ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-15 09:28:38

ᠵᠣᠬᠢᠶᠠᠭ᠍ᠴᠢ᠄ ᠵᠢᠶᠠᠩ ᠯᠢᠨ ᠣᠩᠱᠢᠭ᠍ᠰᠠᠨ ᠣᠳᠠᠭ᠎ᠠ᠄ 3

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ ᠬᠢᠨᠠᠨ ᠵᠦᠪᠯᠡᠵᠦ ᠪᠠᠲᠤᠯᠠᠭ᠍ᠰᠠᠨ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭ᠍ᠲᠠᠭᠠᠯ》 ᠳ᠋ᠤ᠌ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠬᠦ᠌ ᠲᠤᠬᠠᠢ ᠠᠯᠢ ᠤᠯᠠᠨ ᠱᠢᠨ᠎ᠡ ᠪᠠᠢᠷᠢᠯᠠᠭᠤᠯᠤᠯᠲᠠ ᠬᠢᠵᠡᠢ᠃ ᠡᠭᠦᠨ᠎ᠳᠦ 《ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ ᠲᠣᠭ᠍ᠲᠡᠴᠡ᠎ᠶ᠋ᠢ ᠪᠦᠷᠢᠨᠱᠢᠭᠦᠯᠬᠦ᠌》 ᠱᠠᠭᠠᠷᠳᠠᠯᠭ᠎ᠠ᠎ᠶ᠋ᠢ ᠠᠵᠢᠯ ᠣᠯᠭᠣᠯᠲᠠ᠎ᠶ᠋ᠢᠨ ᠶᠡᠷᠦᠩᠬᠡᠶ ᠬᠡᠮᠵᠢᠶᠡᠨ᠎ᠦ ᠳᠠᠷᠤᠯᠲᠠ ᠪᠠ ᠪᠦᠲᠦᠴᠡ᠎ᠶ᠋ᠢᠨ ᠴᠢᠨᠠᠷᠲᠠᠶ ᠵᠥᠷᠢᠴᠡᠯ ᠵᠡᠷᠭᠡ᠎ᠪᠡᠷ ᠣᠷᠣᠱᠢᠵᠤ ᠪᠠᠢᠭ᠎ᠠ ᠠᠬᠤᠶ ᠪᠠᠢᠳᠠᠯ ᠳᠤᠤᠷ᠎ᠠ ᠬᠡᠷᠬᠢᠨ ᠨᠠᠢᠳᠠᠪᠤᠷᠢᠵᠢᠭᠤᠯᠬᠤ ᠪᠣᠶ?

ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠰᠠᠢᠳ ᠸᠠᠩ ᠱᠢᠶᠤᠤ ᠫᠢᠩ᠄ 《ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ ᠪᠣᠯ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠤᠨ ᠠᠵᠢᠯ ᠣᠯᠭᠣᠯᠲᠠ᠎ᠶ᠋ᠢᠨ ᠠᠵᠢᠯ᠎ᠤᠨ ᠱᠢᠨ᠎ᠡ ᠪᠠᠢᠷᠢ ᠲᠣᠭ᠍ᠲᠠᠭᠠᠯᠲᠠ᠂ ᠱᠢᠨ᠎ᠡ ᠡᠭᠦᠷᠭᠡ ᠬᠠᠷᠢᠭᠤᠴᠠᠯᠭ᠎ᠠ ᠮᠥᠨ᠃ ᠲᠠᠷᠠᠭᠠᠴᠢ᠎ᠶ᠋ᠢᠨ ᠠᠯᠬᠤᠮ᠎ᠳᠤ 〈ᠲᠣᠭ᠍ᠲᠠᠭᠠᠯ〉 ᠤ᠋ᠨ ᠪᠠᠢᠷᠢᠯᠠᠭᠤᠯᠤᠯᠲᠠ ᠶᠣᠰᠣᠭᠠᠷ᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ᠎ᠪᠠᠷ ᠬᠠᠷᠠᠯᠲᠠ ᠪᠣᠯᠭᠠᠵᠤ᠂ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠪᠡᠷ ᠵᠢᠯᠣᠭᠣᠳᠤᠮᠵᠢ ᠪᠣᠯᠭᠠᠵᠤ᠂ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠴᠢᠩᠭᠠᠳᠭᠠᠬᠤ᠎ᠪᠠᠷ ᠭᠠᠷᠳᠡᠴᠡ ᠪᠣᠯᠭᠠᠵᠤ᠂ ᠠᠵᠢᠯ ᠣᠯᠭᠣᠯᠲᠠ᠎ᠶ᠋ᠢᠨ ᠪᠠᠢᠭᠤᠯᠤᠯ ᠲᠣᠭ᠍ᠲᠡᠴᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠬᠥᠳᠡᠯᠭᠡᠬᠦ᠌ ᠬᠦᠴᠦᠨ ᠪᠣᠯᠭᠠᠵᠤ᠂ ᠠᠵᠢᠯ ᠣᠯᠭᠣᠯᠲᠠ᠎ᠶ᠋ᠢᠨ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠬᠡᠮᠵᠢᠶᠡᠨ᠎ᠦ ᠵᠦᠶ ᠵᠣᠬᠢᠰᠲᠠᠶ ᠨᠡᠮᠡᠭ᠌ᠳᠡᠯ᠎ᠢ ᠦᠷᠭᠦᠯᠵᠢᠯᠡᠨ ᠠᠬᠢᠭᠤᠯᠤᠨ᠎ᠠ》 ᠭᠡᠵᠡᠢ᠃

ᠣᠢᠷ᠎ᠠ᠎ᠶ᠋ᠢᠨ ᠵᠢᠯ᠎ᠡᠴᠡ ᠨᠠᠭᠠᠰᠢ᠂ ᠮᠠᠨ᠎ᠤ ᠤᠯᠤᠰ᠎ᠤᠨ ᠬᠥᠳᠡᠯᠮᠦᠷᠢᠯᠡᠬᠦ᠌ ᠨᠠᠰᠤᠨ᠎ᠤ ᠬᠥᠮᠦᠨ ᠠᠮᠠ ᠲᠠᠰᠤᠷᠠᠯᠲᠠ ᠤᠢ᠍ᠭᠡᠢ ᠪᠠᠭᠠᠰᠤᠭ᠍ᠰᠠᠨ ᠪᠣᠯᠪᠠᠴᠤ᠌ ᠬᠥᠳᠡᠯᠮᠦᠷᠢ ᠬᠦᠴᠦᠨ᠎ᠦ ᠶᠡᠷᠦᠩᠬᠡᠶ ᠬᠡᠮᠵᠢᠶ᠎ᠡ ᠮᠥᠨ ᠬᠦ᠌ ᠮᠤᠨᠳᠠᠭ ᠶᠡᠬᠡ ᠪᠠᠢᠵᠤ᠂ ᠠᠵᠢᠯ ᠣᠯᠭᠣᠬᠤ ᠶᠡᠷᠦᠩᠬᠡᠶ ᠬᠡᠮᠵᠢᠶ᠎ᠡ᠎ᠶ᠋ᠢᠨ ᠳᠠᠷᠤᠯᠲᠠ ᠦᠷᠭᠦᠯᠵᠢᠯᠡᠨ ᠣᠷᠣᠱᠢᠵᠤ ᠪᠠᠢᠨ᠎ᠠ᠃ ᠡᠭᠦᠨ᠎ᠦ ᠬᠠᠮᠲᠤ᠂ ᠬᠥᠳᠡᠯᠮᠦᠷᠢ ᠬᠦᠴᠦᠨ᠎ᠦ ᠪᠦᠲᠦᠴᠡ᠎ᠳᠦ ᠭᠦᠨᠵᠡᠭᠡᠶ ᠬᠤᠪᠢᠷᠠᠯᠲᠠ ᠭᠠᠷᠴᠤ᠌᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠵᠦ᠍᠂ ᠱᠢᠨ᠎ᠡ᠎ᠪᠡᠷ ᠬᠦᠭᠵᠢᠭᠰᠡᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ ᠪᠠ ᠢᠷᠡᠭᠡᠳᠦᠶ᠎ᠶ᠋ᠢᠨ ᠠᠵᠤ ᠦᠢᠯᠡᠰ᠎ᠦᠨ ᠪᠠᠢᠷᠢᠱᠢᠭᠤᠯᠤᠯ᠎ᠤᠨ ᠪᠦᠲᠦᠭᠡᠨ ᠪᠠᠢᠭᠤᠯᠤᠯᠲᠠ ᠨᠢ ᠬᠥᠳᠡᠯᠮᠦᠷᠢᠯᠡᠭ᠌ᠴᠢᠳ᠎ᠦᠨ ᠤᠷ᠎ᠠ ᠮᠡᠷᠭᠡᠵᠢᠯ᠎ᠦᠨ ᠴᠢᠳᠠᠪᠤᠷᠢ᠎ᠶ᠋ᠢᠨ ᠬᠢᠷᠢ ᠬᠡᠮᠵᠢᠶ᠎ᠡ᠎ᠳᠦ ᠨᠡᠩ ᠥᠨᠳᠥᠷ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠤᠷ᠎ᠠ ᠮᠡᠷᠭᠡᠵᠢᠯ᠎ᠦᠨ ᠴᠢᠳᠠᠪᠤᠷᠢᠲᠠᠨ ᠳᠤᠲᠠᠭ᠍ᠳᠠᠵᠤ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ ᠵᠣᠬᠢᠴᠠᠬᠤ ᠦᠭᠡᠢ ᠪᠠᠢᠵᠤ᠂ 《ᠠᠵᠢᠯ ᠪᠠᠢᠭᠠᠳ ᠬᠢᠬᠦ᠌ ᠬᠥᠮᠦᠨ ᠦᠭᠡᠢ᠂ ᠬᠥᠮᠦᠨ ᠪᠠᠢᠭᠠᠳ ᠬᠢᠬᠦ᠌ ᠠᠵᠢᠯ ᠦᠭᠡᠢ》 ᠪᠠᠢᠳᠠᠯ ᠵᠡᠷᠭᠡ᠎ᠪᠡᠷ ᠣᠷᠣᠱᠢᠵᠤ᠂ ᠪᠦᠲᠦᠴᠡ᠎ᠶ᠋ᠢᠨ ᠴᠢᠨᠠᠷᠲᠠᠢ ᠠᠵᠢᠯ ᠣᠯᠭᠣᠯᠲᠠ᠎ᠶ᠋ᠢᠨ ᠵᠥᠷᠢᠴᠡᠯ ᠡᠳᠦᠷ ᠢᠷᠡᠬᠦᠶ᠎ᠡ ᠲᠤᠪᠤᠢ᠌ᠮ᠎ᠠ ᠪᠤᠯᠵᠤ ᠪᠠᠢᠨ᠎ᠠ᠃

《ᠡᠷᠬᠡᠪᠰᠢ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ᠎ᠶ᠋ᠢ ᠢᠮᠠᠭ᠍ᠲᠠ ᠪᠠᠷᠢᠮᠲᠠᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠶᠠᠪᠤᠴᠠ᠎ᠶ᠋ᠢ ᠠᠵᠢᠯ ᠣᠯᠭᠣᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠪᠠᠭ᠍ᠲᠠᠭᠠᠮᠵᠢ᠎ᠶ᠋ᠢ ᠥᠷᠭᠡᠳᠭᠡᠬᠦ᠌ ᠶᠠᠪᠤᠴᠠ ᠪᠣᠯᠭᠠᠬᠤ ᠬᠡᠷᠡᠭ᠌ᠲᠡᠢ》᠃ ᠸᠠᠩ ᠱᠢᠶᠤᠤ ᠫᠢᠩ᠂ ᠡᠳ᠋᠎ᠦᠨ ᠵᠠᠰᠠᠭ᠂ ᠵᠣᠭᠣᠰ᠂ ᠪᠠᠯᠠ ᠣᠷᠣᠭᠤᠯᠤᠯᠲᠠ᠂ ᠬᠡᠷᠡᠭ᠌ᠯᠡᠭᠡ᠂ ᠠᠵᠤ ᠦᠶ᠋ᠯᠡᠰ᠂ ᠣᠷᠣᠨ ᠪᠦᠰᠡ ᠵᠡᠷᠭᠡ᠎ᠶ᠋ᠢᠨ ᠲᠥᠷᠥ᠎ᠶ᠋ᠢᠨ ᠪᠣᠳᠣᠯᠭ᠎ᠠ ᠬᠢᠭᠡᠳ ᠠᠵᠢᠯ ᠣᠯᠭᠣᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠵᠣᠬᠢᠴᠠᠯᠳᠤᠨ ᠬᠣᠯᠪᠣᠯᠳᠤᠬᠤ᠎ᠶ᠋ᠢ ᠠᠬᠢᠭᠤᠯᠵᠤ᠂ ᠡᠯ᠎ᠡ ᠲᠥᠷᠥᠯ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠵᠢᠯ ᠣᠯᠭᠣᠯᠲᠠ᠎ᠶ᠋ᠢ ᠱᠢᠩᠭᠡᠭᠡᠨ ᠠᠪᠬᠤ ᠭᠤᠤᠯ ᠠᠷᠭ᠎ᠠ ᠵᠠᠮ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ ᠬᠡᠷᠡᠭ᠌ᠲᠡᠶ᠃ ᠡᠭᠦᠨ᠎ᠦ ᠬᠠᠮᠲᠤ ᠠᠵᠢᠯ ᠣᠯᠭᠣᠯᠲᠠ᠎ᠶ᠋ᠢᠨ ᠨᠥᠬᠥᠷᠰᠡᠭ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠢᠳᠡᠪᠬᠢᠲᠡᠶ ᠪᠠᠢᠭᠤᠯᠵᠤ᠂ ᠰᠠᠢᠨ ᠰᠠᠢᠬᠠᠨ ᠠᠵᠢᠯ ᠣᠯᠭᠣᠯᠲᠠ᠎ᠶ᠋ᠢᠨ ᠠᠮᠢ ᠠᠬᠤᠶ᠎ᠶ᠋ᠢ ᠵᠤᠵᠠᠭᠠᠳᠭᠠᠨ᠎ᠠ ᠭᠡᠵᠦ ᠢᠯᠡᠳᠭᠡᠵᠡᠢ᠃

《ᠲᠣᠭ᠍ᠲᠠᠭᠠᠯ》 ᠳ᠋ᠤ᠌ 《ᠪᠦᠲᠦᠴᠡ᠎ᠶ᠋ᠢᠨ ᠴᠢᠨᠠᠷᠲᠠᠢ ᠠᠵᠢᠯ ᠣᠯᠭᠣᠯᠲᠠ᠎ᠶ᠋ᠢᠨ ᠵᠥᠷᠢᠴᠡᠯ᠎ᠢ ᠬᠦᠴᠦᠯᠡᠨ ᠱᠢᠢᠳᠪᠦᠷᠢᠯᠡᠨ᠎ᠡ》 ᠭᠡᠵᠦ᠍ ᠴᠢᠬᠤᠯᠠᠴᠢᠯᠠᠪᠠ᠃ ᠠᠰᠠᠭᠤᠳᠠᠯ᠎ᠢ ᠰᠢᠢᠳᠪᠦᠷᠢᠯᠡᠬᠦ᠎ᠵᠢᠨ ᠵᠠᠩᠭᠢᠯᠠᠭ᠎ᠠ ᠨᠢ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌᠂ ᠬᠡᠷᠡᠭ᠌ᠯᠡᠬᠦ᠌᠂ ᠦᠨᠡᠯᠡᠬᠦ᠌᠂ ᠤᠷᠮᠠᠱᠢᠭᠤᠯᠬᠤ ᠲᠦᠷᠢᠮ᠎ᠢ ᠲᠡᠭᠦᠯᠳᠡᠷᠵᠢᠭᠦᠯᠬᠦ᠌᠎ᠳᠦ ᠪᠠᠢᠨ᠎ᠠ᠃

《ᠪᠢᠳᠡ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠣᠯᠲᠠ᠎ᠶ᠋ᠢ ᠨᠢᠭᠡᠳᠦᠯᠲᠡᠶ ᠲᠥᠯᠥᠪᠯᠠᠨ ᠰᠠᠢᠲᠤᠷ ᠠᠳᠭᠤᠵᠤ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠬᠡᠷᠡᠭ᠌ᠴᠡᠭᠡ᠎ᠶ᠋ᠢ ᠲᠥᠰᠦᠭᠡᠯᠡᠬᠦ᠌ ᠲᠣᠭ᠍ᠲᠡᠴᠡ᠎ᠶ᠋ᠢ ᠪᠠᠢᠭᠤᠯᠵᠤ᠂ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ᠎ᠶ᠋ᠢ ᠴᠢᠩᠭᠠᠳᠭᠠᠨ᠎ᠠ᠃ ᠬᠥᠮᠦᠵᠢᠭᠦᠯᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠠᠵᠤ ᠠᠬᠤᠢᠯᠠᠯ᠎ᠤᠨ ᠬᠥᠮᠦᠵᠢᠭᠦᠯᠦᠨ ᠬᠡᠷᠡᠭ᠌ᠯᠡᠬᠦ᠌ ᠭᠤᠤᠯ ᠴᠣᠭ᠍ᠴᠠ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠎ᠠ᠃ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠵᠠᠮ᠎ᠢ ᠰᠠᠭᠠᠳ ᠦᠭᠡᠶ ᠨᠡᠪᠲᠡᠷᠡᠭᠦᠯᠵᠦ᠍᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠬᠦᠯᠦᠰᠦ ᠣᠯᠭᠣᠮᠵᠢ᠎ᠶ᠋ᠢᠨ ᠬᠢᠷᠢ ᠬᠡᠮᠵᠢᠶ᠎ᠡ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠦᠨ᠂ ᠡᠯ᠎ᠡ ᠲᠥᠷᠥᠯ᠎ᠦᠨ ᠲᠤᠬᠠᠢᠯᠠᠭᠰᠠᠨ ᠠᠵᠢᠯ᠎ᠤᠨ ᠤᠷ᠎ᠠ ᠮᠡᠷᠭᠡᠵᠢᠯ᠎ᠤᠨ ᠴᠢᠳᠠᠪᠤᠷᠢ᠎ᠶ᠋ᠢᠨ ᠤᠷᠤᠯᠳᠤᠭᠠᠨ᠎ᠢ ᠥᠷᠭᠡᠨ᠎ᠢᠶᠡᠷ ᠥᠷᠨᠢᠭᠦᠯᠵᠦ᠍᠂ ᠰᠠᠢᠨ ᠰᠠᠢᠬᠠᠨ ᠣᠷᠴᠢᠨ ᠨᠦᠬᠦᠴᠡᠯ᠎ᠢ ᠪᠣᠶ ᠪᠣᠯᠭᠠᠨ᠎ᠠ》 ᠭᠡᠵᠦ᠍ ᠸᠠᠩ ᠱᠢᠶᠤᠤ ᠫᠢᠩ ᠬᠡᠯᠡᠪᠡ᠃

ᠭᠤᠤᠯᠳᠠᠯᠭ᠎ᠠ᠎ᠲᠠᠶ ᠬᠦᠮᠦᠰ᠎ᠤᠨ ᠠᠵᠢᠯ ᠣᠯᠭᠣᠯᠲᠠ᠎ᠳᠤ ᠴᠢᠭ᠌ᠯᠡᠭᠦᠯᠦᠨ᠂ ᠸᠠᠩ ᠱᠢᠶᠤᠤ ᠫᠢᠩ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠨ ᠤᠶᠤᠲᠠᠳ ᠵᠡᠷᠭᠡ ᠵᠠᠯᠠᠭᠤᠴᠤᠳ᠎ᠢ ᠭᠤᠤᠯᠳᠠᠯᠭ᠎ᠠ ᠵᠢᠨ ᠳᠤᠲᠤᠷᠠᠬᠢ ᠭᠤᠤᠯᠳᠠᠯᠭ᠎ᠠ ᠪᠣᠯᠭᠠᠵᠤ᠂ ᠠᠵᠢᠯ ᠣᠯᠭᠣᠯᠲᠠ᠎ᠶ᠋ᠢᠨ ᠣᠷᠣᠨ ᠵᠠᠶ᠎ᠶ᠋ᠢ ᠥᠷᠭᠡᠳᠭᠡᠨ᠂ ᠦᠰᠦᠨ ᠪᠣᠢᠵᠢᠬᠤ ᠠᠷᠭ᠎ᠠ ᠵᠠᠮ᠎ᠢ ᠱᠢᠯᠤᠭᠤᠳᠭᠠᠵᠤ᠂ ᠦᠶ᠋ᠯᠡᠴᠢᠯᠡᠭᠡ ᠪᠠ ᠠᠵᠢᠯ ᠣᠯᠭᠣᠯᠲᠠ᠎ᠶ᠋ᠢᠨ ᠣᠢᠯᠠᠭᠠᠭ᠍ᠳᠠᠬᠤᠨ᠎ᠢ ᠬᠥᠲᠥᠯᠥᠨ ᠵᠢᠯᠣᠭᠣᠳᠭᠤ᠎ᠪᠠᠨ ᠴᠢᠩᠭᠠᠳᠭᠠᠨ᠎ᠠ᠃ ᠬᠦᠯᠦᠰᠦᠨ ᠲᠠᠷᠢᠶᠠᠴᠢᠳ᠎ᠤᠨ ᠭᠠᠳᠠᠭ᠍ᠰᠢ ᠭᠠᠷᠴᠤ᠌ ᠠᠵᠢᠯ ᠣᠯᠬᠤ ᠪᠠ ᠲᠤᠬᠠᠶ᠎ᠶ᠋ᠢᠨ ᠭᠠᠵᠠᠷ᠎ᠤᠨ ᠣᠢᠷ᠎ᠠ ᠬᠠᠪᠢ᠎ᠳᠠᠭᠠᠨ ᠠᠵᠢᠯ ᠣᠯᠬᠤ᠎ᠶ᠋ᠢ ᠵᠡᠷᠭᠡ᠎ᠳᠦᠨᠢ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠢᠯᠠᠩᠭᠤᠶ᠎ᠠ ᠶᠠᠳᠠᠭᠤ᠎ᠡᠴᠡ ᠠᠩᠭᠢᠵᠢᠷᠠᠭ᠍ᠰᠠᠨ ᠬᠥᠮᠦᠨ ᠠᠮᠠ᠎ᠶ᠋ᠢᠨ ᠬᠦᠯᠦᠰᠦᠨ ᠠᠵᠢᠯ ᠬᠢᠬᠦ ᠬᠡᠪᠴᠢᠶ᠎ᠡ ᠪᠣᠯᠤᠨ ᠬᠦᠯᠦᠰᠦᠨ ᠠᠵᠢᠯ ᠬᠢᠭᠰᠡᠨ ᠣᠷᠣᠯᠭ᠎ᠠ᠎ᠶ᠋ᠢ ᠲᠣᠭ᠍ᠲᠠᠭᠤᠨ ᠪᠠᠢᠯᠭᠠᠨ᠎ᠠ᠃ ᠠᠵᠢᠯ ᠤᠯᠬᠤ᠎ᠳᠤ ᠬᠦᠴᠢᠷᠲᠡᠶ ᠬᠥᠮᠦᠰ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ ᠵᠡᠷᠭᠡ ᠦᠨᠳᠦᠰᠦᠨ ᠵᠦᠶ᠋ᠯ᠎ᠢ ᠪᠠᠲᠤᠯᠠᠬᠤ ᠲᠣᠬᠢᠷᠠᠭᠤᠯᠤᠯᠲᠠ᠎ᠶ᠋ᠢ ᠴᠢᠩᠭᠠᠳᠭᠠᠨ᠎ᠠ ᠭᠡᠵᠦ ᠢᠯᠡᠳᠭᠡᠪᠡ᠃

《ᠲᠣᠭ᠍ᠲᠠᠭᠠᠯ》 ᠳ᠋ᠤ᠌ ᠳᠤᠷᠠᠳᠤᠭᠰᠠᠨ 《ᠠᠵᠢᠯ ᠣᠯᠭᠣᠯᠲᠠ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠬᠦ᠌》 ᠱᠠᠭᠠᠷᠳᠠᠯᠭ᠎ᠠ ᠶᠣᠰᠣᠭᠠᠷ᠂ ᠠᠯᠢ ᠤᠯᠠᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠪᠠᠰᠠ ᠪᠠᠢᠷᠢᠯᠠᠭᠤᠯᠤᠨ ᠠᠬᠢᠭᠤᠯᠵᠤ᠂ ᠲᠦᠷᠭᠡᠪᠴᠢᠯᠡᠨ ᠨᠠᠢᠳᠠᠪᠤᠷᠢᠵᠢᠭᠤᠯᠵᠤ ᠪᠠᠢᠨ᠎ᠠ᠃

ᠪᠦᠬᠦ᠌ ᠤᠯᠤᠰ᠎ᠤᠨ ᠨᠢᠭᠡᠳᠦᠯᠲᠡᠢ ᠠᠵᠢᠯ ᠣᠯᠭᠣᠯᠲᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠠᠪᠴᠠᠩ ᠢ᠋ ᠪᠠᠢᠭᠤᠯᠤᠨ ᠰᠠᠢᠲᠤᠷ ᠬᠡᠷᠡᠭ᠌ᠯᠡᠵᠦ᠍᠂ 《ᠲᠣᠮᠣ ᠳ᠋ᠠᠢᠲ᠋ᠠ + ᠲᠡᠮᠦᠷ ᠲᠠᠪᠠᠬᠠᠢ》ᠦᠢᠯᠡᠴᠢᠯᠡᠭᠡᠨ᠎ᠦ ᠵᠠᠭ᠍ᠪᠤᠷ ᠢ᠋ ᠬᠡᠷᠡᠭ᠌ᠵᠢᠭᠦᠯᠦᠨ᠎ᠡ; ᠦᠢᠯᠡᠰ ᠪᠤᠰᠬᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠬᠤ ᠳᠦᠷᠢᠮ᠎ᠢ ᠲᠡᠭᠦᠯᠳᠡᠷᠵᠢᠭᠦᠯᠦᠨ ᠠᠬᠢᠭᠤᠯᠵᠤ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠨᠢᠭᠡᠳᠦᠯᠲᠡᠢ ᠪᠥᠭᠡᠳ ᠵᠢᠷᠤᠮᠵᠢᠭᠤᠨ ᠵᠠᠬ᠎ᠠ ᠳᠡᠯᠭᠡᠭᠦᠷ᠎ᠦᠨ ᠱᠢᠰᠲ᠋ᠧᠮ᠎ᠢ ᠪᠦᠷᠢᠨᠱᠢᠭᠦᠯᠦᠨ᠎ᠡ; ᠠᠮᠢᠳᠤᠯᠢᠭ ᠠᠵᠢᠯ ᠣᠯᠭᠣᠯᠲᠠ ᠪᠠ ᠱᠢᠨ᠎ᠡ ᠠᠵᠢᠯ ᠣᠯᠭᠣᠯᠲᠠ᠎ᠶ᠋ᠢᠨ ᠬᠡᠯᠪᠡᠷᠢ᠎ᠳᠦ ᠵᠣᠬᠢᠴᠠᠬᠤ ᠬᠥᠳᠡᠯᠮᠦᠷᠢ᠎ᠶ᠋ᠢᠨ ᠡᠷᠬᠡ ᠠᠱᠢᠭ᠎ᠢ ᠪᠠᠲᠤᠯᠠᠬᠤ ᠲᠦᠷᠢᠮ᠎ᠢ ᠲᠡᠭᠦᠯᠳᠡᠷᠵᠢᠭᠦᠯᠵᠦ᠍᠂ ᠡᠷᠬᠡ ᠠᠱᠢᠭ᠎ᠢᠶᠠᠨ ᠬᠠᠮᠠᠭᠠᠯᠠᠬᠤ ᠠᠷᠭ᠎ᠠ ᠵᠠᠮ᠎ᠢ ᠱᠢᠯᠤᠭᠤᠳᠭᠠᠨ᠎ᠠ ᠁ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠤᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠵᠢᠭᠦᠯᠵᠦ᠍ ᠦᠢᠯᠡᠴᠢᠯᠡᠭᠡ᠎ᠪᠡᠨ ᠱᠢᠯᠢᠳᠡᠭ᠌ᠵᠢᠭᠦᠯᠵᠦ᠍᠂ ᠨᠡᠩ ᠲᠥᠪ ᠭᠣᠣᠯᠴᠢ ᠠᠵᠢᠯ ᠣᠯᠭᠣᠯᠲᠠ᠎ᠶ᠋ᠢᠨ ᠣᠷᠴᠢᠨ ᠨᠥᠬᠥᠴᠡᠯ᠎ᠢ ᠪᠤᠢ ᠪᠣᠯᠭᠠᠨ᠎ᠠ᠃

ᠬᠠᠮᠤᠭ᠎ᠤᠨ ᠱᠢᠨ᠎ᠡ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠵᠢᠯ᠎ᠤᠨ ᠡᠬᠢᠨ᠎ᠡᠴᠡ ᠨᠠᠭᠠᠰᠢ᠂ ᠠᠵᠢᠯ ᠣᠯᠭᠣᠯᠲᠠ᠎ᠶ᠋ᠢᠨ ᠪᠠᠢᠳᠠᠯ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ ᠦᠷᠭᠦᠯᠵᠢᠯᠡᠨ ᠨᠢᠳᠤᠨᠤᠨ᠎ᠤ ᠠᠳᠠᠯᠢ ᠬᠤᠭᠤᠴᠠᠭᠠᠨ᠎ᠤ ᠬᠢᠷᠢ ᠲᠦᠪᠱᠢᠨ᠎ᠡᠴᠡ ᠳᠤᠤᠷ᠎ᠠ ᠪᠠᠢᠨ᠎ᠠ᠃ 1᠎ᠡᠴᠡ 6 ᠰᠠᠷ᠎ᠠ ᠪᠣᠯᠲᠠᠯ᠎ᠠ᠂ ᠪᠥᠬᠥ᠌ ᠤᠯᠤᠰ᠎ᠤᠨ ᠬᠣᠲᠠ ᠪᠠᠯᠭᠠᠰᠤᠨ᠎ᠤ 698 ᠲᠦᠮᠡᠨ ᠬᠥᠮᠦᠨ ᠳ᠋ᠤ ᠱᠢᠨ᠎ᠡ᠎ᠪᠡᠷ ᠠᠵᠢᠯ ᠣᠯᠭᠣᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠡ 20 ᠲᠦᠮᠡᠨ ᠬᠥᠮᠦᠨ ᠨᠡᠮᠡᠭ᠌ᠳᠡᠵᠦ᠍᠂ ᠪᠥᠬᠥ᠌ ᠵᠢᠯ᠎ᠦᠨ ᠬᠠᠷᠠᠯᠲᠠ ᠡᠭᠦᠷᠭᠡ᠎ᠶ᠋ᠢᠨ 58% ᠎ᠶ᠋ᠢ ᠪᠡᠶᠡᠯᠡᠭᠦᠯᠪᠡ᠃

《ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ ᠪᠣᠯ ᠨᠢᠭᠡᠨ ᠱᠢᠰᠲ᠋ᠧᠮᠲᠦ ᠢᠨᠵᠧᠨᠧᠷᠢᠩ ᠮᠥᠨ᠂ ᠮᠦᠨ ᠴᠤ᠌ ᠨᠢᠭᠡᠨ ᠣᠷᠳᠣ ᠬᠤᠭᠤᠴᠠᠭᠠᠨ᠎ᠤ ᠢᠨᠵᠧᠨᠧᠷᠢᠩ ᠮᠥᠨ》᠃ ᠳᠤᠮᠳᠠᠳᠤ ᠤᠯᠤᠰ᠎ᠤᠨ ᠬᠥᠳᠡᠯᠮᠦᠷᠢ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠮᠦᠸᠸ ᠷᠦᠩ᠂ ᠪᠠᠢᠭᠤᠯᠤᠯ ᠲᠣᠭ᠍ᠲᠡᠴᠡ᠎ᠶ᠋ᠢᠨ ᠳᠠᠪᠠᠭᠤᠯᠢᠭ᠎ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ ᠣᠯᠭᠣᠯᠲᠠ᠎ᠶ᠋ᠢ ᠠᠬᠢᠭᠤᠯᠬᠤ ᠶᠠᠪᠤᠳᠠᠯ᠎ᠢ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠴᠢᠬᠤᠯᠠ ᠲᠤᠱᠢᠶᠠᠯ ᠬᠠᠷᠢᠭᠤᠴᠠᠯᠭ᠎ᠠ ᠪᠣᠯᠭᠠᠵᠤ᠂ ᠰᠠᠯᠠᠭ᠎ᠠ ᠮᠥᠴᠢᠷ ᠬᠠᠮᠵᠢᠯᠴᠠᠭ᠍ᠰᠠᠨ᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠭ᠌ᠰᠡᠨ ᠠᠵᠢᠯ ᠣᠯᠭᠣᠯᠲᠠ᠎ᠶ᠋ᠢᠨ ᠠᠵᠢᠯ᠎ᠤᠨ ᠱᠢᠰᠲ᠋ᠧᠮ᠎ᠢ ᠪᠠᠢᠭᠤᠯᠤᠨ᠎ᠠ ᠭᠡᠵᠦ ᠢᠯᠡᠳᠭᠡᠪᠡ᠃

《ᠡᠷᠬᠡᠪᠰᠢ ᠥᠭᠡᠷᠡᠴᠢᠯᠡᠯᠲᠡ ᠭᠡᠬᠦ᠌ ᠡᠨᠡ ᠬᠦ᠌ ᠡᠷᠳᠡᠨᠢ᠎ᠶ᠋ᠢ ᠰᠠᠢᠲᠤᠷ ᠬᠡᠷᠡᠭ᠌ᠯᠡᠵᠦ᠍᠂ ᠭᠠᠳᠠᠭᠠᠳᠤ ᠣᠷᠴᠢᠨ᠎ᠤ ᠬᠤᠪᠢᠷᠠᠯᠲᠠ᠂ ᠬᠥᠮᠦᠨ ᠠᠮᠠ᠎ᠶ᠋ᠢᠨ ᠪᠦᠲᠦᠴᠡ᠎ᠶ᠋ᠢᠨ ᠲᠤᠬᠢᠷᠠᠭᠤᠯᠤᠯᠳᠠ ᠵᠡᠷᠭᠡ ᠠᠵᠢᠯ ᠣᠯᠭᠣᠯᠲᠠ᠎ᠶ᠋ᠢᠨ ᠬᠦᠷᠢᠶᠡᠨ᠎ᠳᠦ ᠠᠪᠴᠢᠷᠠᠭ᠍ᠰᠠᠨ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠬᠦᠴᠦᠯᠡᠨ ᠰᠠᠢᠲᠤᠷ ᠱᠢᠢᠳᠪᠦᠷᠢᠯᠡᠵᠦ᠍᠂ ᠠᠵᠢᠯ ᠣᠯᠭᠣᠯᠲᠠ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ ᠱᠢᠨ᠎ᠡ ᠳᠠᠪᠠᠭᠤᠯᠢᠭ᠎ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭ᠌ᠲᠡᠢ᠃ ᠠᠵᠢᠯ ᠣᠯᠭᠣᠯᠲᠠ᠎ᠶ᠋ᠢᠨ ᠪᠠᠢᠭᠤᠯᠤᠯ ᠲᠣᠭ᠍ᠲᠡᠴᠡ᠎ᠶ᠋ᠢᠨ ᠥᠭᠡᠷᠡᠴᠢᠯᠡᠯᠲᠡ᠎ᠶ᠋ᠢ ᠴᠢᠨᠠᠭ᠍ᠰᠢᠳᠠ ᠭᠦᠨᠵᠡᠭᠡᠢᠷᠡᠭᠦᠯᠵᠦ᠍᠂ ᠠᠵᠢᠯᠯᠠᠭᠠᠨ᠎ᠤ ᠲᠥᠯᠥᠪᠵᠢᠭᠦᠯᠭᠡ᠎ᠶ᠋ᠢ ᠱᠢᠰᠲ᠋ᠧᠮ᠎ᠲᠡᠶ ᠲᠥᠯᠥᠪᠯᠡᠵᠦ᠍᠂ ᠠᠵᠢᠯ ᠣᠯᠭᠣᠯᠲᠠ᠎ᠶ᠋ᠢᠨ ᠬᠥᠭ᠌ᠵᠢᠯᠲᠡ᠎ᠶ᠋ᠢᠨ ᠳᠤᠮᠳᠠᠬᠢ ᠭᠣᠣᠯᠳᠠᠯᠭ᠎ᠠ ᠲᠠᠢ᠂ ᠬᠦᠴᠢᠷ ᠪᠣᠯᠤᠨ ᠲᠦᠭ᠌ᠵᠢᠷᠡᠯ᠎ᠦᠨ ᠠᠰᠠᠭᠤᠳᠠᠯ᠎ᠢ ᠦᠨᠡᠨ ᠬᠦ᠌ ᠱᠢᠢᠳᠪᠦᠷᠢᠯᠡᠬᠦ᠌ ᠬᠡᠷᠡᠭ᠌ᠲᠡᠢ》 ᠭᠡᠵᠦ᠍ ᠮᠦᠸᠸ ᠷᠦᠩ ᠬᠡᠯᠡᠪᠡ᠃


(ᠰᠢᠨᠬᠤᠸᠠ ᠬᠤᠷᠢᠶᠠᠨ᠎ᠤ ᠪᠡᠭᠡᠵᠢᠨᠭ᠎ᠤᠨ 8 ᠰᠠᠷ᠎ᠠ᠎ᠵᠢᠨ 13᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面