2024-08-16 09:46:40
8 ᠰᠠᠷ᠎ᠠ᠎ᠶ᠋ᠢᠨ 14 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠪᠠᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠢ᠎ᠠ᠂ ᠬᠥᠯᠥᠨ ᠪᠤᠢ᠌ᠷ ᠬᠤᠳᠠ᠂ ᠬᠢᠩᠭᠠᠨ ᠠᠢᠮᠠᠭ᠎ᠲᠤ ᠬᠦᠷᠴᠤ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠪᠠᠢᠭᠤᠯᠭ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠨᠢᠭᠡᠳᠦᠭᠡᠷ ᠳᠡᠳ᠋ ᠵᠠᠬᠢᠷᠤᠯ ᠭᠤᠤ ᠽᠸ᠋ ᠬᠦᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ ᠬᠤᠷᠠᠯᠳᠤᠭᠰᠠᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠢ ᠲᠠᠨᠢᠬᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠣᠢᠯᠠᠭᠠᠬᠤ᠂ ᠪᠥᠬᠥᠳᠡ ᠬᠤᠷᠠᠯ᠎ᠤᠨ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ ᠶ᠋ᠢ ᠪᠢᠴᠢᠭ᠌ᠯᠡᠬᠦ᠌ ᠵᠡᠷᠭᠡ 4 ᠲᠠᠯ᠎ᠠ᠎ᠡᠴᠡ ᠭᠦᠨᠵᠡᠭᠡᠶ ᠪᠥᠭᠡᠳ ᠠᠮᠢᠳᠤᠯᠢᠭ ᠬᠠᠪᠰᠤᠷᠤᠨ ᠵᠢᠯᠣᠭᠣᠳᠭᠤ ᠮᠡᠳᠡᠭᠦᠯᠦᠯᠲᠡ ᠬᠢᠪᠠ᠃ ᠮᠡᠳᠡᠭᠦᠯᠦᠯᠲᠡ ᠨᠢ ᠯᠣᠭᠢᠭ ᠴᠢᠨᠠᠷ ᠵᠢᠠᠷ ᠨᠢᠭ᠍ᠲᠠ ᠴᠢᠩᠭ᠎ᠠ᠂ ᠠᠭᠤᠯᠤᠭ᠍ᠳᠠᠬᠤᠨ ᠨᠢ ᠭᠦᠨ ᠭᠦᠨᠵᠡᠭᠡᠶ᠂ ᠬᠢᠯᠪᠠᠷ ᠣᠢᠯᠠᠭᠠᠮᠵᠢᠲᠠᠶ ᠪᠠᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠣᠳᠭᠤ ᠴᠢᠨᠠᠷᠲᠠᠶ ᠪᠤᠯᠵᠠᠢ᠃
ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ)᠎ᠶ᠋ᠢᠨ ᠭᠤᠷᠪᠠᠳᠤᠭᠠᠷ ᠳᠡᠰ᠎ᠤᠨ ᠡᠷᠬᠢᠯᠡᠭ᠌ᠴᠢ ᠭᠡᠱᠢᠭᠦᠴᠢ ᠶᠤᠸᠠᠨ ᠢ᠎ᠶ᠋ᠢᠨ ᠮᠠᠰᠢ ᠬᠦᠨ ᠲᠥᠷᠥᠭ᠌ᠳᠡᠯ᠎ᠲᠡᠶ ᠪᠤᠯᠵᠠᠢ᠃ ᠲᠡᠷᠡ᠂ ᠵᠣᠬᠢᠶᠠᠨ ᠪᠠᠢᠭᠤᠯᠬᠤ ᠠᠵᠢᠯ᠎ᠤᠨ ᠵᠠᠯᠠᠭᠤ ᠺᠠᠳ᠋ᠷ ᠪᠣᠯᠤᠭ᠍ᠰᠠᠨ᠎ᠤ ᠬᠤᠪᠢ᠎ᠳᠤ᠂ ᠦᠵᠡᠯ ᠰᠠᠨᠠᠭ᠎ᠠ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠵᠤ᠂ ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠱᠢᠨ᠎ᠡ ᠴᠠᠭ ᠦᠶ᠎ᠡ ᠶ᠋ᠢᠨ ᠨᠠᠮ᠎ᠤᠨ ᠵᠣᠬᠢᠶᠠᠨ ᠪᠠᠢᠭᠤᠯᠬᠤ ᠱᠤᠭᠤᠮ᠎ᠢ ᠰᠤᠷᠤᠯᠴᠠᠨ ᠲᠤᠭᠤᠱᠢᠯᠠᠭᠤᠯᠬᠤ᠎ᠲᠠᠶ ᠣᠷᠭᠠᠨᠢᠭ᠎ᠢᠶᠠᠷ ᠤᠶᠠᠯᠳᠤᠭᠤᠯᠵᠤ᠂ 《ᠲᠡᠮᠦᠷ᠎ᠢ ᠳᠠᠪᠲᠠᠬᠤ᠎ᠳᠤ ᠥᠪᠡᠷ᠎ᠢᠶᠡᠨ ᠵᠠᠪᠠᠯ ᠬᠠᠲᠠᠭᠤ ᠪᠠᠢᠬᠤ》ᠬᠠᠷᠢᠭᠤᠴᠠᠯᠭᠠᠲᠤ ᠤᠬᠠᠮᠰᠠᠷ᠎ᠢ ᠦᠷᠭᠦᠯᠵᠢᠯᠡᠨ ᠴᠢᠩᠭᠠᠳᠭᠠᠵᠤ᠂ ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ᠎ᠪᠠᠷ ᠵᠣᠬᠢᠶᠠᠨ ᠪᠠᠢᠭᠤᠯᠬᠤ ᠠᠵᠢᠯ᠎ᠤᠨ ᠱᠢᠨ᠎ᠡ᠎ᠶ᠋ᠢ ᠡᠭᠦᠳᠴᠦ᠍ ᠲᠡᠷᠢᠭᠦᠨ᠎ᠦ ᠬᠢ ᠪᠤᠯᠬᠤ᠎ᠶ᠋ᠢ ᠠᠬᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠴᠢᠷᠮᠠᠢᠨ ᠰᠠᠢᠲᠤᠷ ᠪᠡᠶᠡᠯᠡᠭᠦᠯᠬᠦ᠌᠎ᠶ᠋ᠢᠨ ᠲᠥᠯᠥᠭᠡ ᠬᠦᠴᠦᠨ ᠴᠢᠳᠠᠯ᠎ᠢᠶᠠᠨ ᠡᠷᠭᠦᠨ᠎ᠠ ᠬᠡᠵᠠᠢ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠠᠷᠤᠭ᠎ᠠ ᠡᠸ᠋ ᠵᠧᠨ ᠴᠢᠩ 《ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠡᠴᠦᠰ᠎ᠲᠦᠨᠢ ᠲᠤᠯᠲᠠᠯ᠎ᠠ ᠬᠢᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠠ ᠲᠦᠷᠢᠮ᠎ᠦᠨ ᠪᠠᠲᠤᠯᠠᠭ᠎ᠠ ᠬᠠᠩᠭᠠᠶ᠎ᠠ》 ᠭᠡᠬᠦ᠌ ᠰᠡᠳᠦᠪ᠎ᠢᠶᠡᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ ᠵᠣᠷᠢᠭ ᠰᠠᠨᠠᠭᠠᠨ᠎ᠤ ᠠᠭᠤᠯᠤᠭ᠍ᠳᠠᠬᠤᠨ᠂ ᠥᠭᠡᠷᠡᠴᠢᠯᠡᠯᠲᠡ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠠᠨᠢᠬᠤ ᠵᠡᠷᠭᠡ ᠲᠠᠯ᠎ᠠ᠎ᠪᠠᠷ ᠭᠦᠨᠵᠡᠭᠡᠶ ᠱᠢᠰᠲ᠋ᠧᠮ᠎ᠲᠡᠶ ᠤᠬᠠᠭᠤᠯᠤᠨ ᠲᠠᠢᠯᠪᠤᠷᠢᠯᠠᠵᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠨᠠᠢᠳᠠᠪᠤᠷᠢᠵᠢᠭᠤᠯᠬᠤ ᠲᠤᠬᠠᠶ ᠰᠡᠳᠭᠢᠴᠡ ᠠᠷᠭ᠎ᠠ ᠬᠡᠮᠵᠢᠶ᠎ᠡ ᠳᠤᠷᠠᠳᠴᠠᠢ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠱᠢᠰᠲ᠋ᠧᠮ᠎ᠨᠢ ᠪᠥᠬᠥ᠌ ᠲᠠᠯ᠎ᠠ᠎ᠶ᠋ᠢᠨ᠂ ᠭᠤᠤᠯᠳᠠᠯᠭ᠎ᠠ᠎ᠨᠢ ᠲᠣᠪᠣᠢᠮ᠎ᠠ ᠪᠠᠢᠵᠤ ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠣᠢᠯᠠᠭᠠᠬᠤ᠎ᠳᠤ ᠮᠠᠰᠢ ᠴᠢᠩᠭ᠎ᠠ ᠪᠤᠳᠠᠳᠠᠢ ᠵᠢᠯᠣᠭᠣᠳᠭᠤ ᠴᠢᠨᠠᠷᠲᠠᠶ ᠪᠤᠯᠵᠦ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶ᠎ᠡ ᠴᠠᠷᠠᠭ᠎ᠠ ᠂ ᠲᠤᠬᠠᠢᠯᠠᠭ᠍ᠰᠠᠨ ᠠᠵᠢᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠦ ᠮᠠᠰᠢ ᠴᠢᠩᠭ᠎ᠠ ᠦᠶ᠋ᠯᠡᠳᠦᠯᠭᠡ ᠵᠢᠨ ᠭᠡᠷᠡᠭᠵᠢᠬᠦᠯᠬᠦᠢᠴᠡ ᠴᠢᠨᠠᠷ ᠲᠠᠶ ᠪᠤᠯᠵᠠᠢ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠶᠠᠰᠤ ᠴᠢᠨᠠᠷ᠎ᠤᠨ ᠬᠥᠭ᠌ᠵᠢᠭᠦᠯᠦᠯᠲᠡ᠎ᠶ᠋ᠢᠨ ᠲᠣᠪᠴᠢᠶ᠎ᠠ᠎ᠶ᠋ᠢᠨ ᠨᠢᠭᠡᠳᠦᠭᠡᠷ ᠳᠡᠰ᠎ᠤᠨ ᠡᠷᠬᠢᠯᠡᠭ᠌ᠴᠢ ᠭᠡᠱᠢᠭᠦᠴᠢ ᠳ᠋ᠦᠩ ᠪᠸᠢ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭᠠᠳ ᠂ ᠪᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠤᠬᠠᠶ ᠨᠠᠩ ᠭᠦᠨ ᠭᠦᠨᠵᠡᠭᠡᠶ ᠣᠢᠯᠠᠭᠠᠯᠲᠠ᠎ᠲᠠᠶ ᠪᠣᠯᠵᠠᠶ᠃ ᠪᠢ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠠᠵᠤ ᠠᠬᠤᠢᠯᠠᠯ ᠪᠠ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠵᠤ ᠂ ᠠᠵᠤ ᠠᠬᠤᠢᠯᠠᠯ᠎ᠤᠨ ᠶᠠᠰᠤ ᠴᠢᠨᠠᠷ᠎ᠤᠨ ᠴᠢᠳᠠᠪᠤᠷᠢᠳᠡᠨ᠎ᠢ ᠬᠥᠮᠦᠵᠢᠭᠦᠯᠬᠦ᠌᠂ ᠣᠯᠠᠨ ᠲᠦᠮᠡᠨᠴᠢ ᠴᠢᠨᠠᠷᠲᠠᠶ ᠶᠠᠰᠤ ᠴᠢᠨᠠᠷ᠎ᠤᠨ ᠠᠵᠢᠯᠯᠠᠭ᠎ᠠ ᠥᠷᠨᠢᠭᠦᠯᠬᠦ᠌᠎ᠶ᠋ᠢ ᠠᠬᠢᠭᠤᠯᠬᠤ ᠵᠡᠷᠭᠡ ᠰᠠᠭᠤᠷᠢ ᠠᠵᠢᠯ᠎ᠢ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠬᠡᠪᠠ᠃
ᠬᠥᠯᠥᠨ ᠪᠣᠢᠷ ᠬᠣᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠦᠨ ᠳᠠᠷᠤᠭ᠎ᠠ ᠭᠦᠸᠧ ᠵᠠᠨ ᠵᠢᠶᠠᠩ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠲᠡᠭᠡᠷ᠎ᠡ᠎ᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ《ᠲᠣᠭ᠍ᠲᠠᠭᠠᠯ》᠎ᠢ᠋ ᠭᠦᠨᠵᠡᠭᠡᠶ ᠰᠤᠷᠤᠯᠴᠠᠨ ᠣᠢᠯᠠᠭᠠᠬᠤ᠎ᠲᠠᠶ ᠨᠢᠭ᠍ᠲᠠ ᠤᠶᠠᠯᠳᠤᠭᠤᠯᠤᠨ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠂ ᠵᠢᠯᠣᠭᠣᠳᠭᠤ ᠦᠵᠡᠯ ᠰᠠᠨᠠᠭ᠎ᠠ᠂ ᠬᠠᠷᠠᠯᠲᠠ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠭᠦᠨᠵᠡᠭᠡᠶ ᠲᠠᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ ᠪᠣᠳᠠᠲᠠᠶ ᠱᠠᠭᠠᠷᠳᠠᠯᠭ᠎ᠠ᠎ᠶ᠋ᠢ ᠲᠣᠳᠣᠷᠬᠠᠢᠯᠠᠨ ᠲᠠᠢᠯᠪᠤᠷᠢᠯᠠᠪᠠ᠃
ᠬᠤᠷᠠᠯ᠎ᠳᠤ ᠣᠷᠣᠯᠴᠠᠭ᠍ᠰᠠᠳ ᠨᠠᠷᠢᠨ ᠬᠢᠨᠠᠮᠠᠭᠠᠢ ᠰᠣᠨᠣᠰᠴᠤ᠌᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨ ᠭᠦᠨᠴᠡ᠎ᠲᠡᠶ ᠪᠤᠯᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠤᠢ᠍ᠢᠯᠠᠭᠠᠨ ᠡᠵᠡᠮᠱᠢᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠳᠤ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠭᠡᠵᠦ᠍ ᠦᠵᠡᠵᠡᠭᠡᠪᠡ᠃
ᠬᠥᠯᠥᠨ ᠪᠤᠢ᠌ᠷ ᠬᠤᠳᠠ᠎ᠶ᠋ᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠳᠤᠪᠴᠢᠶ᠎ᠠ ᠵᠢᠨ ᠳᠡᠳ᠋ ᠳᠠᠷᠤᠭ᠎ᠠ ᠪᠠᠢ ᠶᠧ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ᠂ ᠠᠷᠭ᠎ᠠᠬᠡᠮᠵᠢᠶ᠎ᠡ ᠵᠢ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ ᠪᠡᠷ ᠠᠵᠢᠯ ᠵᠢᠡᠨ ᠦᠨᠳᠦᠷ ᠪᠦᠳᠦᠮᠵᠢᠳᠡᠢ ᠠᠬᠢᠭᠤᠯᠬᠤ᠎ᠳᠦ ᠵᠢᠯᠤᠭᠤᠳᠤᠯᠭ᠎ᠠ ᠪᠣᠯᠭᠠᠨ ᠬᠤᠪᠢᠷᠠᠭᠤᠯᠤᠨ᠎ᠠ ᠬᠡᠪᠡ᠃ ᠮᠡᠳᠡᠭᠦᠯᠦᠯᠲᠡ᠎ᠶ᠋ᠢᠨ ᠬᠤᠷᠠᠯ᠎ᠠᠴᠠ ᠡᠮᠦᠨ᠎ᠡ᠂ ᠭᠦᠸᠧ ᠵᠠᠨ ᠵᠢᠶᠠᠩ ᠬᠠᠭᠤᠴᠢᠨ ᠪᠠᠷᠭᠤ ᠬᠣᠱᠢᠭᠤᠨ᠎ᠤ ᠪᠠᠶᠠᠨ ᠪᠦᠷᠢᠳᠦ ᠭᠠᠴᠠᠭ᠎ᠠ᠎ᠳᠤ ᠬᠦᠷᠴᠦ᠍᠂ ᠮᠠᠯ ᠠᠵᠤ ᠠᠬᠤᠶ᠎ᠶ᠋ᠢᠨ ᠨᠡᠢᠭᠡᠮᠴᠢᠯᠡᠭ᠌ᠰᠡᠨ ᠦᠶ᠋ᠯᠡᠴᠢᠯᠡᠭᠡ ᠥᠷᠨᠢᠭᠦᠯᠦᠭ᠌ᠰᠡᠨ ᠪᠠᠢᠳᠠᠯ᠎ᠢ ᠣᠢᠯᠠᠭᠠᠵᠤ᠂ ᠮᠠᠯᠴᠢᠳ᠎ᠲᠠᠶ ᠨᠢᠭᠤᠷᠳᠠᠨ ᠶᠠᠷᠢᠯᠴᠠᠪᠠ᠃
ᠬᠢᠩᠭᠠᠨ ᠠᠢᠮᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠪᠤᠷᠢ᠎ᠶ᠋ᠢᠨ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ 《ᠲᠣᠭ᠍ᠲᠠᠭᠠᠯ》 ᠳ᠋ᠦ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠢ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ 4 ᠲᠠᠯ᠎ᠠ᠎ᠠᠴᠠ ᠱᠢᠰᠲ᠋ᠧᠮ᠎ᠲᠡᠶ ᠲᠠᠢᠯᠪᠤᠷᠢᠯᠠᠨ ᠭᠦᠨᠵᠡᠭᠡᠢ ᠲᠣᠳᠣᠷᠬᠠᠢᠯᠠᠨ ᠥᠭᠦᠯᠡᠪᠡ᠃ ᠬᠤᠷᠠᠯ᠎ᠳᠤ ᠣᠷᠣᠯᠴᠠᠭ᠍ᠰᠠᠳ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠬᠠᠷᠠᠭᠠᠰᠦ ᠨᠢ ᠥᠷᠭᠡᠨ᠂ ᠠᠭᠤᠯᠭ᠎ᠠ ᠨᠢ ᠪᠠᠶᠠᠯᠢᠭ ᠪᠤᠯᠵᠠᠢ ᠬᠡᠵᠦ ᠢᠯᠡᠳᠭᠡᠵᠡᠭᠡᠪᠡ᠃
ᠮᠡᠳᠡᠭᠦᠯᠦᠯᠲᠡ᠎ᠶ᠋ᠢᠨ ᠬᠤᠷᠠᠯ᠎ᠤᠨ ᠳᠠᠷᠠᠭ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠤᠯᠠᠭᠠᠨᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠳᠤ ᠬᠦᠷᠴᠦ᠍᠂ ᠨᠤᠲᠤᠭ᠎ᠲᠠᠭᠠᠨ ᠪᠤᠴᠠᠵᠤ ᠦᠶ᠋ᠯᠡᠰ ᠪᠤᠰᠭᠠᠬᠰᠠᠨ ᠣᠶᠤᠲᠠᠨ᠂ ᠱᠢᠨ᠎ᠡ᠎ᠪᠡᠷ ᠠᠵᠢᠯ ᠣᠯᠤᠭ᠍ᠰᠠᠨ ᠬᠥᠮᠦᠰ᠎ᠦᠨ ᠲᠥᠯᠥᠭᠡᠯᠡᠭ᠌ᠴᠢ᠂ ᠦᠨᠳᠦᠰᠦᠨ ᠱᠠᠲᠤᠨ᠎ᠤ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠴᠤᠩᠬᠤᠪᠴᠢ᠎ᠶ᠋ᠢᠨ ᠠᠵᠢᠯᠲᠠᠨ ᠵᠡᠷᠭᠡ᠎ᠲᠡᠶ ᠨᠢᠭᠤᠷᠳᠠᠨ ᠰᠠᠨᠠᠯ᠎ᠢᠶᠠᠨ ᠰᠣᠯᠢᠯᠴᠠᠵᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠂ ᠲᠡᠭᠦᠰᠭᠦ ᠤᠶᠤᠲᠠᠳ᠎ᠤᠨ ᠠᠵᠢᠯ ᠣᠯᠵᠤ ᠦᠶ᠋ᠯᠡᠰ ᠪᠤᠰᠭᠠᠬᠤ ᠵᠡᠷᠭᠡ ᠠᠰᠠᠭᠤᠳᠠᠯ᠎ᠤᠨ ᠲᠤᠬᠠᠶ ᠨᠢᠭᠡᠳ ᠨᠢᠭᠡ᠎ᠪᠡᠷ ᠲᠣᠳᠣᠷᠬᠠᠢᠯᠠᠨ ᠲᠠᠢᠯᠪᠤᠷᠢᠯᠠᠪᠠ᠃ ᠤᠯᠠᠭᠠᠨᠬᠣᠲᠠ᠎ᠶ᠋ᠢᠨ ᠬᠢᠩᠭᠠᠨ ᠠᠳᠠᠯ ᠠᠬᠤᠢ ᠵᠢᠨ ᠦᠢᠯᠡᠴᠢᠯᠡᠭᠡᠨ᠎ᠦ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ᠎ᠶ᠋ᠢᠨ ᠲᠤᠰᠠᠯᠠᠭ᠍ᠴᠢ ᠸᠠᠩ ᠯᠢ ᠯᠢ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ᠄ 《ᠮᠠᠰᠢ ᠶᠡᠬᠡ ᠰᠡᠩᠬᠡᠷᠡᠭᠦᠯᠦᠯ ᠣᠯᠵᠤ᠂ ᠮᠠᠰᠢ ᠶᠡᠬᠡ ᠵᠣᠷᠢᠭ᠍ᠵᠢᠭᠤᠯᠤᠯ ᠬᠦᠷᠳᠡᠵᠡᠢ᠃ ᠠᠳᠠᠯ ᠠᠬᠤᠢ ᠵᠢᠨ ᠠᠵᠢᠯᠯᠠᠭ᠍ᠴᠢ ᠪᠣᠯᠤᠭ᠍ᠰᠠᠨ᠎ᠤ ᠬᠤᠪᠢ᠎ᠳᠤ᠂ ᠬᠣᠢᠱᠢᠳᠠ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ ᠪᠣᠯᠤᠨ ᠠᠵᠢᠯ᠎ᠤᠨ ᠪᠠᠢᠷᠢ ᠳ᠋ᠦ ᠲᠣᠮᠢᠯᠠᠬᠤ ᠠᠵᠢᠯ ᠣᠯᠭᠣᠬᠤ ᠲᠠᠯ᠎ᠠ᠎ᠪᠠᠷ ᠦᠷᠭᠦᠯᠵᠢᠯᠡᠨ ᠶᠠᠰᠤ ᠴᠢᠨᠠᠷᠵᠢᠡᠨ ᠳᠡᠭᠡᠭ᠌ᠰᠢᠯᠡᠭᠦᠯᠦᠨ ᠪᠠᠭ᠍ᠲᠠᠭᠠᠮᠵᠢ᠎ᠶ᠋ᠢ ᠥᠷᠭᠡᠳᠭᠡᠵᠦ᠍᠂ ᠨᠡᠩ ᠭᠦᠢᠴᠡᠳ ᠨᠡᠩ ᠴᠢᠨᠠᠷ ᠰᠠᠢᠲᠠᠢ ᠠᠵᠢᠯ ᠣᠯᠭᠣᠯᠲᠠ᠎ᠶ᠋ᠢ ᠪᠡᠶᠡᠯᠡᠭᠦᠯᠬᠦ᠌᠎ᠳᠦ ᠬᠤᠪᠢ ᠨᠡᠮᠡᠷᠢ ᠦᠵᠡᠭᠦᠯᠦᠨ᠎ᠡ》 ᠭᠡᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃