2024-08-22 09:42:36
8 ᠰᠠᠷ᠎ᠠ ᠶ᠋ᠢᠨ 20 ᠤ᠋ ᠡᠳᠦᠷ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠶ᠋ᠢᠨ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠶ᠋ᠢᠨ ᠨᠢᠭᠡᠳᠦᠮᠡᠯ ᠹᠷᠣᠨᠲ ᠤ᠋ᠨ ᠬᠡᠯᠲᠡᠰᠦᠨ ᠪᠠᠢᠭᠤᠯᠭ᠎ᠠ ᠪᠠ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠶ᠋ᠢᠨ ᠱᠢᠰᠲ᠋ᠧᠮᠳᠦ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠶ᠋ᠢᠨ ᠨᠢᠭᠡᠳᠦᠮᠡᠯ ᠹᠷᠣᠨᠲ ᠤ᠋ᠨ ᠬᠡᠯᠲᠡᠰᠦᠨ ᠪᠠᠢᠭᠤᠯᠭ᠎ᠠ ᠳ᠋ᠦ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠤ᠋ ᠳᠡᠳ᠋ ᠨᠠᠷᠢᠨ ᠪᠢᠴᠢᠭᠦᠨ ᠳᠠᠷᠤᠭ᠎ᠠ᠂ ᠵᠠᠰᠠᠭ ᠤ᠋ᠨ ᠣᠷᠳᠣᠨ ᠤ᠋ ᠰᠤᠳᠤᠯᠬᠤ ᠲᠠᠰᠤᠭ (ᠵᠥᠪᠳᠡᠭ᠌ᠴᠢ ᠶ᠋ᠢᠨ ᠲᠠᠰᠤᠭ) ᠤ᠋ᠨ ᠡᠷᠬᠢᠯᠡᠭ᠌ᠴᠢ ᠯᠢ ᠵᠥᠩ ᠺᠠᠶ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠶ᠋ᠢᠨ ᠭᠤᠷᠪᠠᠳᠤᠭᠠᠷ ᠪᠥᠬᠥᠳᠡ ᠬᠤᠷᠠᠯ ᠤ᠋ᠨ ᠦᠨᠳᠦᠰᠦᠨ ᠪᠠᠢᠳᠠᠯ᠂ ᠶᠡᠷᠦᠩᠬᠡᠶ ᠱᠦᠵᠢ ᠰᠢ ᠵᠢᠨ ᠫᠢᠩᠦᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠶ᠋ᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠢᠯᠠᠭᠠᠬᠤ᠂ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ ᠵᠢ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠥᠬᠥ᠌ ᠲᠠᠯ᠎ᠠ ᠪᠡᠷ ᠣᠨᠣᠪᠴᠢᠲᠠᠶ ᠤᠢᠯᠠᠭᠠᠬᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠨᠠᠶ᠋ᠮᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠠᠭᠤᠯᠭ᠎ᠠ ᠶ᠋ᠢᠨ ᠲᠤᠭᠤᠷᠢᠨ ᠳ᠋ᠦ ᠭᠦᠨᠵᠡᠭᠡᠶ ᠲᠣᠳᠣᠷᠬᠠᠢᠯᠠᠨ ᠲᠠᠢᠯᠪᠤᠷᠢᠯᠠᠪᠠ᠃ ᠢᠯᠡᠳᠭᠡᠯᠦᠨ ᠭᠣᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠤᠨᠤᠯ ᠤ᠋ᠨ ᠦᠨᠳᠦᠷᠴᠡ ᠲᠠᠢ ᠪᠥᠭᠡᠳ ᠥᠪᠥᠷ ᠮᠣᠩᠭᠣᠯ ᠤ᠋ᠨ ᠬᠥᠭ᠌ᠵᠢᠯᠲᠡ ᠶ᠋ᠢᠨ ᠪᠣᠳᠠᠲᠤ ᠪᠠᠢᠳᠠᠯᠲᠠᠶ ᠨᠢᠭ᠍ᠲᠠ ᠤᠶᠠᠯᠳᠤᠵᠤ᠂ ᠮᠠᠰᠢ ᠴᠢᠩᠭ᠎ᠠ ᠴᠢᠭ᠌ᠯᠡᠬᠦᠯᠦᠯᠳᠤ ᠴᠢᠨᠠᠷ᠂ ᠵᠢᠯᠣᠭᠣᠳᠭᠤ ᠴᠢᠨᠠᠷᠲᠠᠶ ᠪᠤᠯᠪᠠ᠃
《ᠤᠬᠠᠭᠤᠯᠤᠨ ᠲᠠᠢᠯᠪᠤᠷᠢᠯᠠᠬᠤ ᠵᠢ ᠰᠣᠨᠣᠰᠭᠤ ᠪᠡᠷ ᠳᠠᠮᠵᠢᠨ᠂ ᠱᠢᠨ᠎ᠡ ᠵᠢ ᠡᠭᠦᠳᠬᠦ᠌ ᠵᠣᠷᠢᠭ ᠰᠠᠨᠠᠭ᠎ᠠ ᠪᠡᠷ ᠥᠭᠡᠷᠡᠴᠢᠯᠡᠯᠲᠡ ᠵᠢ ᠠᠬᠢᠭᠤᠯᠬᠤ ᠢᠲᠡᠭᠡᠯ ᠵᠣᠷᠢᠭ ᠪᠠ ᠡᠷᠴᠢ ᠵᠣᠷᠢᠭ ᠤᠯᠠᠮ ᠴᠢᠡᠭᠭᠠᠷᠠᠵᠠᠢ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠶ᠋ᠢᠨ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠰᠠᠢᠲᠤᠷ ᠰᠤᠷᠤᠯᠴᠠᠨ ᠤᠬᠠᠭᠤᠯᠬᠤ ᠵᠢ ᠨᠢᠭᠡᠳᠦᠮᠡᠯ ᠹᠷᠣᠨᠲ ᠤ᠋ᠨ ᠤᠬᠠᠭᠤᠯᠭ᠎ᠠ ᠶ᠋ᠢᠨ ᠠᠵᠢᠯ ᠤ᠋ᠨ ᠴᠢᠬᠤᠯᠠ ᠶᠡᠬᠡ ᠶᠠᠪᠤᠳᠠᠯ ᠪᠤᠯᠭᠠᠨ᠂ ᠬᠥᠮᠦᠵᠢᠯ ᠪᠤᠯᠪᠠᠰᠤᠷᠠᠯ ᠤ᠋ᠨ ᠬᠢᠴᠢᠶᠡᠯᠦᠨ ᠲᠣᠬᠢᠷᠠᠭᠤᠯᠤᠯᠲᠠ᠂ ᠵᠢᠭᠠᠨ ᠰᠤᠷᠭᠠᠯᠲᠠ ᠶ᠋ᠢᠨ ᠠᠭᠤᠯᠭ᠎ᠠ ᠳ᠋ᠦ ᠨᠠᠢᠳᠠᠪᠤᠷᠢᠵᠢᠭᠤᠯᠵᠤ᠂ ᠰᠤᠷᠤᠯᠴᠠᠨ ᠤᠬᠠᠭᠤᠯᠬᠤ ᠬᠡᠯᠪᠡᠷᠢ ᠪᠠ ᠠᠭᠤᠯᠭ᠎ᠠ ᠵᠢ ᠪᠠᠶᠠᠯᠢᠭ᠍ᠵᠢᠭᠤᠯᠤᠨ᠂ ᠨᠢᠭᠡᠳᠦᠮᠡᠯ ᠹᠷᠣᠨᠲ ᠤ᠋ᠨ ᠺᠠᠳ᠋ᠷ ᠪᠣᠯᠤᠨ ᠥᠷᠭᠡᠨ ᠣᠯᠠᠨ ᠨᠢᠭᠡᠳᠦᠮᠡᠯ ᠹᠷᠣᠨᠲ ᠤ᠋ᠨ ᠪᠦᠷᠢᠯᠳᠦᠬᠦᠨᠦ ᠶᠡᠷᠦᠩᠬᠡᠶ ᠱᠦᠵᠢ ᠰᠢ ᠵᠢᠨ ᠫᠢᠩᠦᠨ ᠥᠭᠡᠷᠡᠴᠢᠯᠡᠯᠲᠡ ᠵᠢ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠲᠤᠬᠠᠶ ᠠᠯᠢ ᠣᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ ᠶ᠋ᠢᠨ ᠣᠢᠯᠠᠭᠠᠯᠲᠠ ᠪᠠ ᠡᠵᠡᠮᠱᠢᠯ ᠢ᠋ ᠲᠠᠰᠤᠷᠠᠯᠲᠠ ᠥᠬᠡᠶ ᠴᠢᠩᠭᠠᠳᠭᠠᠵᠤ᠂ ᠨᠢᠭᠡᠳᠦᠮᠡᠯ ᠹᠷᠣᠨᠲ ᠤ᠋ᠨ ᠡᠯ᠎ᠡ ᠬᠦᠷᠢᠶᠡᠨᠳᠡᠬᠢ ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ᠋ ᠨᠡᠡᠭ ᠦᠷᠭᠡᠨ ᠶ᠋ᠢᠡᠷ ᠳᠠᠢᠴᠢᠯᠠᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠶ᠋ᠢᠨ ᠨᠢᠭᠡᠳᠦᠮᠡᠯ ᠹᠷᠣᠨᠲ ᠤ᠋ᠨ ᠬᠡᠯᠲᠡᠰᠦᠨ ᠤᠬᠠᠭᠤᠯᠭ᠎ᠠ ᠬᠥᠮᠦᠵᠢᠯᠦᠨ ᠭᠠᠵᠠᠷ ᠤ᠋ᠨ ᠳᠠᠷᠤᠭ᠎ᠠ ᠶᠠᠩ ᠵᠢᠶ᠍ᠸ ᠢᠯᠡᠷᠬᠡᠢᠯᠡᠪᠡ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠤᠷᠪᠠᠳᠤᠭᠠᠷ ᠡᠮᠨᠡᠯᠭᠡ ᠶ᠋ᠢᠨ ᠬᠣᠷᠢᠶ᠎ᠠ ᠶ᠋ᠢᠨ ᠡᠷᠳᠡᠮ ᠱᠢᠨᠵᠢᠯᠡᠭᠡᠨᠦ ᠮᠡᠳᠡᠭᠦᠯᠦᠯᠲᠡ ᠶ᠋ᠢᠨ ᠲᠢᠩᠬᠢᠮᠳᠦ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠵᠥᠪᠯᠡᠯᠦᠨ ᠡᠷᠬᠢᠯᠡᠭ᠌ᠴᠢ ᠯᠢᠦ ᠶᠦᠩ ᠶᠡᠷᠦᠩᠬᠡᠶ ᠱᠦᠵᠢ ᠰᠢ ᠵᠢᠨ ᠫᠢᠩᠦᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠶ᠋ᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ 《ᠲᠣᠭ᠍ᠲᠠᠭᠠᠯ》 ᠤ᠋ᠨ ᠲᠣᠭᠣᠷᠢᠨ ᠳ᠋ᠦ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ᠌ ᠲᠠᠯ᠎ᠠ ᠪᠡᠷ ᠭᠦᠨᠵᠡᠭᠡᠢᠷᠡᠭᠦᠯᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢ ᠠᠬᠢᠭᠤᠯᠬᠤ ᠴᠠᠭ ᠦᠶ᠎ᠡ ᠶ᠋ᠢᠨ ᠠᠬᠤᠶ ᠪᠠᠢᠳᠠᠯ᠂ ᠲᠡᠦᠬᠡ ᠶ᠋ᠢᠨ ᠣᠷᠣᠨ ᠪᠠᠢᠷᠢ ᠪᠠ ᠡᠭᠦᠷᠭᠡ ᠬᠠᠷᠢᠭᠤᠴᠠᠯᠭ᠎ᠠ ᠵᠢ ᠲᠣᠳᠣᠷᠬᠠᠢᠯᠠᠨ ᠥᠭᠦᠯᠡᠵᠦ᠍᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠶ᠋ᠢᠨ ᠵᠢᠯᠣᠭᠣᠳᠭᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ ᠪᠠ ᠴᠢᠬᠤᠯᠠ ᠶᠡᠬᠡ ᠵᠠᠷᠴᠢᠮᠢ ᠲᠣᠳᠣᠷᠬᠠᠢᠯᠠᠨ ᠲᠠᠢᠯᠪᠤᠷᠢᠯᠠᠵᠤ᠂ 《ᠲᠣᠭ᠍ᠲᠠᠭᠠᠯ》 ᠳ᠋ᠤ ᠳᠤᠷᠠᠳᠤᠭ᠍ᠰᠠᠨ ᠴᠢᠬᠤᠯᠠ ᠴᠢᠬᠤᠯᠠ ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠠᠷᠭ᠎ᠠ ᠬᠡᠮᠵᠢᠶᠡᠳᠦ ᠭᠦᠨᠵᠡᠭᠡᠶ ᠲᠠᠢᠯᠤᠮᠵᠢ ᠬᠢᠪᠠ᠃ ᠯᠢᠦ ᠶᠦᠩ᠂ ᠰᠢ ᠵᠢᠨ ᠫᠢᠩᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠣᠯᠭᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩᠦᠨ ᠥᠪᠥᠷ ᠮᠣᠩᠭᠣᠯ ᠤ᠋ᠨ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠠ ᠳᠤᠮᠳᠠᠳᠤ ᠶ᠋ᠢᠨ ᠦᠨᠳᠦᠰᠦᠲᠡᠨᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷᠢ ᠪᠠᠲᠤ ᠴᠣᠭ᠍ᠴᠠᠯᠠᠬᠤ ᠠᠵᠢᠯ ᠤ᠋ᠨ ᠭᠣᠣᠯ ᠱᠢᠵᠢᠮᠢ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠬᠦᠷᠢᠶᠡᠨᠦ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ᠌ ᠲᠠᠯ᠎ᠠ ᠪᠡᠷ ᠭᠦᠨᠵᠡᠭᠡᠢᠷᠡᠭᠦᠯᠬᠦ᠌ ᠡᠯ᠎ᠡ ᠲᠠᠯ᠎ᠠ ᠪᠦᠬᠦ᠌ ᠶᠠᠪᠤᠴᠠ ᠳ᠋ᠦ ᠲᠤᠭᠤᠱᠢᠯᠠᠭᠤᠯᠬᠤ ᠬᠡᠷᠡᠭ᠌ᠲᠡᠢ᠃ ᠨᠠᠮ ᠤ᠋ᠨ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠠᠵᠢᠯᠳᠠᠬᠢ ᠪᠥᠬᠥ᠌ ᠲᠠᠯ᠎ᠠ ᠶ᠋ᠢᠨ ᠤᠳᠤᠷᠢᠳᠤᠯᠭ᠎ᠠ ᠵᠢ ᠢᠮᠠᠭ᠍ᠲᠠ ᠪᠠᠷᠢᠮᠲᠠᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠦᠶ᠋ᠯᠡᠰᠦᠨ ᠲᠦᠷᠭᠡᠨ ᠪᠥᠭᠡᠳ ᠯᠠᠪᠳᠠᠭᠤᠨ ᠤᠷᠤᠭ᠍ᠰᠢᠯᠠᠬᠤ ᠵᠢ ᠦᠨᠡᠨ ᠬᠦ᠌ ᠪᠠᠲᠤᠯᠠᠨ᠎ᠠ᠃ ᠱᠢᠨ᠎ᠡ ᠴᠠᠭ ᠦᠶ᠎ᠡ ᠶ᠋ᠢᠨ ᠨᠠᠮ ᠤ᠋ᠨ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠠᠵᠢᠯ ᠤ᠋ᠨ ᠴᠢᠭ᠌ᠯᠡᠯᠲᠡ ᠵᠢ ᠭᠤᠢᠪᠢᠰᠢ ᠥᠬᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠶ᠋ᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠥᠬᠥᠳᠡ ᠬᠤᠷᠠᠯ ᠤ᠋ᠨ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ ᠶ᠋ᠢᠨ ᠬᠠᠷᠠᠯᠲᠠ ᠪᠣᠯᠤᠨ ᠡᠭᠦᠷᠭᠡ ᠠᠷᠭ᠎ᠠ ᠬᠡᠮᠵᠢᠶᠡᠲᠡᠶ ᠬᠠᠷᠭᠤᠭᠤᠯᠵᠤ᠂ ᠳᠤᠮᠳᠠᠳᠤ ᠤᠯᠤᠰ ᠤ᠋ᠨ ᠮᠠᠶᠢᠬᠤᠨ ᠣᠳᠣᠬᠢᠴᠢᠯᠠᠯᠲᠠ ᠭᠡᠬᠦ᠌ ᠭᠤᠤᠯ ᠰᠡᠳᠦᠪᠦᠨ ᠲᠣᠭᠣᠷᠢᠨ ᠳ᠋ᠦ ᠴᠢᠨᠠᠷ ᠰᠠᠢᠲᠠᠶ ᠬᠥᠭ᠌ᠵᠢᠯᠲᠡ ᠵᠢ ᠪᠠᠷᠢᠮᠲᠠᠯᠠᠵᠤ᠂ ᠲᠥᠪ ᠭᠤᠤᠯᠴᠢ ᠱᠢᠳᠤᠷᠭᠤ ᠶᠣᠰᠣ ᠵᠢ ᠪᠠᠷᠢᠮᠲᠠᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠠᠵᠢᠯ ᠤ᠋ᠨ ᠪᠣᠳᠠᠲᠤ ᠪᠠᠢᠳᠠᠯᠲᠠᠶ ᠤᠶᠠᠯᠳᠤᠭᠤᠯᠤᠨ᠂ ᠥᠭᠡᠷᠡᠴᠢᠯᠡᠯᠲᠡ ᠵᠢ ᠤᠯᠠ ᠨᠢᠭᠡ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠪᠣᠳᠠᠲᠠᠶ ᠡᠭᠦᠷᠭᠡ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠭᠤ ᠬᠡᠷᠡᠭ᠌ᠲᠡᠶ ᠭᠡᠵᠦ ᠢᠯᠡᠳᠭᠡᠪᠡ᠃
《ᠡᠨᠡ ᠤᠳᠠᠭ᠎ᠠ ᠶ᠋ᠢᠨ ᠤᠬᠠᠭᠤᠯᠤᠨ ᠲᠠᠢᠯᠪᠤᠷᠢᠯᠠᠬᠤ ᠢᠯᠡᠳᠬᠡᠯ ᠤ᠋ᠨ ᠭᠣᠣᠯ ᠰᠡᠳᠦᠪ ᠢᠯᠡ ᠲᠣᠳᠣ ᠂ ᠠᠭᠤᠯᠭ᠎ᠠ ᠪᠠᠶᠠᠯᠢᠭ᠂ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ᠂ ᠪᠢᠳᠡᠨ ᠤ᠋ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠶ᠋ᠢᠨ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ᠳᠦ ᠮᠠᠰᠢ ᠰᠠᠢ᠌ᠨ ᠵᠢᠯᠤᠭᠤᠳᠤᠯᠭ᠎ᠠ ᠬᠠᠩᠭᠠᠵᠠᠢ᠃ ᠪᠢᠳᠡ ᠠᠵᠢᠯ ᠤ᠋ᠨ ᠪᠠᠢᠷᠢ ᠶ᠋ᠢᠨ ᠡᠭᠦᠷᠭᠡ ᠬᠠᠷᠢᠭᠤᠴᠠᠯᠭᠠᠳᠠᠭᠠᠨ ᠰᠠᠭᠤᠷᠢᠯᠠᠨ᠂ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠮᠵᠢ ᠵᠢᠨ ᠥᠭᠡᠷᠡᠴᠢᠯᠡᠯᠲᠡ ᠶ᠋ᠢᠨ ᠱᠢᠨ᠎ᠡ ᠱᠠᠭᠠᠷᠳᠠᠯᠭ᠎ᠠ ᠱᠢᠨ᠎ᠡ ᠪᠠᠢᠷᠢᠯᠠᠭᠤᠯᠤᠯᠲᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠷᠡᠭᠦᠯ ᠡᠩᠬᠡ ᠥᠪᠥᠷ ᠮᠣᠩᠭᠣᠯ ᠤ᠋ᠨ ᠠᠵᠢᠯᠯᠠᠭ᠎ᠠ ᠵᠢ ᠶᠡᠬᠡ ᠪᠡᠷ ᠬᠡᠷᠡᠭ᠌ᠵᠢᠭᠦᠯᠦᠨᠡ》 ᠭᠡᠵᠦ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠵᠥᠪᠯᠡᠯᠦᠨ ᠬᠥᠮᠦᠨ ᠠᠮᠠ ᠬᠡᠷ ᠪᠦᠯᠢ ᠬᠢᠭᠡᠳ ᠨᠠᠰᠤᠲᠠᠢᠴᠤᠳ ᠤ᠋ᠨ ᠡᠷᠡᠭᠦᠯ ᠮᠡᠨᠳᠦ᠍ ᠶ᠋ᠢᠨ ᠭᠠᠵᠠᠷ ᠤ᠋ᠨ ᠳᠠᠷᠤᠭ᠎ᠠ ᠯᠢᠦ ᠶᠢᠩ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃