2024-08-22 09:46:05
8 ᠰᠠᠷ᠎ᠠ᠎ᠶ᠋ᠢᠨ 19 ᠡᠴᠡ 20᠎ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ᠎ᠦᠨ ᠱᠢᠰᠲᠸᠮ ᠨᠢᠭᠡᠴᠢ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠲᠤᠰ ᠲᠤᠰ ᠬᠥᠬᠡᠬᠣᠲᠠ᠂ ᠤᠯᠠᠭᠠᠨᠬᠠᠳᠠ ᠬᠣᠲᠠ᠂ ᠱᠢᠯᠢ᠎ᠶ᠋ᠢᠨ ᠭᠤᠤᠯ ᠠᠢᠮᠠᠭ᠂ ᠦᠬᠠᠶ ᠬᠣᠲᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠯᠳᠠ ᠬᠢᠪᠠ᠃
8 ᠰᠠᠷ᠎ᠠ᠎ᠶ᠋ᠢᠨ 19 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ ᠬᠦᠷᠲᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠭᠣᠶᠣ ᠠᠵᠢᠯᠲᠠᠨ ᠰᠦᠨ ᠵᠢᠨ ᠯᠦᠩ ᠬᠥᠬᠡᠬᠣᠲᠠ᠎ᠶ᠋ᠢᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠠᠵᠢᠯ ᠲᠥᠷᠥᠯ᠎ᠦᠨ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ᠎ᠳᠤ ᠢᠷᠡᠵᠦ᠍᠂《ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠤᠨ ᠱᠢᠨ᠎ᠡ᠎ᠶ᠋ᠢ ᠡᠭᠦᠳᠬᠦ᠌ ᠦᠷ᠎ᠡ ᠪᠦᠲᠦᠮᠵᠢ᠎ᠶ᠋ᠢ ᠡᠭᠦᠳᠬᠦ᠌᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠬᠦ᠌ ᠰᠡᠳᠦᠪ᠎ᠢᠶᠡᠷ᠂ ᠲᠣᠰ ᠪᠡᠶ᠎ᠡ᠎ᠶ᠋ᠢᠨ ᠦᠰᠦᠨ ᠪᠣᠢᠵᠢᠭ᠍ᠰᠠᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠵᠢᠯᠣᠭᠣᠴᠢ᠎ᠶ᠋ᠢᠨ ᠲᠥᠯᠥᠭᠡᠯᠡᠭ᠌ᠴᠢ ᠵᠡᠷᠭᠡ ᠠᠵᠢᠯ ᠣᠯᠭᠣᠯᠲᠠ᠎ᠶ᠋ᠢᠨ ᠱᠢᠨ᠎ᠡ ᠬᠡᠯᠪᠡᠷᠢ ᠪᠠᠢᠳᠠᠯ᠎ᠤᠨ ᠬᠥᠳᠡᠯᠮᠦᠷᠢᠴᠢᠳ᠎ᠲᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤᠨ᠎ᠤ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ ᠳ᠋ᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠳᠡᠳ᠋ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠳᠡᠭᠡᠳ᠎ᠤᠨ ᠬᠤᠯᠪᠤᠭᠠᠳᠤ ᠬᠤᠷᠠᠯ᠎ᠤᠨ ᠤᠤᠯ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠬᠤ᠌ ᠢ ᠬᠤᠸᠠ ᠫᠷᠤᠹᠧᠰᠰᠤᠷ《ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠦᠨᠳᠦᠰᠦᠨ ᠬᠥᠳᠡᠯᠭᠡᠬᠴᠢ ᠬᠦᠴᠦᠨ ᠪᠠ ᠲᠦᠷᠢᠮ᠎ᠦᠨ ᠪᠠᠲᠤᠯᠠᠭ᠎ᠠ ᠬᠠᠩᠭᠠᠨ᠎ᠠ — ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠲᠠᠢᠯᠤᠮᠵᠢ》 ᠭᠡᠬᠦ᠌ ᠰᠡᠳᠦᠪ᠎ᠢᠶᠡᠷ ᠤᠯᠠᠭᠠᠨᠬᠠᠳᠠ ᠬᠣᠲᠠ᠎ᠶ᠋ᠢᠨ ᠳᠥᠷᠪᠡᠨ ᠲᠡᠰ ᠤ᠋ᠨ ᠲᠤᠰᠭᠠᠢ ᠲᠤᠱᠢᠶᠠᠯ᠎ᠳᠤ ᠪᠤᠶᠤ ᠲᠤᠰᠢᠶᠠᠯ ᠬᠠᠪᠰᠤᠷᠭᠠᠭᠰᠠᠨ ᠡᠮᠡᠭ᠌ᠲᠡᠢᠴᠦᠳ᠎ᠦᠨ ᠬᠣᠯᠪᠣᠭ᠎ᠠ ᠵᠢᠨ ᠺᠠᠳ᠋ᠷ ᠵᠢᠴᠢ 《3·8》 ᠤ᠋ ᠤᠯᠠᠭᠠᠨ ᠲᠤᠭ᠍ᠴᠢ᠂ ᠬᠠᠮᠤᠭ᠎ᠤᠨ ᠭᠣᠶᠣ ᠬᠡᠷ ᠪᠦᠯᠢ ᠵᠡᠷᠭᠡ ᠡᠮᠡᠭ᠌ᠲᠡᠢᠴᠦᠳ᠎ᠦᠨ ᠬᠣᠯᠪᠣᠭ᠎ᠠ ᠵᠢᠨ ᠱᠢᠰᠲ᠋ᠧᠮ᠎ᠦᠨ ᠢᠷᠠᠭᠤ ᠠᠯᠳᠠᠷᠲᠤ ᠲᠥᠯᠥᠭᠡᠯᠡᠭ᠌ᠴᠢᠳ᠎ᠲᠦ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃
8 ᠰᠠᠷ᠎ᠠ᠎ᠶ᠋ᠢᠨ 20 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠵᠣᠣ ᠵᠢᠩ ᠬᠤᠸᠠ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠪᠥᠬᠥ᠌ ᠨᠠᠮ᠎ᠤᠨ ᠭᠡᠱᠢᠭᠦᠨ ᠺᠠᠳ᠋ᠷ᠎ᠲᠤ ᠤᠬᠠᠭᠤᠯᠤᠨ ᠲᠠᠢᠯᠪᠤᠷᠢᠯᠠᠵᠤ᠂ ᠭᠤᠤᠯᠳᠠᠭᠤ 《ᠶᠠᠭᠤᠨ᠎ᠳᠤ ᠡᠨᠡ ᠤᠳᠠᠭ᠎ᠠ᠎ᠶ᠋ᠢᠨ ᠪᠥᠬᠥᠳᠡ ᠬᠤᠷᠠᠯ᠎ᠢ ᠬᠤᠷᠠᠯᠳᠤᠭᠤᠯᠤᠭᠰᠠᠨ᠂ ᠪᠥᠬᠥᠳᠡ ᠬᠤᠷᠠᠯ᠎ᠡᠴᠡ ᠶᠠᠮᠠᠷ ᠱᠠᠭᠠᠷᠳᠠᠯᠭ᠎ᠠ ᠳᠤᠷᠠᠳᠤᠭᠰᠠᠨ᠂ ᠪᠥᠬᠥᠳᠡ ᠬᠤᠷᠠᠯ᠎ᠡᠴᠡ ᠶᠠᠮᠠᠷ ᠲᠣᠭ᠍ᠲᠠᠭᠠᠯ ᠭᠠᠷᠭᠠᠬᠰᠠᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠨᠠᠢᠳᠠᠪᠤᠷᠢᠵᠢᠭᠤᠯᠬᠤ ᠲᠤᠬᠠᠢ》 ᠳᠥᠷᠪᠡᠨ ᠲᠠᠯ᠎ᠠ᠎ᠶ᠋ᠢᠨ ᠲᠣᠭᠣᠷᠢᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠣᠳᠣᠷᠬᠠᠢᠯᠠᠨ ᠲᠠᠢᠯᠪᠤᠷᠢᠯᠠᠪᠠ᠃
ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠳᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠦᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠹᠠᠩ ᠢᠦᠶ ᠳ᠋ᠦᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠪᠥᠬᠥᠳᠡ ᠬᠤᠷᠠᠯ᠎ᠤᠨ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠵᠡᠷᠭᠡ 4 ᠪᠦᠯᠦᠭ ᠬᠤᠪᠢᠶᠠᠨ ᠤᠬᠠᠭᠤᠯᠤᠨ ᠲᠠᠢᠯᠪᠤᠷᠢᠯᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ ᠤᠰᠤᠨ ᠴᠠᠬᠢᠯᠭᠠᠨ᠎ᠤ ᠬᠠᠢᠨ ᠬᠡᠮᠵᠢᠯᠲᠡ ᠵᠢᠷᠤᠭ ᠲᠥᠯᠥᠪᠯᠡᠭᠡ᠎ᠶ᠋ᠢᠨ ᠬᠦᠷᠢᠶᠡᠯᠡᠩ᠎ᠦᠨ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ ᠤᠰᠤᠨ ᠴᠠᠬᠢᠯᠭᠠᠨ᠎ᠤ ᠬᠠᠢᠨ ᠬᠡᠮᠵᠢᠯᠲᠡ ᠵᠢᠷᠤᠭ ᠲᠥᠯᠥᠪᠯᠡᠭᠡ᠎ᠶ᠋ᠢᠨ ᠬᠦᠷᠢᠶᠡᠯᠡᠩ᠎ᠦᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠰᠤ᠌ ᠰᠦᠸᠸ ᠯᠦᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠳᠤ ᠭᠦᠨᠵᠡᠭᠡᠶ ᠲᠠᠢᠯᠤᠮᠵᠢ ᠬᠢᠬᠦ᠌᠎ᠶ᠋ᠢᠨ ᠬᠠᠮᠲᠤ ᠶᠡᠷᠦᠩᠬᠡᠶ ᠱᠦᠵᠢ ᠰᠢ ᠵᠢᠨ ᠫᠢᠩ᠎ᠦᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ ᠬᠥᠭ᠌ᠵᠢᠭᠦᠯᠦᠯᠳᠡ ᠪᠠ ᠨᠠᠮ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠥᠭᠦᠯᠡᠯᠲᠡ᠎ᠲᠡᠶ ᠤᠶᠠᠯᠳᠤᠭᠤᠯᠵᠤ᠂ ᠣᠯᠠᠨ᠎ᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ ᠬᠥᠭ᠌ᠵᠢᠭᠦᠯᠦᠯᠳᠡᠶ᠋ᠢ ᠠᠬᠢᠭᠤᠯᠬᠤ ᠡᠯ᠎ᠡ ᠵᠦᠶ᠋ᠯ᠎ᠦᠨ ᠠᠵᠢᠯ᠎ᠯᠤᠭ᠎ᠠ ᠤᠶᠠᠯᠳᠤᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠬᠤ᠎ᠶ᠋ᠢ ᠠᠬᠢᠭᠤᠯᠬᠤ ᠬᠡᠷᠡᠭᠳᠡᠢ ᠭᠡᠵᠦ ᠵᠤᠷᠢᠭᠵᠢᠭᠤᠯᠪᠠ᠃
ᠱᠢᠯᠢ᠎ᠶ᠋ᠢᠨ ᠭᠤᠤᠯ ᠠᠢᠮᠠᠭ᠎ᠲᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠳᠤᠮᠳᠠᠳᠤ ᠤᠯᠤᠰ᠎ᠤᠨ ᠡᠮᠡᠭ᠌ᠲᠡᠢᠴᠦᠳ᠎ᠦᠨ ᠰᠣᠨᠢᠨ᠎ᠤ ᠬᠤᠷᠢᠶ᠎ᠠ ᠵᠢᠨ ᠥᠪᠥᠷ ᠮᠣᠩᠭᠣᠯ᠎ᠤᠨ ᠰᠤᠷᠪᠤᠯᠵᠢᠯᠠᠭ᠍ᠴᠢ᠎ᠶ᠋ᠢᠨ ᠥᠷᠲᠡᠭᠡ᠎ᠶ᠋ᠢᠨ ᠳᠠᠷᠤᠭ᠎ᠠ ᠸᠠᠩ ᠶᠦᠩ ᠴᠢᠨ ᠪᠥᠬᠥ᠌ ᠠᠢᠮᠠᠭ᠎ᠤᠨ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠺᠠᠳ᠋ᠷ ᠪᠣᠯᠤᠨ ᠥᠷᠭᠡᠨ ᠣᠯᠠᠨ ᠡᠮᠡᠭ᠌ᠲᠡᠢᠴᠤᠳ ᠲᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠡᠮᠡᠭ᠌ᠲᠡᠢᠴᠦᠳ᠎ᠦᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠠᠮᠢᠳᠤᠯᠢᠭ ᠬᠡᠷᠡᠭ᠎ᠦᠨ ᠵᠢᠱ᠌ᠢᠶ᠎ᠡ᠂ ᠲᠥᠬᠥᠮ ᠣᠢᠯᠠᠭᠠᠮᠵᠢᠲᠠᠶ ᠦᠭᠡ ᠬᠡᠯᠡ᠎ᠪᠡᠷ ᠳᠠᠮᠵᠢᠭᠤᠯᠤᠨ ᠥᠪᠥᠷ ᠮᠣᠩᠭᠣᠯ᠎ᠤᠨ ᠡᠮᠡᠭ᠌ᠲᠡᠢᠴᠦᠳ᠎ᠦᠨ ᠥᠯᠢᠭᠡᠷ᠎ᠢ ᠬᠡᠷᠬᠢᠨ ᠰᠠᠢᠲᠤᠷ ᠲᠠᠢᠯᠪᠤᠷᠢᠯᠠᠬᠤ ᠲᠤᠬᠠᠶ ᠤᠬᠠᠭᠤᠯᠤᠨ ᠲᠠᠢᠯᠪᠤᠷᠢᠯᠠᠵᠤ᠂ ᠣᠯᠠᠨ᠎ᠳᠤ ᠭᠦᠨ ᠰᠡᠩᠬᠡᠷᠡᠭᠦᠯᠦᠯ ᠣᠯᠭᠣᠪᠠ᠃
ᠦᠬᠠᠶ ᠬᠣᠲᠠ᠎ᠳᠤ ᠦᠨᠳᠦᠰᠦᠨ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠺᠠᠳ᠋ᠷ᠂ ᠭᠡᠷ ᠪᠦᠯᠢ᠎ᠶ᠋ᠢᠨ ᠬᠥᠮᠦᠵᠢᠯ᠎ᠦᠨ ᠵᠢᠯᠣᠭᠣᠳᠤᠭ᠍ᠴᠢ᠂ ᠦᠨᠳᠦᠰᠦᠨ ᠱᠠᠲᠤᠨ᠎ᠤ ᠡᠮᠡᠭ᠌ᠲᠡᠶ ᠤᠬᠠᠭᠤᠯᠤᠨ ᠲᠠᠢᠯᠪᠤᠷᠢᠯᠠᠭ᠍ᠴᠢ ᠳ᠋ᠤ ᠬᠠᠨᠳᠤᠵᠤ᠂ ᠤᠮᠠᠷᠠᠲᠤ ᠬᠢᠯᠢ᠎ᠶ᠋ᠢᠨ ᠡᠮᠡᠭ᠌ᠲᠡᠶ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠳᠡᠳ᠋ ᠳᠠᠷᠤᠭ᠎ᠠ᠂ ᠦᠬᠠᠶ ᠬᠣᠲᠠ᠎ᠶ᠋ᠢᠨ ᠨᠠᠮ᠎ᠤᠨ ᠬᠣᠷᠢᠶ᠎ᠠ ᠵᠢᠨ ᠯᠧᠺᠲ᠋ᠣᠷ᠎ᠤᠨ ᠪᠦᠯᠬᠦᠮ᠎ᠦᠨ ᠳᠡᠳ᠋ ᠳᠠᠷᠤᠭ᠎ᠠ ᠵᠢᠶᠠᠩ ᠬᠦᠶ ᡁᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠦᠨᠳᠦᠰᠦᠨ ᠲᠣᠢᠮᠣ ᠪᠠᠢᠳᠠᠯ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠦᠭᠡᠷᠡᠴᠢᠯᠡᠯᠳᠡ ᠵᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠬᠦᠨᠵᠡᠭᠡᠢᠷᠡᠬᠦᠯᠵᠦ᠂ ᠲᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠵᠢ ᠠᠬᠢᠭᠤᠯᠬᠤ ᠲᠤᠬᠠᠢ ᠲᠤᠮᠳᠠᠳᠤ ᠤᠯᠤᠰ ᠤ᠋ᠨ ᠡᠪ ᠬᠠᠮᠳᠤ ᠨᠠᠮ ᠤ᠋ᠨ ᠲᠦᠪ ᠬᠤᠷᠢᠶ᠎ᠠ ᠵᠢᠨ ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ᠂ ᠶᠡᠷᠦᠩᠬᠡᠶ ᠱᠦᠵᠢ ᠰᠢ ᠵᠢᠨ ᠫᠢᠩ᠎ᠦᠨ ᠭᠡᠷ ᠪᠦᠯᠢ᠎ᠶ᠋ᠢᠨ ᠬᠥᠮᠦᠵᠢᠯ ᠭᠡᠷ᠎ᠦᠨ ᠰᠤᠷᠲᠠᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠰᠤᠷᠤᠯᠴᠠᠬᠤ ᠵᠡᠷᠭᠡ ᠲᠠᠯ᠎ᠠ᠎ᠡᠴᠡ ᠭᠠᠷᠳᠠᠵᠤ᠂ ᠡᠮᠡᠭ᠌ᠲᠡᠢᠴᠦᠳ᠎ᠦᠨ ᠬᠣᠯᠪᠣᠭ᠎ᠠ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠶ ᠤᠶᠠᠯᠳᠤᠭᠤᠯᠤᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠳᠤ ᠭᠦᠨᠵᠡᠭᠡᠶ ᠨᠠᠷᠢᠯᠢᠭ ᠤᠬᠠᠭᠤᠯᠤᠨ ᠲᠠᠢᠯᠪᠤᠷᠢᠯᠠᠯᠳᠠ ᠬᠢᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃