠡᠢ; ᠬᠠᠨᠳᠤᠯᠭᠠᠲᠤ ᠴᠢᠨᠠᠷᠲᠠᠶ᠎ᠪᠠᠷ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥᠨ ᠭᠦᠶ᠋ᠯᠭᠡᠭᠡᠨ᠎ᠦ ᠦᠶ᠋ᠯᠡᠳᠬᠦᠨ᠎ᠦ ᠬᠠᠩᠭᠠᠯᠭ᠎ᠠ᠎ᠶ᠋ᠢ ᠪᠠᠶᠠᠯᠢᠭ᠍ᠵᠢᠭᠤᠯᠵᠤ᠂ ᠭᠤᠷᠪᠠᠳᠤᠭᠠᠷ ᠲᠤᠯᠭᠠᠭᠤᠷᠢ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠢᠳᠡᠪᠬᠢᠲᠡᠶ ᠬᠥᠭ᠌ᠵᠢᠭᠦᠯᠬᠦ ᠬᠡᠷᠡᠭᠲᠡᠢ;ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠳ᠋ᠢᠵᠢᠲ᠋ᠠᠯᠴᠢᠯᠠᠭᠰᠠᠨ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠭᠡᠬᠦ ᠬᠡᠷᠡᠭᠲᠡᠢ ᠭᠡᠵᠦ ᠢᠯᠡᠳᠭᠡᠪᠡ᠃
ᠲᠠᠪᠤᠨ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠨᠢᠭᠡᠳᠦᠯᠲᠡᠶ ᠲᠥᠯᠥᠪᠯᠡᠬᠦ᠌ ᠪᠠ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠡᠴᠡ ᠰᠠᠯᠵᠤ ᠴᠢᠳᠠᠬᠤ ᠥᠬᠡᠶ ᠶᠤᠮ᠃《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠮᠥᠩᠭᠥᠨ ᠭᠦᠶ᠋ᠯᠭᠡᠭᠡᠨ᠎ᠦ ᠶᠡᠬᠡ ᠶᠠᠪᠤᠳᠠᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌ ᠲᠤᠬᠠᠶ ᠠᠵᠢᠯ᠎ᠤᠨ ᠲᠥᠰᠦᠯ》᠂ 《ᠮᠥᠩᠭᠥᠨ ᠭᠦᠶ᠋ᠯᠭᠡᠭᠡᠨ᠎ᠢᠶᠡᠷ ᠪᠤᠬᠢᠷᠳᠤᠯ ᠦᠭᠡᠢ ᠨᠡᠭᠦᠷᠡᠰᠦᠲᠥ᠋ᠷᠥᠭ᠌ᠴᠢ ᠪᠠᠭᠠᠲᠠᠢ ᠬᠥᠭ᠌ᠵᠢᠯᠲᠡ᠎ᠶ᠋ᠢ ᠳᠡᠮᠵᠢᠬᠦ᠌᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠵᠢᠯᠣᠭᠣᠳᠭᠤ ᠰᠠᠨᠠᠯ》᠂ 《ᠲᠦᠭᠡᠮᠡᠯ ᠬᠠᠷᠠᠭᠠᠯᠵᠠᠯᠲᠤ ᠢᠲᠡᠭᠡᠮᠵᠢᠲᠦ ᠵᠢᠭᠡᠯᠡᠯᠭᠡ᠎ᠶ᠋ᠢᠨ ᠲᠤᠱᠢᠶᠠᠯ᠎ᠢᠶᠠᠨ ᠭᠦᠶ᠋ᠴᠡᠳᠭᠡᠬᠦ᠌ ᠬᠠᠷᠢᠭᠤᠴᠠᠯᠭ᠎ᠠ᠎ᠡᠴᠡ ᠬᠡᠯᠲᠦᠷᠢᠭᠦᠯᠬᠦ᠌ ᠠᠵᠢᠯ᠎ᠤᠨ ᠲᠤᠬᠠᠶ ᠮᠡᠳᠡᠭ᠌ᠳᠡᠯ》᠂ 《〈ᠮᠢᠩᠭ᠎ᠠ ᠲᠦᠮᠡ᠎ᠵᠢᠨ ᠢᠨᠵᠧᠨᠧᠷᠢᠩ〉 ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍ ᠮᠥᠩᠭᠥᠨ ᠭᠦᠶ᠋ᠯᠭᠡᠭᠡᠨ᠎ᠢᠶᠡᠷ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠳᠡᠮᠵᠢᠬᠦ᠌ ᠲᠤᠰᠭᠠᠶ ᠠᠵᠢᠯᠯᠠᠭ᠎ᠠ᠎ᠶ᠋ᠢ ᠴᠢᠩᠭᠠᠳᠭᠠᠬᠤ ᠲᠤᠬᠠᠶ ᠮᠡᠳᠡᠭ᠌ᠳᠡᠯ》᠁ ᠮᠠᠨ᠎ᠤ ᠤᠯᠤᠰ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠦᠷᠭᠦᠯᠵᠢᠯᠡᠨ ᠨᠡᠢᠲᠡᠯᠡᠵᠦ᠍᠂ ᠬᠠᠮᠢᠶ᠎ᠠ ᠪᠥᠬᠥᠶ ᠲᠦᠷᠢᠮ᠎ᠦᠨ ᠪᠠᠲᠤᠯᠠᠭ᠎ᠠ ᠬᠠᠩᠭᠠᠪᠠ᠃
ᠡᠭᠦᠨ᠎ᠦ ᠬᠠᠮᠲᠤ᠂ ᠵᠣᠭᠣᠰᠣᠨ᠎ᠤ ᠲᠥᠷᠥ᠎ᠶ᠋ᠢᠨ ᠪᠣᠳᠣᠯᠭ᠎ᠠ ᠦᠷᠭᠦᠯᠵᠢᠯᠡᠨ ᠬᠦᠴᠦᠯᠡᠵᠦ᠍᠂ ᠪᠦᠲᠦᠴᠡ᠎ᠶ᠋ᠢᠨ ᠴᠢᠨᠠᠷᠲᠠᠶ ᠵᠣᠭᠣᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ ᠲᠠᠰᠤᠷᠠᠯᠲᠠ ᠥᠬᠡᠶ ᠪᠠᠶᠠᠯᠢᠭ᠍ᠵᠢᠪᠠ᠃ ᠵᠢᠯ᠎ᠤᠨ ᠡᠬᠢᠨ᠎ᠡᠴᠡ ᠨᠠᠭᠠᠰᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠲᠠᠷᠢᠶᠠᠯᠠᠩ᠎ᠢ ᠳᠡᠮᠵᠢᠬᠦ᠌ ᠳᠠᠬᠢᠨ ᠵᠢᠭᠡᠯᠡᠯᠭᠡ᠂ ᠵᠢᠵᠢᠭ ᠠᠵᠤ ᠠᠬᠤᠢᠯᠠᠯ᠎ᠢ ᠳᠡᠮᠵᠢᠬᠦ᠌ ᠳᠠᠬᠢᠨ ᠵᠢᠭᠡᠯᠡᠯᠭᠡ ᠪᠠ ᠳᠠᠬᠢᠨ ᠪᠡᠯᠡᠨ ᠵᠣᠭᠣᠰ ᠰᠣᠯᠢᠬᠤ ᠬᠦᠦ ᠮᠥᠩᠭᠥ᠎ᠶ᠋ᠢᠨ ᠨᠣᠷᠮ᠎ᠠ᠎ᠶ᠋ᠢ ᠲᠣᠰ ᠲᠣᠰ ᠵᠠᠭᠤᠨ᠎ᠤ ᠬᠠᠷᠢᠴᠠᠯ᠎ᠵᠢᠡᠷ 0.25 ᠬᠤᠪᠢ ᠪᠠᠭᠤᠷᠠᠭᠤᠯᠵᠤ᠂ 5000 ᠳ᠋ᠦᠩᠱᠢᠭᠤᠷ ᠲᠥᠭᠥᠷᠢᠭ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠠ ᠮᠡᠷᠭᠡᠵᠢᠯ᠎ᠦᠨ ᠥᠭᠡᠷᠡᠴᠢᠯᠡᠯᠲᠡ᠎ᠶ᠋ᠢᠨ ᠳᠠᠬᠢᠨ ᠵᠢᠭᠡᠯᠡᠯᠭᠡ ᠭᠠᠷᠭᠠᠪᠠ᠃
ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠢᠵᠢ ᠪᠥᠷᠢᠳᠦᠭ᠌ᠰᠡᠨ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠲᠠᠪᠤᠨ ᠬᠤᠪᠢ ᠲᠦᠷᠭᠡᠨ ᠨᠡᠢᠲᠡᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠪᠤᠬᠢᠷᠳᠤᠯ ᠦᠭᠡᠢ ᠠᠷᠠᠳ᠎ᠤᠨ ᠡᠵᠡᠩᠨᠡᠯᠲᠡ᠎ᠵᠢᠨ ᠠᠵᠤ ᠠᠬᠤᠶ᠎ᠶ᠋ᠢ ᠳᠡᠮᠵᠢᠬᠦ᠌ ᠵᠡᠷᠭᠡ ᠲᠠᠯ᠎ᠠ᠎ᠪᠠᠷ ᠨᠢᠭᠡᠨᠲᠡ ᠨᠡᠢᠲᠡᠯᠡᠭ᠌ᠰᠡᠨ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠰᠠᠢᠲᠤᠷ ᠨᠠᠢᠳᠠᠪᠤᠷᠢᠵᠢᠭᠤᠯᠤᠨ᠎ᠠ᠃ ᠡᠭᠦᠨ᠎ᠦ ᠬᠠᠮᠲᠤ᠂ ᠪᠦᠲᠦᠴᠡ᠎ᠶ᠋ᠢᠨ ᠴᠢᠨᠠᠷᠲᠠᠶ ᠵᠣᠭᠣᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢ ᠦᠷᠭᠦᠯᠵᠢᠯᠡᠨ ᠰᠠᠢᠲᠤᠷ ᠬᠡᠷᠡᠭ᠌ᠯᠡᠵᠦ᠍᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠢᠲᠡᠭᠡᠮᠵᠢᠲᠦ ᠵᠢᠭᠡᠯᠡᠯᠭᠡ᠎ᠶ᠋ᠢᠨ ᠪᠦᠲᠦᠴᠡ᠎ᠪᠡᠨ ᠱᠢᠯᠢᠳᠡᠭ᠌ᠵᠢᠭᠦᠯᠬᠦ᠌᠎ᠶ᠋ᠢ ᠤᠷᠮᠠᠱᠢᠭᠤᠯᠤᠨ ᠵᠢᠯᠣᠭᠣᠳᠤᠨ᠎ᠠ ᠭᠡᠵᠦ ᠢᠯᠡᠳᠭᠡᠪᠡ᠃
ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠬᠥᠭ᠌ᠵᠢᠯᠲᠡ᠎ᠳᠦ ᠰᠠᠭᠤᠷᠢᠯᠠᠨ᠂ ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠂ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠵᠢᠨ ᠪᠠᠭ᠍ᠲᠠᠭᠠᠮᠵᠢᠲᠤ ᠴᠢᠨᠠᠷ᠂ ᠵᠣᠬᠢᠴᠠᠬᠤ ᠴᠢᠨᠠᠷ᠎ᠢ ᠤᠯᠠᠮ ᠨᠢᠭᠡ ᠠᠯᠬᠤᠮ ᠴᠢᠩᠭᠠᠳᠭᠠᠵᠤ᠂ ᠬᠦᠯᠢᠴᠡᠩᠭᠦᠶ ᠬᠥᠷᠥᠩᠭᠡ᠎ᠶ᠋ᠢ ᠪᠣᠢᠵᠢᠭᠤᠯᠤᠨ ᠪᠤᠵᠠᠭᠠᠢᠷᠠᠭᠤᠯᠵᠤ᠂ ᠨᠠᠩ ᠣᠯᠠᠨ ᠡᠬᠢ ᠪᠠᠶᠠᠯᠢᠭ᠎ᠤᠨ ᠡᠯᠧᠮᠧᠨ᠋ᠲ᠎ᠢ ᠬᠥᠲᠥᠯᠥᠨ ᠵᠢᠯᠣᠭᠣᠳᠴᠤ᠌ ᠪᠠᠢᠭᠠᠳ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ ᠲᠡᠢᠰᠢ ᠲᠥᠪᠯᠡᠷᠡᠭᠦᠯᠬᠦ᠌ ᠬᠡᠷᠡᠭ᠌ᠲᠡᠶ ᠭᠡᠵᠦ ᠢᠯᠡᠳᠭᠡᠪᠡ᠃
ᠲᠤᠬᠠᠢᠯᠠᠭ᠍ᠰᠠᠨ ᠠᠵᠢᠯ᠎ᠤᠨ ᠬᠥᠮᠦᠰ᠂ ᠲᠠᠪᠤᠨ ᠶᠡᠬᠡ ᠶᠠᠪᠤᠳᠠᠯ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠪᠦᠷᠢᠳᠭᠡᠯ᠎ᠦᠨ ᠪᠠᠷᠢᠮᠵᠢᠶ᠎ᠠ ᠪᠣᠯᠤᠨ ᠬᠢᠨᠠᠨ ᠱᠢᠯᠭᠠᠵᠤ ᠦᠨᠡᠯᠡᠬᠦ᠌ ᠳᠦᠷᠢᠮ᠎ᠢ ᠪᠦᠷᠢᠨᠱᠢᠭᠦᠯᠦᠨ ᠲᠡᠭᠦᠯᠳᠡᠷᠵᠢᠭᠦᠯᠬᠦ᠌ ᠨᠢ ᠪᠠᠰᠠ ᠴᠤ᠌ ᠳᠠᠷᠠᠭᠠᠴᠢ᠎ᠶ᠋ᠢᠨ ᠱᠠᠲᠤᠨ᠎ᠤ ᠭᠣᠣᠯᠳᠠᠯᠭ᠎ᠠ᠎ᠲᠠᠶ ᠠᠵᠢᠯ᠎ᠤᠨ ᠨᠢᠭᠡ ᠪᠣᠯᠤᠨ᠎ᠠ᠃ ᠬᠢᠨᠠᠨ ᠱᠢᠯᠭᠠᠵᠤ ᠦᠨᠡᠯᠡᠬᠦ᠌ 《ᠳᠣᠬᠢᠭᠤᠷ》 ᠤ᠋ᠨ ᠦᠢᠯᠡᠳᠦᠯ᠎ᠢ ᠰᠠᠢᠲᠤᠷ ᠪᠠᠳᠠᠷᠠᠭᠤᠯᠬᠤ᠎ᠪᠠᠷ ᠳᠠᠮᠵᠢᠨ᠂ ᠮᠥᠩᠭᠥᠨ ᠭᠦᠢᠯᠭᠡᠭᠡ᠎ᠶ᠋ᠢ ᠬᠦᠳᠦᠯᠦᠨ ᠵᠢᠯᠣᠭᠣᠳᠴᠤ᠌ ᠪᠠᠢᠭᠠᠳ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠨᠡᠩ ᠰᠠᠢ᠌ᠨ ᠦᠢᠯᠡᠴᠢᠯᠡᠭᠦᠯᠬᠦ᠌ ᠬᠡᠷᠡᠭ᠌ᠲᠡᠢ ᠭᠡᠵᠦ ᠦᠵᠡᠵᠡᠭᠡᠪᠡ᠃
ᠲᠠᠪᠤᠨ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠪᠠᠰᠠ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠬᠦ᠌ ᠬᠡᠷᠡᠭ᠌ᠲᠡᠶ᠃ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠪᠠᠩᠬᠢ᠎ᠶ᠋ᠢᠨ ᠦᠶ᠋ᠯᠡᠰ ᠳᠠᠭᠠᠳᠭᠠᠯ᠎ᠤᠨ ᠦᠶ᠋ᠯᠡᠰᠦᠨᠬᠢᠨᠦ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠶ᠋ᠯᠡᠴᠢᠯᠡᠬᠦ᠌ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠡᠭᠦᠨ᠎ᠦ ᠬᠠᠮᠲᠤ ᠪᠠᠩᠬᠢ ᠳᠠᠭᠠᠳᠭᠠᠯ᠎ᠤᠨ ᠪᠠᠢᠭᠤᠯᠤᠮᠵᠢ᠎ᠶ᠋ᠢ ᠲᠦᠭ᠌ᠰᠢᠭᠦᠷᠢ᠎ᠶ᠋ᠢ ᠡᠵᠡᠮᠳᠡᠵᠦ᠍ ᠪᠣᠯᠬᠤ᠂ ᠬᠤᠳᠠᠯᠳᠤᠭ᠎ᠠ᠎ᠶ᠋ᠢ ᠳᠠᠭᠠᠭᠠᠮᠠᠭᠠᠢ ᠦᠷᠭᠦᠯᠵᠢᠯᠡᠭᠦᠯᠬᠦ᠌ ᠵᠠᠷᠴᠢᠮ᠎ᠢ ᠴᠢᠩᠭ᠎ᠠ ᠵᠢᠷᠤᠮᠯᠠᠨ ᠲᠤᠬᠠᠢᠯᠠᠭ᠍ᠰᠠᠨ ᠠᠵᠢᠯ᠎ᠢᠶᠠᠨ ᠥᠷᠨᠢᠭᠦᠯᠬᠦ ᠵᠢ ᠱᠠᠭᠠᠷᠳᠠᠵᠤ᠂ ᠬᠣᠯᠪᠣᠭ᠍ᠳᠠᠯ ᠪᠥᠬᠥᠶ ᠦᠶ᠋ᠯᠡᠳᠬᠦᠨ᠎ᠦ ᠲᠤᠬᠠᠢᠯᠠᠭ᠍ᠰᠠᠨ ᠠᠵᠢᠯ᠎ᠳᠠᠬᠢ ᠲᠣᠭ᠍ᠲᠠᠭᠠᠯ᠎ᠳᠤ ᠨᠡᠢᠴᠡᠬᠦ᠌ ᠴᠢᠨᠠᠷᠲᠠᠶ ᠬᠢᠨᠠᠨ ᠪᠠᠢᠴᠠᠭᠠᠯᠲᠠ᠎ᠶ᠋ᠢ ᠴᠢᠩᠭᠠᠳᠭᠠᠵᠤ᠂ ᠮᠥᠩᠭᠥᠨ ᠭᠦᠶ᠋ᠯᠭᠡᠭᠡᠨ᠎ᠦ ᠡᠬᠢ ᠪᠠᠶᠠᠯᠢᠭ᠎ᠤᠨ ᠵᠦᠶ ᠵᠣᠬᠢᠰᠲᠠᠶ ᠥᠨᠳᠥᠷ ᠪᠦᠲᠦᠮᠵᠢᠲᠡᠶ ᠲᠣᠬᠢᠷᠠᠭᠤᠯᠤᠯᠲᠠ᠎ᠶ᠋ᠢ ᠦᠨᠡᠨ ᠬᠦ᠌ ᠪᠠᠲᠤᠯᠠᠨ᠎ᠠ ᠭᠡᠵᠦ ᠢᠯᠡᠳᠭᠡᠵᠡᠢ᠃
(ᠰᠢᠨᠬᠤᠸᠠ ᠬᠤᠷᠢᠶᠠᠨ᠎ᠤ ᠪᠡᠭᠡᠵᠢᠨᠭ᠎ᠤᠨ 8 ᠰᠠᠷ᠎ᠠ᠎ᠵᠢᠨ 12᠎ᠤ᠋ᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃