ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-14 10:36:34

ᠵᠣᠬᠢᠶᠠᠭ᠍ᠴᠢ᠄ ​ᠪᠠᠢ ᠳ᠋ᠠᠨ ᠱᠢᠤᠢ ᠵᠢᠩ ᠬᠤᠤ ᠱᠢᠤᠸᠠᠢ ᠯᠢᠶᠠᠨ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 12 ᠎ᠤ᠋ᠨ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠤᠷᠳᠤᠰ ᠬᠤᠳᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠡᠷᠬᠢᠯᠡᠭ᠌ᠴᠢ ᠳ᠋ᠦ᠋ ᠢ ᠱᠢᠨ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠡᠵᠡᠮᠳᠡᠵᠦ᠍ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠶ᠎ᠡ》 ᠭᠡᠬᠦ᠌ ᠰᠡᠳᠦᠪ᠎ᠢᠶᠡᠷ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠭᠣᠣᠯ ᠰᠡᠳᠦᠪ᠎ᠢ ᠭᠦᠨᠵᠡᠭᠡᠢ ᠣᠢᠯᠠᠭᠠᠵᠤ ᠡᠵᠡᠮᠱᠢᠬᠦ᠌》᠂ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠂ ᠵᠢᠯᠣᠭᠣᠳᠭᠤ ᠦᠵᠡᠯ ᠰᠠᠨᠠᠭ᠎ᠠ᠂ ᠬᠠᠷᠠᠯᠲᠠ ᠵᠠᠷᠴᠢᠮ᠂ ᠴᠢᠬᠤᠯᠠ ᠠᠷᠭ᠎ᠠ ᠬᠡᠮᠵᠢᠶ᠎ᠡ ᠵᠢ ᠭᠦᠨᠵᠡᠭᠡᠢ ᠤᠢᠯᠠᠭᠠᠵᠤ ᠡᠵᠡᠮᠰᠢᠬᠦ》᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠬᠤ》᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌》 ᠵᠡᠷᠭᠡ ᠲᠠᠯ᠎ᠠ᠎ᠪᠠᠷ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠭᠦᠨᠵᠡᠭᠡᠢ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠤᠨᠤᠯ᠎ᠤᠨ ᠦᠨᠳᠦᠷᠴᠡ ᠲᠠᠢ ᠪᠥᠭᠡᠳ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠶ ᠨᠢᠭ᠍ᠲᠠ ᠤᠶᠠᠯᠳᠤᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ ᠪᠠ ᠦᠢᠯᠡᠳᠦᠯᠭᠡᠲᠦ ᠴᠢᠨᠠᠷ᠎ᠲᠠᠶ ᠪᠤᠯᠵᠠᠢ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠰᠤᠳᠤᠯᠬᠤ ᠲᠠᠰᠤᠭ (ᠥᠭᠡᠷᠡᠴᠢᠯᠡᠯᠲᠡ᠎ᠶ᠋ᠢᠨ ᠠᠯᠪᠠᠨ ᠬᠡᠷ) ᠎ᠤ᠋ᠨ ᠨᠢᠭᠡᠳᠦᠭᠡᠷ ᠳᠡᠰ᠎ᠤᠨ ᠡᠷᠬᠢᠯᠡᠭ᠌ᠴᠢ ᠭᠡᠱᠢᠭᠦᠴᠢ ᠾᠧᠦ ᠰᠢ ᠭᠤᠸᠠᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠠᠴᠠ《ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠶ ᠠᠬᠢᠭᠤᠯᠬᠤ》 ᠲᠤᠬᠠᠶ ᠴᠢᠬᠤᠯᠠ ᠪᠠᠢᠷᠢᠯᠠᠭᠤᠯᠤᠯᠲᠠ ᠬᠢᠪᠡ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢᠳᠡ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠴᠢᠬᠤᠯᠠ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠳᠤᠮᠳᠠ ᠪᠠᠨ ᠨᠠᠢᠳᠠᠪᠤᠷᠢᠵᠢᠭᠤᠯᠵᠤ᠂ ᠴᠢᠨᠠᠷ ᠰᠠᠢᠲᠠᠶ ᠪᠡᠷ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭ᠌ᠵᠢᠭᠦᠯᠬᠦ᠌ ᠬᠠᠤᠯᠢ ᠬᠡᠷᠡᠭ᠌ᠵᠢᠭᠦᠯᠬᠦ᠌᠎ᠪᠡᠷ ᠳᠠᠮᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢ ᠪᠠᠲᠤᠯᠠᠨ᠎ᠠ ᠭᠡᠵᠦ᠍ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠳᠡᠳ᠋ ᠵᠠᠬᠢᠷᠤᠯ ᠠᠨ ᠵᠢᠩ ᠽᠧ᠂ 《ᠱᠢᠨ᠎ᠡ ᠠᠶᠠᠨ᠎ᠳᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯᠯᠠᠭᠠᠨ᠎ᠤ ᠬᠥᠲᠥᠯᠪᠦᠷᠢ — ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠤᠶ᠎ᠠ》ᠭᠡᠬᠦ᠌ ᠰᠡᠳᠦᠪ᠎ᠢᠶᠡᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠦᠨᠳᠦᠰᠦᠨ ᠪᠠᠢᠳᠠᠯ᠎ᠢ ᠨᠠᠷᠢᠨ ᠲᠠᠨᠢᠯᠴᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠬᠦᠳᠡ ᠬᠤᠷᠠᠯ᠎ᠠᠴᠠ ᠨᠠᠭᠠᠱᠢᠬᠢ ᠨᠠᠮ ᠪᠠ ᠤᠯᠤᠰ᠎ᠤᠨ ᠠᠵᠢᠯ ᠦᠢᠯᠡᠰ᠎ᠦᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠱᠢᠰᠲ᠋ᠧᠮ᠎ᠲᠡᠶ ᠳ᠋ᠦᠩᠨᠡᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠭᠣᠣᠯ ᠰᠡᠳᠦᠪ ᠵᠢᠴᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠴᠢᠨᠠᠷ ᠪᠠ ᠵᠠᠢᠯᠠᠰᠢ ᠦᠭᠡᠢ ᠴᠢᠨᠠᠷ᠂ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ ᠵᠢ ᠭᠦᠨᠵᠡᠭᠡᠢ ᠲᠣᠳᠣᠷᠬᠠᠢᠯᠠᠨ ᠥᠭᠦᠯᠡᠵᠦ᠂ ᠥᠭᠡᠷᠡᠴᠢᠯᠡᠯᠲᠡ᠎ᠶ᠋ᠢ ᠠᠬᠢᠭᠤᠯᠬᠤ ᠳᠤᠮᠳᠠ ᠡᠵᠡᠮᠱᠢᠬᠦ᠌ ᠴᠢᠬᠤᠯᠠᠲᠠᠶ ᠴᠢᠬᠤᠯᠠ ᠶᠡᠬᠡ ᠠᠰᠠᠭᠤᠳᠠᠯ᠎ᠢ ᠭᠤᠤᠯᠳᠠᠯᠭ᠎ᠠ᠎ᠲᠠᠶ ᠵᠠᠳᠠᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠠᠴᠠ ᠲᠣᠭ᠍ᠲᠠᠭᠠᠭ᠍ᠰᠠᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠣᠬᠢᠷᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠠᠢᠯᠪᠤᠷᠢᠯᠠᠵᠤ᠂ ᠤᠬᠠᠭᠤᠯᠤᠨ ᠲᠠᠢᠯᠪᠤᠷᠢᠯᠠᠭᠰᠠᠨ ᠠᠭᠤᠯᠭ᠎ᠠ ᠨᠢ ᠨᠠᠷᠢᠨ ᠪᠣᠳᠠᠲᠠᠶ᠂ ᠡᠬᠢ ᠠᠳᠠᠭ ᠲᠤᠳᠤᠷᠬᠠᠢ᠂ ᠠᠭᠤᠯᠤᠭ᠍ᠳᠠᠬᠤᠨ ᠨᠢ ᠭᠦᠨ ᠭᠦᠨᠵᠡᠭᠡᠶ ᠪᠤᠯᠵᠠᠢ᠃

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠡ ᠵᠠᠩᠭᠢ ᠪᠠᠢᠴᠠᠭᠠᠨ ᠰᠤᠳᠤᠯᠬᠤ ᠭᠠᠵᠠᠷ᠎ᠤᠨ ᠳᠡᠳ᠋ ᠳᠠᠷᠤᠭ᠎ᠠ ᠱᠢᠤᠢ ᠪᠦ᠋ ᠴᠢᠶᠠᠩ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠰᠠᠨ᠎ᠤ ᠲᠠᠷᠠᠭ᠎ᠠ ᠰᠡᠳᠬᠢᠭᠳᠡᠯ ᠬᠦᠨ ᠪᠠᠢᠯ᠎ᠠ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠲᠠᠢ ᠳᠡᠭᠡᠳᠦ ᠬᠡᠮᠵᠢᠶ᠎ᠡ᠎ᠪᠡᠷ ᠨᠢᠭᠡᠳᠭᠡᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠰᠤᠷᠤᠯᠴᠠᠵᠦ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠨ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠪᠡᠨ ᠡᠬᠡ ᠪᠢᠴᠢᠭ ᠪᠢᠴᠢᠬᠦ᠂ ᠪᠠᠢᠴᠠᠭᠠᠨ ᠰᠤᠳᠤᠯᠤᠯᠲᠠ ᠬᠢᠬᠦ᠌ ᠵᠡᠷᠭᠡ ᠡᠯ᠎ᠡ ᠵᠦᠶ᠋ᠯ᠎ᠦᠨ ᠪᠣᠳᠠᠲᠦ ᠠᠵᠢᠯ᠎ᠤᠨ ᠳᠤᠮᠳᠠ ᠢᠯᠡᠷᠡᠭᠦᠯᠵᠦ᠂ 《ᠭᠤᠷᠪᠠ᠎ᠳᠤ ᠦᠶ᠋ᠯᠡᠴᠢᠯᠡᠬᠦ᠌》 ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠬᠡᠪᠡ᠃

ᠣᠷᠳᠣᠰ ᠬᠣᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠦᠨ ᠳᠠᠷᠤᠭ᠎ᠠ᠂ ᠵᠠᠰᠠᠭ᠎ᠤᠨ ᠣᠷᠳᠣᠨ᠎ᠤ ᠰᠤᠳᠤᠯᠬᠤ ᠲᠠᠰᠤᠭ (ᠵᠥᠪᠳᠡᠭ᠌ᠴᠢ᠎ᠶ᠋ᠢᠨ ᠲᠠᠰᠤᠭ) ᠤ᠋ᠨ ᠡᠷᠬᠢᠯᠡᠭ᠌ᠴᠢ ᠯᠢ ᠵᠥᠩ ᠺᠠᠶ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠪᠠ᠃ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠠᠭᠤᠯᠬᠤᠨ ᠭᠦᠨᠵᠡᠭᠡᠢ ᠪᠠᠢᠵᠤ᠂ ᠰᠤᠨᠤᠰᠤᠭ᠍ᠴᠢᠳ᠎ᠤᠨ ᠬᠠᠯᠠᠭᠤᠨ ᠠᠯᠠᠭ᠎ᠠ ᠲᠠᠱᠢᠯᠳᠠ᠎ᠶ᠋ᠢ ᠤᠯᠪᠠ᠃

ᠤᠷᠳᠤᠰ ᠬᠤᠳᠠ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠤᠨᠤᠯ᠎ᠤᠨ ᠰᠠᠯᠠᠭᠠᠨ᠎ᠤ ᠳᠠᠷᠤᠭ᠎ᠠ ᠾᠧᠦ ᠱᠢᠶᠤᠤ ᠳ᠋ᠦᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠄ 《ᠮᠡᠳᠡᠭᠦᠯᠦᠯᠲᠡ ᠨᠢ ᠨᠠᠳᠠ ᠳ᠋ᠦ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠴᠢᠨᠠᠷ᠂ ᠵᠠᠢᠯᠠᠰᠢ ᠦᠭᠡᠢ ᠴᠢᠨᠠᠷ᠎ᠤᠨ ᠲᠤᠬᠠᠢ ᠭᠦᠨᠵᠡᠭᠡᠢ ᠲᠠᠨᠢᠯᠲᠠ᠎ᠲᠠᠶ ᠪᠣᠯᠭᠠᠵᠠᠢ᠂ ᠦᠨᠳᠦᠰᠦᠨ ᠱᠠᠲᠤᠨ᠎ᠤ ᠤᠨᠤᠯ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢ ᠢᠲᠡᠭᠡᠯ ᠵᠣᠷᠢᠭ᠎ᠢᠶᠠᠨ ᠨᠡᠩ ᠪᠠᠲᠤᠳᠭᠠᠵᠤ᠂ ᠪᠦᠬᠦ᠌ ᠬᠦᠴᠦᠨ᠎ᠢᠶᠡᠷ᠎ᠢᠶᠡᠨ ᠴᠢᠷᠮᠠᠢᠵᠤ᠂ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠲᠡᠮᠡᠴᠡᠯ᠎ᠦᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠬᠡᠯᠡᠪᠡ᠃

ᠮᠡᠳᠡᠭᠦᠯᠦᠯᠲᠡ᠎ᠶ᠋ᠢᠨ ᠬᠤᠷᠠᠯ᠎ᠤᠨ ᠳᠠᠷᠠᠭ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠪᠠᠰᠠ ᠤᠷᠳᠤᠰ ᠬᠤᠳᠠ᠎ᠶ᠋ᠢᠨ ᠲᠦᠩ ᠬᠤᠢ ᠢᠯᠴᠢ ᠬᠠᠩᠭᠠᠬᠤ ᠱᠢᠲᠠᠮᠠᠬᠠᠢ ᠬᠡᠢ᠎ᠶ᠋ᠢᠨ ᠪᠦᠯᠦᠭ᠌ᠯᠡᠯ ᠺᠣᠮᠫᠠᠨᠢ᠎ᠳᠤ ᠬᠦᠷᠴᠦ᠍ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠠᠵᠤ ᠠᠬᠤᠢᠯᠠᠯ᠎ᠤᠨ ᠺᠠᠳ᠋ᠷ ᠠᠵᠢᠯᠳᠠᠳ᠎ᠲᠠᠶ ᠰᠠᠨᠠᠯ᠎ᠢᠶᠠᠨ ᠰᠣᠯᠢᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面