ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-21 10:10:03

ᠵᠣᠬᠢᠶᠠᠭ᠍ᠴᠢ᠄ ​ᠪᠠᠢ ᠳ᠋ᠠᠨ ᠱᠤᠸᠠᠢ ᠵᠧᠩ ᠹᠠᠩ ᠶᠤᠸᠠᠨ ᠣᠩᠱᠢᠭ᠍ᠰᠠᠨ ᠣᠳᠠᠭ᠎ᠠ᠄ 3

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠ

8 ᠰᠠᠷ᠎ᠠ᠎ᠶ᠋ᠢᠨ 19 ᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠲᠦᠷᠦ᠍᠎ᠶ᠋ᠢᠨ ᠪᠤᠳᠤᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠶ᠋ᠢᠨ ᠠᠯᠪᠠᠨ ᠭᠡᠷ)᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠳᠦ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠲᠦᠷᠦ᠍᠎ᠶ᠋ᠢᠨ ᠪᠤᠳᠤᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠶ᠋ᠢᠨ ᠠᠯᠪᠠᠨ ᠭᠡᠷ) ᠲᠦ᠍᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠲᠦᠷᠦ᠍᠎ᠶ᠋ᠢᠨ ᠪᠤᠳᠤᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠶ᠋ᠢᠨ ᠠᠯᠪᠠᠨ ᠭᠡᠷ) ᠤ᠋ᠨ ᠡᠷᠬᠢᠯᠡᠭ᠌ᠴᠢ ᠸᠠᠩ ᠰᠢ ᠦ᠋ ᠲᠦᠷᠦ᠍᠎ᠶ᠋ᠢᠨ ᠪᠤᠳᠤᠯᠭ᠎ᠠ ᠰᠤᠳᠤᠯᠬᠤ ᠥᠭᠡᠷᠡᠴᠢᠯᠡᠯᠲᠡ᠎ᠶ᠋ᠢᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ᠂ 《ᠶᠠᠭᠤᠨ᠎ᠳᠤ ᠥᠭᠡᠷᠡᠴᠢᠯᠡᠯᠲᠡ ᠬᠢᠬᠦ᠌》᠂ 《ᠠᠯᠢ ᠴᠢᠭᠯᠡᠯ᠎ᠢᠶᠡᠷ ᠥᠭᠡᠷᠡᠴᠢᠯᠡᠯᠲᠡ ᠬᠢᠬᠦ》᠂ 《ᠶᠠᠭᠤ᠎ᠶ᠋ᠢ ᠥᠭᠡᠷᠡᠴᠢᠯᠡᠬᠦ᠌》᠂ 《ᠶᠠᠭᠠᠬᠢᠵᠤ ᠥᠭᠡᠷᠡᠴᠢᠯᠡᠯᠲᠡ ᠬᠢᠬᠦ》᠂ 《ᠠᠮᠵᠢᠯᠳᠠ ᠲᠠᠢ ᠦᠭᠡᠷᠡᠴᠢᠯᠡᠵᠦ ᠴᠢᠳᠠᠬᠤ ᠵᠢ ᠬᠡᠷᠬᠢᠨ ᠪᠠᠲᠤᠯᠠᠬᠤ》 ᠵᠡᠷᠭᠡ ᠲᠠᠯ᠎ᠠ᠎ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠭᠦᠨᠵᠡᠭᠡᠢ ᠤᠢ᠍ᠢᠯᠠᠭᠠᠨ ᠡᠵᠡᠮᠱᠢᠬᠦ᠌ ᠲᠤᠬᠠᠢ ᠬᠠᠪᠰᠤᠷᠤᠨ ᠵᠢᠯᠣᠭᠣᠳᠴᠤ᠌᠂ ᠤᠯᠠᠨ᠎ᠢ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ᠋ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ ᠳ᠋ᠤ ᠦᠢᠯᠡᠴᠢᠯᠡᠵᠦ ᠬᠤᠪᠢ ᠨᠡᠮᠡᠷᠢ ᠪᠡᠨ ᠦᠵᠡᠭᠦᠯᠬᠦ ᠬᠡᠷᠡᠭᠳᠡᠢ ᠭᠡᠵᠦ ᠵᠤᠷᠢᠭᠵᠢᠭᠤᠯᠪᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ(ᠥᠭᠡᠷᠡᠴᠢᠯᠡᠯᠲᠡ᠎ᠶ᠋ᠢᠨ ᠠᠯᠪᠠᠨ ᠬᠡᠷ) ᠤ᠋ᠨ ᠮᠠᠯ ᠠᠵᠤ ᠠᠬᠤᠶ ᠲᠠᠷᠢᠶᠠᠯᠠᠩ ᠬᠢᠭᠡᠳ ᠮᠠᠯᠵᠢᠬᠤ ᠲᠠᠷᠢᠶᠠᠯᠠᠬᠤ ᠣᠷᠣᠨ᠎ᠤ ᠰᠤᠳᠤᠯᠭᠠᠨ᠎ᠤ ᠭᠠᠵᠠᠷ᠎ᠤᠨ ᠳᠠᠷᠤᠭ᠎ᠠ ᠵᠠᠩ ᠾᠧ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ ᠱᠢᠶ᠋ᠳᠪᠦᠷᠢᠲᠦ ᠪᠣᠳᠣᠯᠭ᠎ᠠ᠎ᠶ᠋ᠢᠨ ᠰᠤᠳᠤᠯᠭᠠᠨ᠂ ᠥᠭᠡᠷᠡᠴᠢᠯᠡᠯᠲᠡ᠎ᠶ᠋ᠢᠨ ᠵᠣᠬᠢᠴᠠᠭᠤᠯᠭ᠎ᠠ ᠳᠡᠭᠡᠷ᠎ᠡ ᠬᠦᠴᠦ᠍ ᠲᠠᠯᠪᠢᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠬᠡ ᠤᠯᠤᠰ᠎ᠤᠨ ᠤᠮᠠᠷᠠᠲᠤ ᠬᠢᠯᠢ᠎ᠳᠦ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠠ ᠪᠦᠳᠦᠮᠵᠢ ᠭᠠᠷᠭᠠᠬᠤ᠌᠎ᠶ᠋ᠢ ᠴᠢᠷᠮᠠᠢᠨ ᠠᠬᠢᠭᠤᠯᠤᠨ᠎ᠠ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠳ᠋ᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠭᠦᠩ ᠮᠢᠩ ᠵᠦ᠍ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠠᠵᠢᠯ ᠲᠦᠷᠦᠯ᠎ᠦᠨ ᠲᠤᠱᠢᠶᠠᠯ ᠬᠠᠷᠢᠭᠤᠴᠠᠯᠭ᠎ᠠ ᠡᠭᠦᠷᠭᠡ ᠴᠢᠳᠠᠪᠬᠢ ᠵᠢᠴᠢ ᠮᠠᠨ᠎ᠤ ᠣᠷᠣᠨ᠎ᠤ ᠪᠣᠳᠠᠲᠤ ᠪᠠᠢᠳᠠᠯ᠎ᠳᠤ ᠰᠠᠭᠤᠷᠢᠯᠠᠨ᠂ ᠱᠢᠨ᠎ᠡ ᠴᠠᠭ ᠦᠶ᠎ᠡ᠎ᠡᠴᠡ ᠨᠠᠭᠠᠱᠢᠬᠢ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠠᠮᠵᠢᠯᠲᠠ᠎ᠲᠠᠶ ᠦᠢᠯᠡᠳᠦᠯᠭᠡ ᠪᠠ ᠠᠭᠤᠤ ᠶᠡᠬᠡ ᠠᠮᠵᠢᠯᠲᠠ ᠪᠦᠲᠦᠮᠵᠢ᠎ᠶ᠋ᠢ ᠭᠦᠨᠵᠡᠭᠡᠢ ᠲᠠᠢᠯᠪᠤᠷᠢᠯᠠᠵᠤ᠂ ᠤᠯᠠᠨ᠎ᠢ ᠬᠠᠪᠰᠤᠷᠤᠨ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠤᠢ᠍ᠢᠯᠠᠭᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠤᠯᠠᠮᠵᠢᠯᠠᠪᠠ᠃ ᠲᠡᠷᠡ ᠮᠠᠨ᠎ᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠱᠢᠰᠲ᠋ᠧᠮ᠎ᠦᠨ ᠨᠠᠮ᠎ᠤᠨ ᠭᠡᠱᠢᠭᠦᠨ ᠺᠠᠳ᠋ᠷ᠎ᠢ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠡᠯ᠎ᠡ ᠵᠦᠢᠯ᠎ᠦᠨ ᠠᠵᠢᠯ᠎ᠢ ᠪᠣᠳᠠᠲᠠᠢ ᠨᠠᠷᠢᠯᠢᠭ ᠰᠠᠢᠲᠤᠷ ᠬᠢᠵᠦ᠍᠂ ᠮᠠᠨ᠎ᠤ ᠣᠷᠣᠨ᠎ᠤ ᠥᠭᠡᠷᠡᠴᠢᠯᠡᠯᠲᠡ ᠪᠠ ᠬᠥᠭ᠌ᠵᠢᠯᠲᠡ᠎ᠶ᠋ᠢᠨ ᠦᠢᠯᠡᠰ᠎ᠢ ᠪᠦᠬᠦ᠌ ᠬᠦᠴᠦᠨ᠎ᠢᠶᠡᠷ ᠠᠬᠢᠭᠤᠯᠬᠤ ᠬᠡᠷᠡᠭ᠌ᠲᠡᠢ ᠭᠡᠵᠦ᠍ ᠵᠣᠷᠢᠭ᠍ᠵᠢᠭᠤᠯᠪᠠ᠃

ᠲᠤᠬᠠᠶ᠎ᠶ᠋ᠢᠨ ᠲᠠᠯᠠᠪᠠᠶ᠎ᠳᠤ ᠮᠡᠳᠡᠭᠦᠯᠦᠯᠲᠡ᠎ᠶ᠋ᠢᠨ ᠬᠤᠷᠠᠯ᠎ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ᠎ᠶ᠋ᠢᠨ ᠲᠤᠰᠭᠠᠶ ᠲᠤᠱᠢᠶᠠᠯᠲᠤ ᠳᠡᠳ᠋ ᠱᠦᠵᠢ ᠼᠤᠤ ᠹᠸᠢ ᠬᠣᠩ᠄《ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠶ ᠤᠢᠯᠠᠭᠠᠨ ᠣᠨᠣᠪᠴᠢᠲᠠᠶ ᠡᠵᠡᠮᠱᠢᠵᠦ᠍᠂ ᠪᠥᠬᠥᠳᠡ ᠬᠤᠷᠠᠯ᠎ᠡᠴᠡ ᠲᠣᠭ᠍ᠲᠠᠭᠠᠭ᠍ᠰᠠᠨ ᠥᠭᠡᠷᠡᠴᠢᠯᠡᠯᠲᠡ᠎ᠶ᠋ᠢᠨ ᠵᠦᠶ᠋ᠯᠡᠰ᠎ᠲᠡᠶ ᠪᠠᠷᠢᠮᠵᠢᠶᠠᠯᠠᠵᠤ᠂ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠤᠬᠠᠮᠰᠠᠷ᠂ ᠴᠢᠩᠭ᠎ᠠ ᠡᠭᠦᠷᠭᠡ ᠬᠠᠷᠢᠭᠤᠴᠠᠯᠭ᠎ᠠ ᠪᠠ ᠯᠠᠪᠳᠠᠭᠤᠨ ᠪᠠᠲᠤᠲᠠᠶ ᠠᠵᠢᠯ᠎ᠤᠨ ᠠᠷᠭ᠎ᠠ ᠬᠡᠮᠵᠢᠶ᠎ᠡ᠎ᠪᠡᠷ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠵᠦ᠍᠂ ᠥᠭᠡᠷᠡᠴᠢᠯᠡᠯᠲᠡ᠎ᠶ᠋ᠢᠨ ᠠᠬᠢᠭᠤᠯᠤᠭ᠍ᠴᠢ᠂ ᠪᠣᠳᠠᠲᠠᠶ ᠠᠵᠢᠯᠯᠠᠭ᠍ᠴᠢ ᠪᠣᠯᠬᠤ ᠬᠡᠷᠡᠭ᠌ᠲᠡᠶ》 ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠳ᠋ᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠳᠠᠷᠤᠭ᠎ᠠ ᠵᠢᠤᠢ ᠱᠤ᠌ ᠸᠸᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ; ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ; ᠪᠥᠬᠥᠳᠡ ᠬᠤᠷᠠᠯ᠎ᠤᠨ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ; ᠡᠳ᠋᠎ᠦᠨ ᠵᠠᠰᠠᠭ ᠭᠠᠢᠯᠢ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠠᠷᠭ᠎ᠠ ᠬᠡᠮᠵᠢᠶ᠎ᠡ ᠪᠠ ᠪᠣᠳᠣᠯᠬᠢᠯᠠᠯ ᠵᠡᠷᠭᠡ 5 ᠲᠠᠯ᠎ᠠ᠎ᠪᠠᠷ ᠱᠢᠰᠲ᠋ᠧᠮ᠎ᠲᠡᠶ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠭ᠎ᠠ ᠨᠢ ᠪᠠᠶᠠᠯᠢᠭ᠂ ᠡᠮᠬᠢ ᠲᠠᠷᠠᠭᠠᠯᠠᠯ ᠲᠠᠢ᠂ ᠭᠣᠣᠯᠳᠠᠯᠭ᠎ᠠ ᠨᠢ ᠲᠤᠪᠤᠢ᠌ᠮ᠎ᠠ ᠪᠠᠢᠪᠠ᠃

《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠪᠢ ᠭᠦᠨ ᠰᠡᠩᠬᠡᠷᠡᠭᠦᠯᠦᠯ ᠣᠯᠵᠤ ᠶᠡᠬᠡᠳᠡ ᠵᠣᠷᠢᠭ᠍ᠵᠢᠪᠠ᠃ ᠪᠠᠢᠭᠤᠯᠭ᠎ᠠ᠎ᠶ᠋ᠢᠨ ᠨᠠᠮ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ ᠪᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠬᠤ᠎ᠶ᠋ᠢ ᠪᠠᠷᠢᠮᠲᠠᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ᠂ ᠨᠠᠷᠢᠨ ᠨᠢᠮᠪᠠᠢ᠂ ᠲᠤᠢ᠌ᠯᠪᠤᠷᠢᠲᠠᠢ ᠨᠠᠢ᠌ᠳᠠᠪᠤᠷᠢᠵᠢᠭᠤᠯᠬᠤ᠎ᠶ᠋ᠢ ᠠᠬᠢᠭᠤᠯᠤᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ ᠵᠢᠨ ᠭᠤᠷᠪᠠᠳᠤᠭᠠᠷ ᠳᠡᠰ᠎ᠤᠨ ᠡᠷᠬᠢᠯᠡᠭ᠌ᠴᠢ ᠭᠡᠱᠢᠭᠦᠴᠢ ᠶᠠᠩ ᠴᠢᠦ ᠶᠠᠩ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠲᠥᠰᠦᠪ᠎ᠦᠨ ᠭᠠᠵᠠᠷ᠎ᠤᠨ ᠨᠢᠭᠡᠳᠦᠭᠡᠷ ᠳᠡᠰ᠎ᠤᠨ ᠡᠷᠬᠢᠯᠡᠭ᠌ᠴᠢ ᠭᠡᠱᠢᠭᠦᠴᠢ ᠱᠢᠤᠢ ᠶᠠ ᠱᠢᠶᠤᠤ᠂ ᠡᠳ᠋᠎ᠦᠨ ᠵᠠᠰᠠᠭ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠲᠣᠰ ᠤᠳᠠᠭ᠎ᠠ᠎ᠶ᠋ᠢᠨ ᠰᠤᠷᠤᠯᠴᠠᠯᠭ᠎ᠠ᠎ᠪᠠᠷ ᠠᠵᠠ ᠲᠣᠬᠢᠶᠠᠯ ᠪᠣᠯᠭᠠᠵᠤ᠂ ᠴᠢᠳᠠᠪᠤᠷᠢ᠎ᠪᠠᠨ ᠤᠯᠠᠮ ᠳᠡᠭᠡᠭ᠌ᠰᠢᠯᠡᠭᠦᠯᠵᠦ᠍᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠢᠳᠡᠪᠬᠢᠲᠡᠶ ᠠᠵᠢᠯᠯᠠᠵᠤ᠂ ᠱᠢᠨ᠎ᠡ ᠨᠢᠭᠡ ᠡᠭᠡᠯᠵᠢ᠎ᠶ᠋ᠢᠨ ᠡᠳ᠋᠎ᠦᠨ ᠵᠠᠰᠠᠭ ᠭᠠᠢᠯᠢ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面