ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-22 09:48:22

ᠵᠣᠬᠢᠶᠠᠭ᠍ᠴᠢ᠄ ​ᠸᠠᠩ ᠸᠸᠨ ᠵᠢᠩ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 20 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ᠎ᠦᠨ ᠬᠢᠨ᠎ᠤ ᠬᠤᠯᠪᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠨᠤᠯ᠎ᠤᠨ ᠱᠢᠰᠲᠸᠮ᠎ᠤᠨ ᠰᠤᠳᠤᠯᠭᠠᠨ᠎ᠤ ᠲᠥᠪ᠎ᠡᠴᠡ ᠬᠠᠮᠲᠤᠷᠠᠨ ᠭᠣᠣᠯᠯᠠᠨ ᠡᠷᠬᠢᠯᠡᠭ᠌ᠰᠡᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠠᠴᠠ ᠳᠤᠮᠳᠠᠳᠤ ᠤᠯᠤᠰ᠎ᠤᠨ ᠬᠠᠤᠯᠢ᠎ᠶ᠋ᠢᠨ ᠤᠬᠠᠭᠠᠨ᠎ᠤ ᠨᠡᠢᠭᠡᠮᠯᠢᠭ᠎ᠦᠨ ᠳᠡᠳ᠋ ᠳᠠᠷᠤᠭ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠤᠤᠯ᠎ᠤᠨ ᠳᠡᠳ᠋ ᠪᠠᠢᠴᠠᠭᠠᠬᠤ ᠳᠠᠷᠤᠭ᠎ᠠ᠂ ᠬᠣᠶᠠᠳᠤᠭᠠᠷ ᠳᠡᠰ᠎ᠤᠨ ᠶᠡᠬᠡ ᠪᠠᠢᠴᠠᠭᠠᠬᠤ ᠲᠤᠱᠢᠶᠠᠯᠲᠠᠨ ᠱᠢᠤᠢ ᠱᠢᠶᠠᠨ ᠮᠢᠩ ᠫᠷᠤᠹᠧᠰᠰᠤᠷ᠎ᠢ ᠲᠤᠰᠬᠠᠢᠯᠠᠨ ᠤᠷᠢᠵᠤ 《ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ ᠪᠣᠯᠤᠨ ᠳᠤᠮᠳᠠᠳᠤ ᠤᠯᠤᠰ᠎ᠤᠨ ᠬᠠᠤᠯᠢ ᠪᠡᠷ ᠵᠠᠰᠠᠬᠤ ᠵᠠᠮ》 ᠭᠡᠬᠦ᠌ ᠰᠡᠳᠦᠪ᠎ᠢᠶᠡᠷ ᠭᠤᠤᠯ ᠵᠤᠷᠢᠯᠳᠠᠳᠤ ᠮᠡᠳᠡᠭᠦᠯᠦᠯᠲᠡ ᠬᠢᠯᠭᠡᠪᠡ᠃ ᠲᠤᠰᠭᠠᠢ ᠰᠡᠳᠦᠪ᠎ᠢᠶᠡᠷ ᠳᠤᠭᠤᠢᠯᠠᠩ ᠬᠤᠪᠢᠶᠠᠨ ᠰᠤᠳᠤᠯᠤᠨ ᠶᠠᠷᠢᠯᠴᠠᠬᠤ ᠭᠣᠭ᠍ᠴᠣᠭ᠎ᠠ᠎ᠳᠤ᠂ ᠬᠤᠷᠠᠯ᠎ᠳᠤ ᠣᠷᠣᠯᠴᠠᠭ᠍ᠰᠠᠨ ᠤᠯᠠᠨ ᠲᠤᠰᠭᠠᠢ ᠮᠡᠷᠭᠡᠵᠢᠯᠲᠡᠨ ᠡᠷᠳᠡᠮᠲᠡᠨ ᠤᠷᠢᠳ ᠬᠣᠵᠢᠳ ᠰᠠᠨᠠᠯ᠎ᠢᠶᠠᠨ ᠰᠣᠯᠢᠯᠴᠠᠬᠤ ᠦᠭᠡ ᠬᠡᠯᠡᠵᠦ᠍᠂ ᠤᠯᠠᠮ ᠨᠢᠭᠡ ᠠᠯᠬᠤᠮ ᠬᠠᠮᠲᠤ᠎ᠶ᠋ᠢᠨ ᠲᠠᠨᠢᠯᠲᠠ᠎ᠶ᠋ᠢ ᠪᠦᠷᠢᠯᠳᠦᠭᠦᠯᠵᠦ᠍᠂ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠬᠤ᠎ᠳᠤ ᠬᠦᠴᠦᠨ ᠨᠡᠮᠡᠷᠢᠯᠡᠪᠡ᠃

ᠲᠤᠰ ᠤᠳᠠᠭ᠎ᠠ᠎ᠶ᠋ᠢᠨ ᠬᠤᠷᠠᠯ ᠳ᠋ᠤ ᠣᠷᠣᠨ᠎ᠤ ᠳᠣᠲᠣᠷᠠᠬᠢ 20 ᠭᠠᠷᠤᠢ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠣᠯᠤᠨ ᠰᠤᠳᠤᠯᠭᠠᠨ᠎ᠤ ᠰᠠᠭᠤᠷᠢᠨ᠎ᠤ 100 ᠭᠠᠷᠤᠢ ᠲᠤᠰᠭᠠᠢ ᠮᠡᠷᠭᠡᠵᠢᠯᠲᠡᠨ ᠡᠷᠳᠡᠮᠲᠡᠨ ᠴᠤᠭᠯᠠᠷᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠂ ᠶᠡᠷᠦᠩᠬᠡᠢ ᠱᠠᠭᠠᠷᠳᠠᠯᠭ᠎ᠠ᠂ ᠴᠢᠬᠤᠯᠠ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠵᠢ ᠭᠦᠨᠵᠡᠭᠡᠢ ᠤᠢᠯᠠᠭᠠᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ ᠪᠣᠯᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠠᠷᠭ᠎ᠠ ᠬᠡᠮᠵᠢᠶ᠎ᠡ᠎ᠶ᠋ᠢᠨ ᠲᠣᠭᠣᠷᠢᠨ᠎ᠳᠤ ᠭᠦᠨᠵᠡᠭᠡᠢ ᠰᠣᠯᠢᠯᠴᠠᠵᠤ᠂ ᠥᠪᠥᠷ ᠮᠣᠩᠭᠣᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠬᠤ᠎ᠳᠤ ᠬᠠᠮᠲᠤ᠎ᠪᠠᠷ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠷᠭᠦᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面