2024-08-25 11:38:30
8 ᠰᠠᠷ᠎ᠠ᠎ᠶ᠋ᠢᠨ 21 ᠡᠴᠡ 22 ᠤ᠋ᠨ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠂ ᠦᠬᠠᠢ ᠬᠤᠳᠠ᠎ᠳᠤ ᠤᠬᠠᠭᠤᠯᠤᠨ ᠲᠠᠢᠯᠪᠤᠷᠢᠯᠠᠪᠠ᠃
8 ᠰᠠᠷ᠎ᠠ᠎ᠶ᠋ᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠳ᠋ᠦ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠠᠮ᠎ᠤᠨ ᠬᠣᠷᠢᠶᠠᠨ᠎ᠤ ᠱᠦᠵᠢ ᠵᠢᠶᠠᠨ ᠱᠢᠶᠤᠤ ᠸᠸᠨ 《ᠪᠠᠢᠴᠠᠭᠠᠬᠤ ᠠᠵᠢᠯ᠎ᠤᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠲᠤᠯᠭᠠᠭᠤᠷᠢᠯᠠᠬᠤ ᠪᠠ ᠲᠡᠭᠦᠨ᠎ᠳᠦ ᠦᠶ᠋ᠯᠡᠴᠢᠯᠡᠬᠦ᠌》 ᠭᠤᠤᠯ ᠰᠡᠳᠦᠪ᠎ᠦᠨ ᠲᠣᠭᠣᠷᠢᠨ᠎ᠳᠤ ᠭᠤᠤᠯᠳᠠᠭᠤ ᠡᠨᠡ ᠤᠳᠠᠭᠠᠨ᠎ᠤ ᠪᠥᠬᠥᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠴᠠᠭ ᠦᠶ᠎ᠡ᠎ᠳᠦ ᠬᠤᠷᠠᠯᠳᠤᠭᠤᠯᠤᠭ᠍ᠰᠠᠨ ᠨᠢᠭᠡ ᠤᠳᠠᠭᠠᠨ᠎ᠤ ᠲᠤᠢᠯ᠎ᠤᠨ ᠴᠢᠬᠤᠯᠠ ᠬᠤᠷᠠᠯ ᠪᠣᠯᠤᠨ᠎ᠠ; ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ;《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ 4 ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠵᠦ᠍ ᠭᠦᠨᠵᠡᠭᠡᠶ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠦᠵᠡᠯ ᠰᠠᠨᠠᠭᠠᠨ᠎ᠤ ᠦᠨᠳᠦᠷᠴᠡ ᠲᠠᠢ ᠪᠥᠭᠡᠳ ᠤᠨᠤᠯ᠎ᠤᠨ ᠭᠦᠨᠴᠡ᠎ᠲᠡᠶ ᠪᠠᠢᠵᠤ᠂ ᠮᠠᠰᠢ ᠴᠢᠩᠭ᠎ᠠ ᠴᠢᠭ᠌ᠯᠡᠬᠦᠯᠦᠯᠳᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷᠲᠠᠶ ᠶᠤᠮ᠃
8 ᠰᠠᠷ᠎ᠠ᠎ᠶ᠋ᠢᠨ 22 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ ᠲᠦ᠍ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠎ᠦᠨ ᠳᠠᠷᠤᠭ᠎ᠠ ᠡᠸ᠋ ᡁᠢ ᠴᠢᠶᠠᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ ᠤ᠋ᠨ ᠶᠡᠷᠦᠩᠬᠡᠶ ᠪᠠᠢᠳᠠᠯ; ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ;《ᠲᠣᠭ᠍ᠲᠠᠭᠠᠯ》᠎ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ 4 ᠲᠠᠯ᠎ᠠ᠎ᠪᠠᠷ ᠨᠠᠷᠢᠯᠢᠭ ᠭᠦᠨᠵᠡᠭᠡᠶ ᠲᠠᠢᠯᠤᠮᠵᠢ ᠬᠢᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠳᠦ ᠭᠦᠨ ᠭᠦᠨᠵᠡᠭᠡᠢ ᠪᠥᠭᠡᠳ ᠣᠢᠯᠠᠭᠠᠮᠵᠢᠲᠠᠢ ᠤᠨᠤᠯ᠎ᠤᠨ ᠲᠠᠢᠯᠪᠤᠷᠢᠯᠠᠯᠲᠠ ᠪᠠᠢᠬᠤ᠎ᠪᠠᠷ ᠪᠠᠷᠠᠬᠤ ᠦᠬᠡᠢ ᠪᠠᠰᠠ ᠨᠡᠢᠭᠡᠮ᠎ᠦᠨ ᠠᠵᠢᠯ᠎ᠤᠨ ᠪᠣᠳᠠᠲᠠᠢ᠎ᠲᠠᠶ ᠬᠣᠯᠪᠣᠭ᠍ᠳᠠᠭ᠍ᠰᠠᠨ ᠲᠦᠷᠦᠭ᠌ᠳᠡᠯ ᠪᠣᠳᠣᠯᠬᠢᠯᠠᠯ᠎ᠲᠠᠶ ᠪᠠᠢᠵᠤ᠂ ᠭᠣᠣᠯ ᠰᠡᠳᠦᠪ ᠨᠢ ᠢᠯᠡ ᠲᠣᠳᠣ᠂ ᠠᠭᠤᠯᠤᠭ᠍ᠳᠠᠬᠤᠨ ᠨᠢ ᠪᠠᠶᠠᠯᠢᠭ᠂ ᠠᠮᠢᠳᠤᠯᠢᠭ ᠰᠠᠢᠬᠠᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠳ᠋ᠦ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠪᠠᠢᠩᠭᠤ᠎ᠶ᠋ᠢᠨ ᠳᠡᠳ᠋ ᠳᠠᠷᠤᠭ᠎ᠠ ᠯᠢᠦ ᠬᠣᠩ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ ᠵᠡᠷᠭᠡ ᠲᠠᠯ᠎ᠠ᠎ᠪᠠᠷ ᠲᠠᠢᠯᠤᠮᠵᠢ ᠬᠢᠵᠦ᠍᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠱᠢᠨ᠎ᠡ ᠠᠶᠠᠨ ᠤ᠋ ᠡᠯ᠎ᠡ ᠵᠦᠶ᠋ᠯ᠎ᠦᠨ ᠡᠭᠦᠷᠭᠡ ᠬᠠᠷᠢᠭᠤᠴᠠᠯᠭ᠎ᠠ᠎ᠶ᠋ᠢ ᠪᠠᠲᠤ ᠡᠵᠡᠮᠳᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢᠨ ᠰᠠᠢᠨ ᠬᠠᠮᠠᠭᠠᠯᠠᠭ᠍ᠴᠢ ᠪᠣᠯᠬᠤ ᠬᠡᠷᠡᠭ᠌ᠲᠡᠶ; ᠴᠢᠨᠠᠷ ᠰᠠᠢᠲᠠᠶ ᠬᠥᠭ᠌ᠵᠢᠯᠲᠡ᠎ᠶ᠋ᠢᠨ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠵᠦ᠍᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠦᠨ ᠱᠢᠰᠲ᠋ᠧᠮ᠎ᠦᠨ ᠪᠠᠢᠭᠤᠯᠤᠯᠲᠠ᠎ᠶ᠋ᠢᠨ ᠪᠠᠲᠤᠯᠠᠭ᠍ᠴᠢ ᠪᠣᠯᠬᠤ ᠬᠡᠷᠡᠭ᠌ᠲᠡᠶ; ᠨᠠᠮ᠎ᠢ ᠴᠢᠩᠭ᠎ᠠ ᠬᠠᠮᠢᠶᠠᠷᠴᠤ᠌ ᠴᠠᠭ᠍ᠳᠠᠭ᠎ᠠ᠎ᠶ᠋ᠢ ᠴᠢᠩᠭ᠎ᠠ ᠵᠠᠰᠠᠬᠤ ᠶᠡᠷᠦᠩᠬᠡᠢ ᠬᠦᠭ ᠠᠶᠠᠰ᠎ᠢ ᠪᠠᠲᠤ ᠡᠵᠡᠮᠳᠡᠵᠦ᠍᠂ ᠰᠤᠷᠲᠠᠯ ᠴᠢᠬᠡᠴᠢ ᠣᠪᠣᠷ ᠲᠥᠪ ᠴᠠᠭ᠍ᠳᠠᠭᠠᠨ᠎ᠤ ᠬᠤᠸᠠᠷᠠᠨ᠎ᠤ ᠠᠮᠢ ᠠᠬᠤᠢ᠎ᠶ᠋ᠢᠨ ᠬᠠᠮᠠᠭᠠᠯᠠᠭ᠍ᠴᠢ ᠪᠣᠯᠬᠤ ᠬᠡᠷᠡᠭ᠌ᠲᠡᠢ ᠭᠡᠵᠦ᠍ ᠱᠠᠭᠠᠷᠳᠠᠪᠠ᠃
ᠦᠬᠠᠶ ᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠳᠡᠭᠡᠳ᠎ᠤᠨ ᠬᠣᠯᠪᠣᠭ᠎ᠠ᠎ᠳᠤ ᠬᠤᠷᠠᠯ᠎ᠤᠨ ᠲᠡᠷᠢᠭᠦᠯᠡᠭ᠌ᠴᠢ ᠦᠨᠡᠨᠴᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ; ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ;《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠵᠢᠷᠤᠭ᠍ᠯᠠᠬᠤ ᠳ᠋ᠤ ᠦᠬᠠᠶ᠎ᠶ᠋ᠢᠨ ᠬᠦᠴᠦᠨ ᠴᠢᠳᠠᠯ᠎ᠢᠶᠠᠨ ᠡᠷᠭᠦᠬᠦ᠌ ᠵᠡᠷᠭᠡ 4 ᠲᠠᠯ᠎ᠠ᠎ᠪᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠪᠥᠬᠥ᠌ ᠲᠠᠯ᠎ᠠ᠎ᠪᠡᠷ ᠲᠠᠢᠯᠤᠮᠵᠢ ᠬᠢᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠭᠦᠨᠵᠡᠭᠡᠢ ᠪᠥᠭᠡᠳ ᠣᠢᠯᠠᠭᠠᠮᠵᠢᠲᠠᠢ᠂ ᠠᠭᠤᠯᠭ᠎ᠠ ᠨᠢ ᠪᠠᠶᠠᠯᠢᠭ ᠪᠠᠢᠯ᠎ᠠ᠃
ᠤᠬᠠᠭᠤᠯᠤᠨ ᠲᠠᠢᠯᠪᠤᠷᠢᠯᠠᠵᠤ ᠳᠠᠭᠤᠰᠤᠭ᠍ᠰᠠᠨ᠎ᠤ ᠲᠠᠷᠠᠭ᠎ᠠ ᠦᠨᠡᠨᠴᠢ ᠪᠠᠰᠠ ᠬᠠᠢ᠌ᠷᠤᠪ᠎ᠤᠨ ᠲᠤᠬᠤᠢ ᠲᠣᠭᠣᠷᠢᠭ᠎ᠤᠨ ᠪᠢᠨ ᠾᠧ ᠵᠡᠭᠡᠯᠢ ᠭᠤᠳᠤᠮᠵᠢ᠎ᠶ᠋ᠢᠨ ᠪᠢᠨ ᠾᠧ ᠨᠡᠢᠭᠡᠮ ᠲᠣᠭᠣᠷᠢᠭ᠎ᠲᠤ ᠬᠦᠷᠴᠦ᠍᠂ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ ᠤᠯᠠᠨ ᠲᠦᠮᠡᠨ᠎ᠲᠡᠶ ᠨᠢᠭᠤᠷᠳᠠᠨ ᠶᠠᠷᠢᠯᠴᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃