ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-23 09:59:44

ᠵᠣᠬᠢᠶᠠᠭ᠍ᠴᠢ᠄ ᠯᠢ ᠺᠸ ᠱᠢᠨ ᠯᠢ ᠱᠢᠤᠸᠠᠢ ᠶᠣᠣ ᠬᠤᠸᠠᠩ ᠹᠦ ᠱᠢᠤ ᠯᠢᠩ ᠵᠤᠤ ᠨᠠ ᠰᠦᠨ ᠯᠢᠦ ᠴᠧᠨ ᠴᠦᠨ ᠶᠠᠨ ᠣᠩᠱᠢᠭ᠍ᠰᠠᠨ ᠣᠳᠠᠭ᠎ᠠ᠄ 3

8 ᠰᠠᠷ᠎ᠠ ᠢ᠋ᠢᠨ 21 ᠤ᠋ ᠡᠳᠦᠷ᠂ ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠡ ᠢ᠋ᠢᠨ ᠭᠤᠷᠪᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠤ᠋ᠨ ᠱᠢᠰᠲᠸᠮ ᠪᠠᠢᠭᠤᠯᠭ᠎ᠠ ᠨᠢᠭᠡᠴᠢ ᠢ᠋ᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠮᠠᠷᠠᠲᠤ ᠬᠢᠯᠢ ᠢ᠋ᠢᠨ ᠵᠠᠯᠠᠭᠤᠴᠤᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠲᠤᠰ ᠲᠤᠰ ᠬᠥᠯᠥᠨ ᠪᠣᠢᠷ᠂ ᠤᠯᠠᠭᠠᠨᠬᠠᠳᠠ᠂ ᠬᠥᠬᠡᠬᠣᠲᠠ ᠳ᠋ᠤ᠌ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠡ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠎ᠤ ᠬᠥᠳᠡᠯᠮᠦᠷᠢ ᠢ᠋ᠢᠨ ᠵᠢᠱ᠌ᠢᠶᠡᠴᠢ ᠰᠦᠨ ᠯᠢ ᠴᠢᠶᠠᠩ ᠤᠯᠤᠰ ᠤ᠋ᠨ ᠴᠠᠬᠢᠯᠭᠠᠨ ᠬᠦᠴᠦᠨ ᠤ᠋ ᠬᠢᠵᠠᠭᠠᠷᠳᠤ ᠺᠤᠮᠫᠠᠨᠢ ᠢ᠋ᠢᠨ ᠬᠥᠯᠥᠨ ᠪᠣᠢᠷ ᠤ᠋ᠨ ᠴᠠᠬᠢᠯᠭᠠᠨ ᠬᠠᠩᠭᠠᠬᠤ ᠺᠣᠮᠫᠠᠨᠢ ᠳ᠋ᠤ᠌ ᠬᠦᠷᠴᠤ᠂ ᠶᠡᠷᠦᠩᠬᠡᠶ ᠱᠦᠵᠢ ᠰᠢ ᠵᠢᠨ ᠫᠢᠩ ᠎ᠦᠨ ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠡ ᠢ᠋ᠢᠨ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠢ᠋ᠢ ᠭᠦᠨᠵᠡᠭᠡᠶ ᠰᠤᠷᠤᠯᠴᠠᠨ ᠣᠢᠯᠠᠭᠠᠬᠤ᠂ 《 ᠲᠣᠭ᠍ᠲᠠᠭᠠᠯ 》 ᠎ᠳ᠋ᠤ ᠳᠤᠷᠠᠳᠤᠭ᠍ᠰᠠᠨ ᠥᠭᠡᠷᠡᠴᠢᠯᠡᠯᠲᠡ ᠢ᠋ᠢ ᠤᠯᠠᠮ ᠨᠢᠬᠡ ᠠᠯᠬᠤᠮ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ ᠢ᠋ᠢ ᠪᠥᠬᠥ᠌ ᠲᠠᠯ᠎ᠠ ᠪᠡᠷ ᠣᠨᠣᠪᠴᠢᠲᠠᠶ ᠣᠢᠯᠠᠭᠠᠬᠤ ᠵᠡᠷᠭᠡ ᠲᠠᠯ᠎ᠠ ᠪᠡᠷ ᠤᠬᠠᠭᠤᠯᠤᠨ ᠲᠠᠢᠯᠪᠤᠷᠢᠯᠠᠪᠠ᠃ ᠲᠡᠷᠡ ᠴᠠᠬᠢᠯᠭᠠᠨ ᠬᠦᠴᠦᠨ᠎ᠦ ᠠᠵᠢᠯ ᠲᠦᠷᠦᠯ᠎ᠦᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠨᠠᠮ ᠤ᠋ᠨ ᠬᠣᠷᠢᠳᠤᠭᠠᠷ ᠬᠤᠭᠤᠴᠠᠭᠠᠨ ᠎ᠤ ᠲᠥᠪ ᠬᠤᠷᠢᠶ᠎ᠡ ᠢ᠋ᠢᠨ ᠭᠤᠷᠪᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠬᠤ ᠢ᠋ᠢᠨ ᠴᠢᠬᠤᠯᠠ ᠴᠢᠨᠠᠷ᠎ᠢ ᠬᠦᠨ ᠭᠦᠨᠵᠡᠭᠡᠢ ᠣᠢᠯᠠᠭᠠᠮᠵᠢᠲᠠᠢ ᠲᠣᠳᠣᠷᠬᠠᠢᠯᠠᠨ ᠲᠠᠢᠯᠪᠤᠷᠢᠯᠠᠵᠠᠢ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠤᠯᠠᠭᠠᠨᠬᠠᠳᠠ ᠬᠣᠲᠠ ᠢ᠋ᠢᠨ ᠮᠠᠯ ᠠᠵᠤ ᠠᠬᠤᠶ᠎ᠲᠠᠷᠢᠶᠠᠯᠠᠨᠭ᠌ ᠤ᠋ᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ ᠤ᠋ᠨ ᠰᠤᠳᠤᠯᠤᠭ᠍ᠴᠢ᠂ ᠪᠥᠬᠥ᠌ ᠤᠯᠤᠰ ᠤ᠋ᠨ ᠲᠡᠷᠢᠭᠦᠨ᠎ᠦ ᠠᠵᠢᠯᠲᠠᠨ ᠸᠠᠩ ᠱᠢᠤ ᡁᠢ ᠫᠢᠩ ᠵᠤᠸᠠᠩ ᠨᠡᠭᠦᠷᠡᠰᠦᠨ ᠎ᠦ ᠦᠶ᠋ᠯᠡᠰ (ᠪᠦᠯᠦᠭ᠌ᠯᠡᠯ ) ᠎ᠤ᠋ᠨ ᠬᠢᠵᠠᠭᠠᠷᠲᠤ ᠺᠣᠮᠫᠠᠨᠢ ᠢ᠋ᠢᠨ ᠶᠤᠸᠠᠨ ᠪᠦᠦ ᠱᠠᠨ ᠵᠠᠳᠠᠭᠠᠶ ᠨᠡᠭᠦᠷᠡᠰᠦᠨ ᠠᠭᠤᠷᠬᠠᠶ᠂ ᠶᠤᠸᠠᠨ ᠪᠦᠦ ᠱᠠᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠤᠯᠠᠭᠠᠨᠬᠠᠳᠠ ᠢ᠋ᠢᠨ ᠹᠦ᠋ ᠯᠦᠩ ᠨᠡᠢᠲᠡ ᠢ᠋ᠢᠨ ᠬᠡᠷᠡᠭ᠌ᠯᠡᠭᠡᠨ ᠎ᠦ ( ᠪᠦᠯᠦᠭ᠌ᠯᠡᠯ ) ᠬᠢᠵᠠᠭᠠᠷᠲᠤ ᠺᠣᠮᠫᠠᠨᠢ ᠳ᠋ᠤ᠌ ᠬᠦᠷᠴᠦ᠍ ᠤᠬᠠᠭᠤᠯᠤᠨ ᠲᠠᠢᠯᠪᠤᠷᠢᠯᠠᠪᠠ ᠃ ᠸᠠᠩ ᠱᠢᠤ ᡁᠢ ᠶᠡᠷᠦᠩᠬᠡᠶ ᠱᠦᠵᠢ ᠰᠢ ᠵᠢᠨ ᠫᠢᠩ᠎ᠦᠨ ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠡ ᠢ᠋ᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠢ᠋ᠢ ᠬᠦᠨᠵᠡᠬᠡᠢ ᠰᠤᠷᠤᠯᠴᠠᠨ ᠤᠢᠯᠠᠭᠠᠬᠤ᠂《ᠲᠣᠭ᠍ᠲᠠᠭᠠᠯ 》 ᠎ᠳ᠋ᠤ ᠳᠤᠷᠠᠳᠤᠭ᠍ᠰᠠᠨ ᠥᠭᠡᠷᠡᠴᠢᠯᠡᠯᠲᠡ ᠢ᠋ᠢ ᠤᠯᠠᠮ ᠨᠢᠬᠡ ᠠᠯᠬᠤᠮ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ ᠢ᠋ᠢ ᠪᠥᠬᠥ᠌ ᠲᠠᠯ᠎ᠠ ᠪᠡᠷ ᠣᠨᠣᠪᠴᠢᠲᠠᠶ ᠤᠢᠯᠠᠭᠠᠬᠤ ᠵᠡᠷᠬᠡ ᠠᠭᠤᠯᠭ᠎ᠠ ᠢ᠋ᠢᠨ ᠲᠤᠭᠤᠷᠢᠨ ᠳ᠋ᠤ᠌᠂ ᠠᠵᠢᠯ ᠤ᠋ᠨ ᠪᠣᠳᠠᠲᠠᠶ ᠲᠠᠢ᠎ᠪᠠᠨ ᠤᠶᠠᠯᠳᠤᠭᠤᠯᠤᠨ ᠬᠦᠨ ᠭᠦᠨᠵᠡᠭᠡᠶ ᠨᠠᠷᠢᠯᠢᠭ ᠤᠬᠠᠭᠤᠯᠤᠨ ᠲᠠᠢᠯᠪᠤᠷᠢᠯᠠᠪᠠ ᠃ ᠲᠠᠢᠯᠤᠮᠵᠢ ᠢ᠋ᠢᠨ ᠭᠣᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠣᠣᠯᠳᠠᠯᠭ᠎ᠠ ᠨᠢ ᠳᠤᠪᠤᠢ᠌ᠮ᠎ᠠ ᠪᠤᠯᠵᠤ᠂ ᠮᠠᠰᠢ ᠴᠢᠩᠭ᠎ᠠ ᠬᠠᠨᠳᠤᠯᠭᠠᠳᠤ ᠴᠢᠨᠠᠷ ᠪᠠ ᠵᠢᠯᠣᠭᠣᠳᠭᠤ ᠴᠢᠨᠠᠷ ᠲᠠᠢ ᠪᠠᠢᠵᠤ᠂ ᠤᠯᠠᠨ᠎ᠳ᠋ᠤ᠌ ᠬᠦᠨ ᠰᠡᠨᠭᠬᠡᠷᠡᠬᠦᠯᠦᠯ ᠤᠯᠭᠤᠪᠠ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ ᠤ᠋ᠨ ᠯᠦ᠍ ᠴᠢᠶᠤᠤ ᠪᠦᠯᠦᠭ᠌ᠯᠡᠯ ᠺᠣᠮᠫᠠᠨᠢ ᠢ᠋ᠢᠨ ᠮᠠᠲ᠋ᠧᠷᠢᠶᠠᠯ ᠲᠥᠬᠥᠭᠡᠷᠦᠮᠵᠢ ᠢ᠋ᠢᠨ ᠲᠥᠪ᠎ᠦᠨ ᠳᠡᠳ᠋ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ ᠢ᠋ᠢᠨ ᠵᠢᠱ᠌ᠢᠶᠡᠴᠢ ᠰᠥᠩ ᠶᠤᠸᠠᠨ ᠪᠢᠶᠤᠤ ᠳᠤᠮᠳᠠᠳᠤ ᠤᠯᠤᠰ ᠤ᠋ᠨ ᠪᠠᠷᠢᠯᠭ᠎ᠠ ᠢ᠋ᠢᠨ ᠨᠠᠶ᠋ᠮᠠᠳᠤᠭᠠᠷ ᠲᠣᠪᠴᠢᠶ᠎ᠠ ᠵᠢᠨ ᠪᠠᠷᠠᠭᠤᠨ ᠬᠣᠢᠲᠤ ᠢ᠋ᠢᠨ ᠺᠣᠮᠫᠠᠨᠢ ᠢ᠋ᠢᠨ ᠪᠠᠷᠢᠯᠭ᠎ᠠ ᠢ᠋ᠢᠨ ᠭᠠᠵᠠᠷ ᠲᠦ᠍ ᠬᠦᠷᠴᠦ᠍᠂ ᠡᠮᠦᠨ᠎ᠡ ᠹᠷᠣᠨᠲ ᠤ᠋ᠨ ᠪᠠᠷᠢᠯᠭ᠎ᠠ ᠢ᠋ᠢᠨ ᠠᠵᠢᠯᠲᠠᠳ ᠤ᠋ᠨ ᠡᠷᠴᠢ ᠵᠣᠷᠢᠭ᠎ᠢ᠋ ᠬᠥᠪᠴᠢᠯᠡᠵᠦ᠍᠂ ᠪᠣᠳᠠᠲᠤ ᠠᠵᠢᠯᠯᠠᠭ᠎ᠠ ᠪᠡᠷ᠎ᠢᠶᠠᠨ ᠱᠢᠨ᠎ᠡ ᠴᠠᠭ ᠦᠶ᠎ᠡ ᠢ᠋ᠢᠨ ᠵᠠᠮ ᠬᠠᠷᠢᠯᠴᠠᠭᠠᠨ᠎ᠤ ᠬᠥᠮᠦᠰ ᠎ᠦᠨ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠢ᠋ᠢ ᠲᠠᠢᠯᠪᠤᠷᠢᠯᠠᠵᠤ᠂ ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠡ ᠢ᠋ᠢᠨ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠢ᠋ᠢ ᠲᠤᠭᠤᠰᠢᠯᠠᠭᠤᠯᠵᠦ ᠦᠷ᠎ᠡ ᠪᠦᠲᠦᠮᠵᠢ ᠭᠠᠷᠭᠠᠬᠤ᠎ᠢ᠋ᠢ ᠠᠬᠢᠭᠤᠯᠬᠤ ᠬᠡᠷᠡᠭᠳᠡᠢ ᠬᠡᠵᠤ ᠵᠤᠷᠢᠭᠵᠢᠭᠤᠯᠵᠡᠢ᠃

ᠮᠸᠩ ᠼᠤᠤ ᠠᠮᠢ ᠠᠬᠤᠶ ᠣᠷᠴᠢᠨ ᠲᠣᠭᠣᠷᠢᠨ᠎ᠤ (ᠪᠦᠯᠦᠭ᠌ᠯᠡᠯ ) ᠺᠣᠮᠫᠠᠨᠢ ᠢ᠋ᠢᠨ ᠲᠠᠢᠯᠪᠤᠷᠢᠯᠠᠯᠳᠡ ᠬᠢᠬᠦ ᠭᠥᠯᠢᠶᠡᠨ ᠠᠪᠬᠤ ᠬᠡᠯᠳᠡᠰ᠎ᠤᠨ ᠳᠠᠷᠤᠭ᠎ᠠ ᠸᠠᠩ ᠢ ᠱᠢᠤ᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠢ᠋ᠢᠨ ᠡᠪᠯᠡᠯ᠎ᠦᠨ ᠬᠣᠷᠢᠶ᠎ᠠ ᠵᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠨᠠᠷᠠᠨᠴᠡᠴᠡᠭ᠂ ᠥᠪᠥᠷ ᠮᠣᠩᠭᠣᠯ ᠤ᠋ᠨ ᠡᠳ᠋᠎ᠦᠨ ᠵᠠᠰᠠᠭ ᠠᠵᠤ ᠠᠬᠤᠶ ᠢ᠋ᠢᠨ ᠶᠡᠬᠡ ᠰᠤᠷᠭᠠᠭᠤᠯᠢ ᠢ᠋ᠢᠨ ᠬᠠᠪᠰᠤᠷᠤᠨ ᠵᠢᠯᠣᠭᠣᠳᠣᠭ᠍ᠴᠢ ᠬᠥ᠋ ᠴᠤᠤ ᠵᠡᠷᠬᠡ ᠤᠮᠠᠷᠠᠲᠤ ᠬᠢᠯᠢ ᠢ᠋ᠢᠨ ᠵᠠᠯᠠᠭᠤᠴᠤᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ 3 ᠪᠦᠷᠢᠯᠳᠦᠬᠦᠨ ᠬᠥᠬᠡᠬᠣᠲᠠ ᠢ᠋ᠢᠨ ᠰᠠᠢᠬᠠᠨ ᠲᠣᠭᠣᠷᠢᠭ ᠤ᠋ᠨ ᠰᠠᠢᠨᠪᠤᠯᠠᠭ ᠲᠣᠰᠭᠣᠨ ᠎ᠤ 《ᠭᠦᠸᠧ ᠯᠦ᠍ 》 ᠳᠠᠷᠢᠵᠤ ᠲᠡᠵᠢᠭᠡᠬᠦ᠌ ᠲᠠᠷᠢᠶᠠᠴᠢᠳ ᠤ᠋ᠨ ᠲᠤᠰᠭᠠᠶ ᠬᠣᠷᠱᠢᠶ᠎ᠠ ᠳ᠋ᠤ᠌ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠂ ᠲᠡᠳᠡ ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠡ ᠢ᠋ᠢᠨ ᠭᠤᠷᠪᠠᠳᠤᠭᠠᠷ ᠪᠥᠬᠥᠳᠡ ᠬᠤᠷᠠᠯ᠎ᠠᠴᠠ ᠳᠤᠷᠠᠳᠤᠭ᠍ᠰᠠᠨ ᠲᠠᠷᠢᠶᠠᠯᠠᠩ ᠤ᠋ᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠢ᠋ᠢ ᠠᠬᠢᠭᠤᠯᠬᠤ ᠭᠤᠤᠯ ᠰᠡᠳᠦᠪ ᠲᠠᠶ ᠨᠢᠭ᠍ᠲᠠ ᠤᠶᠠᠯᠳᠤᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠷᠢᠶᠠᠯᠠᠩ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠢ᠋ᠢᠨ ᠲᠤᠭᠤᠷᠢᠨ ᠳ᠋ᠤ᠌᠂ ᠳᠡᠷᠭᠡᠳᠡᠬᠢ ᠪᠣᠳᠠᠲᠤ ᠵᠢᠱ᠌ᠢᠶ᠎ᠡ᠎ᠲᠡᠶ᠎ᠪᠡᠨ ᠤᠶᠠᠯᠳᠤᠭᠤᠯᠤᠨ ᠡᠪᠯᠡᠯ᠎ᠦᠨ ᠭᠡᠱᠢᠭᠦᠨ ᠵᠠᠯᠠᠭᠤᠴᠤᠳ ᠤ᠋ᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠠᠶᠠᠨ ᠳ᠋ᠡᠬᠢ ᠬᠥᠮᠦᠰ᠎ᠦᠨ ᠰᠡᠳᠭᠢᠯ ᠬᠥᠳᠡᠯᠭᠡᠮ᠎ᠡ ᠲᠡᠮᠡᠴᠡᠯ᠎ᠦᠨ ᠦᠯᠢᠭᠡᠷ᠎ᠢ ᠶᠠᠷᠢᠪᠠ ᠃

《 ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠡ ᠢ᠋ᠢᠨ ᠭᠤᠷᠪᠠᠳᠤᠭᠠᠷ ᠪᠦᠬᠦᠳᠡ ᠬᠤᠷᠠᠯ ᠤ᠋ᠨ ᠭᠣᠣᠯ ᠰᠡᠳᠦᠪ ᠨᠢ ᠶᠠᠭᠤ ᠪᠤᠢ?》 ᠂ 《ᠶᠠᠭᠤ ᠢ᠋ᠢ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠭᠡᠬᠦ᠌ ᠪᠣᠶ?》 ᠂ 《 ᠱᠢᠨ᠎ᠡ ᠴᠢᠨᠠᠷ᠎ᠤ᠋ᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠢ᠋ᠢᠨ ᠭᠣᠣᠯᠳᠠᠯᠭ᠎ᠠ ᠨᠢ ᠶᠠᠭᠤ ᠪᠤᠢ?》 ᠬᠡᠵᠤ ᠤᠮᠠᠷᠠᠲᠤ ᠬᠢᠯᠢ ᠢ᠋ᠢᠨ ᠵᠠᠯᠠᠭᠤᠴᠤᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠬᠥᠬᠡᠬᠣᠲᠠ ᠢ᠋ᠢᠨ ᠬᠣᠲᠣᠩ ᠠᠷᠠᠳ ᠤ᠋ᠨ ᠲᠣᠭᠣᠷᠢᠭ ᠤ᠋ᠨ ᠠᠵᠢᠯᠴᠢᠨ ᠨᠡᠢᠭᠡᠮ ᠲᠣᠭᠣᠷᠢᠭ ᠲᠦ᠍ ᠬᠦᠷᠴᠦ᠍᠂ ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠡ ᠢ᠋ᠢᠨ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠢ᠋ᠢ ᠤᠯᠠᠨ ᠲᠦᠮᠡᠨ᠎ᠳᠦ ᠬᠦᠷᠭᠡᠵᠦ᠍᠂ ᠤᠯᠠᠨ ᠲᠦᠮᠡᠨ᠎ᠦ ᠰᠡᠳᠭᠢᠯ᠎ᠳᠦ ᠬᠠᠳᠠᠩᠱᠢᠭᠤᠯᠪᠠ ᠃

ᠤᠬᠠᠭᠤᠯᠤᠨ ᠲᠠᠢᠯᠪᠤᠷᠢᠯᠠᠬᠤ ᠲᠤᠬᠠᠶ ᠢ᠋ᠢᠨ ᠲᠠᠯᠠᠪᠠᠢ ᠳ᠋ᠤ᠌᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ ᠤ᠋ᠨ ᠵᠠᠯᠠᠭᠤᠴᠤᠳ ᠤ᠋ᠨ ᠬᠣᠯᠪᠣᠭ᠎ᠠ ᠢ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠥᠭᠡᠳᠡᠷᠬᠡᠭ ᠴᠠᠢᠯᠭᠠᠨ ᠵᠠᠯᠠᠭᠤᠴᠤᠳ᠂ ᠬᠥᠬᠡ ᠬᠠᠳᠠᠭ ᠨᠡᠢᠲᠡ ᠢ᠋ᠢᠨ ᠠᠰᠠᠷᠠᠮᠵᠢ ᠢ᠋ᠢᠨ ᠵᠣᠬᠢᠶᠠᠨ ᠪᠠᠢᠭᠤᠯᠤᠯᠲᠠ ᠢ᠋ᠢᠨ ᠡᠭᠦᠰᠭᠡᠨ ᠪᠠᠢᠭᠤᠯᠤᠭ᠍ᠴᠢ ᠱᠢᠤᠢ ᠱᠢᠶᠣᠤ ᠭᠠᠩ᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠢ᠋ᠢᠨ ᠰᠤᠷᠤᠭ᠍ᠴᠢᠳ ᠤ᠋ᠨ ᠠᠵᠢᠯ ᠤ᠋ᠨ ᠬᠡᠯᠲᠡᠰ (ᠭᠠᠵᠠᠷ) ᠎ᠤ᠋ᠨ ᠭᠠᠵᠠᠷ ᠤ᠋ᠨ ᠳᠠᠷᠤᠭ᠎ᠠ ᠢ᠋ᠢᠨ ᠲᠤᠰᠠᠯᠠᠭ᠍ᠴᠢ ᠨᠢᠶᠧ ᠱᠦ᠍᠂ ᠬᠥᠬᠡᠬᠣᠲᠠ ᠢ᠋ᠢᠨ ᠬᠣᠲᠣᠩ ᠠᠷᠠᠳ ᠤ᠋ᠨ ᠲᠣᠭᠣᠷᠢᠭ ᠤ᠋ᠨ ᠪᠣᠯᠣᠳ ᠲᠡᠮᠦᠷ ᠵᠠᠮ ᠤ᠋ᠨ ᠵᠡᠭᠡᠯᠢ ᠭᠤᠳᠤᠮᠵᠢ ᠢ᠋ᠢᠨ ᠬᠡᠷᠡᠭ ᠡᠷᠬᠢᠯᠡᠬᠦ᠌ ᠭᠠᠵᠠᠷ ᠤ᠋ᠨ ᠨᠡᠢᠭᠡᠮ ᠲᠣᠭᠣᠷᠢᠭ ᠤ᠋ᠨ ᠴᠢᠳᠠᠪᠤᠷᠢᠲᠠᠨ ᠣᠷᠣᠭᠤᠯᠤᠨ ᠠᠪᠴᠢᠷᠠᠬᠤ ᠺᠠᠳ᠋ᠷ ᠬᠠᠨ ᠴᠤᠤ ᠵᠡᠷᠬᠡ ᠤᠮᠠᠷᠠᠲᠤ ᠬᠢᠯᠢ ᠢ᠋ᠢᠨ ᠵᠠᠯᠠᠭᠤᠴᠤᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ 3 ᠪᠦᠷᠢᠯᠳᠦᠬᠦᠨ ᠨᠢᠭᠤᠷᠳᠠᠨ ᠶᠠᠷᠢᠯᠴᠠᠬᠤ ᠬᠡᠯᠪᠡᠷᠢ᠎ᠪᠡᠷ᠂ ᠦᠨᠳᠦᠰᠦᠨ ᠱᠠᠲᠤᠨ᠎ᠤ ᠨᠡᠢᠭᠡᠮ ᠲᠣᠭᠣᠷᠢᠭ ᠤ᠋ᠨ ᠵᠠᠰᠠᠯᠲᠠ᠂ ᠰᠤᠷᠭᠠᠨ ᠬᠥᠮᠦᠵᠢᠯ᠎ᠦᠨ ᠦᠶ᠋ᠯᠡᠴᠢᠯᠡᠭᠡ᠂ ᠨᠡᠢᠲᠡ ᠢ᠋ᠢᠨ ᠬᠠᠢᠷ᠎ᠡ ᠬᠠᠯᠠᠮᠵᠢ ᠵᠡᠷᠭᠡ ᠠᠮᠢᠳᠤᠯᠢᠭ ᠵᠢᠱ᠌ᠢᠶ᠎ᠡ ᠲᠠᠢ ᠤᠶᠠᠯᠳᠤᠭᠤᠯᠤᠨ ᠵᠠᠯᠠᠭᠤᠴᠤᠳ ᠤ᠋ᠨ ᠠᠩᠬᠠᠷᠴᠤ᠌ ᠪᠠᠢᠭ᠎ᠠ 《 ᠬᠣᠲᠠ ᠬᠥᠳᠡᠭᠡ ᠢ᠋ᠢᠨ ᠲᠦᠯᠦᠪᠵᠢᠬᠦᠯᠬᠡ ᠂ ᠪᠠᠢᠭᠤᠯᠤᠯᠳᠡ᠂ ᠵᠠᠰᠠᠯᠳᠠ ᠢ᠋ᠢ ᠠᠭᠤᠰᠤᠯᠴᠠᠭᠤᠯᠬᠤ ᠲᠦᠪᠱᠢᠨ ᠢ᠋ ᠪᠦᠬᠦ ᠲᠠᠯ᠎ᠠ ᠪᠡᠷ ᠲᠡᠭᠡᠭᠰᠢᠯᠡᠬᠦᠯᠬᠦ》᠂ 《ᠦᠨᠳᠦᠰᠦᠨ ᠱᠠᠲᠤᠨ᠎ᠤ ᠠᠷᠠᠳᠴᠢᠯᠠᠯ ᠤ᠋ᠨ ᠳᠦᠷᠢᠮ᠎ᠢ ᠪᠦᠷᠢᠨᠱᠢᠭᠦᠯᠬᠦ᠌ 》᠂《 ᠬᠥᠭ᠌ᠵᠢᠯᠲᠡ ᠢ᠋ᠢᠨ ᠳᠤᠮᠳᠠ ᠠᠷᠠᠳ ᠤ᠋ᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ 》 ᠵᠡᠷᠭᠡ ᠲᠥᠷᠥ ᠢ᠋ᠢᠨ ᠪᠣᠳᠣᠯᠭ᠎ᠠ ᠢ᠋ᠢᠨ ᠠᠭᠤᠯᠭ᠎ᠠ ᠢ᠋ᠢᠨ ᠲᠤᠭᠤᠷᠢᠨ ᠳ᠋ᠤ᠌᠂ ᠨᠡᠢᠭᠡᠮ ᠲᠣᠭᠣᠷᠢᠭ ᠤ᠋ᠨ ᠵᠠᠯᠠᠭᠤᠴᠤᠳ ᠪᠣᠯᠤᠨ ᠪᠠᠷᠠᠭᠤᠨ ᠣᠷᠣᠨ ᠳ᠋ᠤ᠌ ᠰᠠᠢᠨ ᠲᠤᠷ᠎ᠡ ᠡᠴᠡ ᠪᠡᠨ ᠤᠢᠯᠡᠴᠢᠯᠡᠬᠦ ᠲᠥᠯᠥᠪᠯᠡᠭᠡ ᠢ᠋ᠢᠨ ᠰᠠᠢᠨ ᠲᠤᠷᠠᠴᠤᠳ ᠲᠦ᠍ ᠨᠠᠮ ᠤ᠋ᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠡ ᠢ᠋ᠢᠨ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠭ᠍ᠰᠠᠨ ᠤᠯᠤᠯᠳᠡ ᠲᠥᠷᠥᠭ᠌ᠳᠡᠯ᠎ᠢᠶᠡᠨ ᠬᠤᠪᠢᠶᠠᠯᠴᠠᠪᠠ᠃ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠤᠮᠵᠢ᠂ ᠬᠠᠷᠢᠯᠴᠠᠨ ᠤᠢᠯᠠᠭᠠᠯᠴᠠᠯ ᠨᠢ ᠤᠯᠠᠨ᠎ᠤ ᠬᠦᠷᠢᠶᠡᠯᠡᠯ᠎ᠢ ᠶᠡᠬᠡᠳᠡ ᠣᠯᠵᠤ᠂ ᠲᠤᠬᠠᠢ ᠢ᠋ᠢᠨ ᠲᠠᠯᠠᠪᠠᠢ ᠳ᠋ᠤ᠌ ᠠᠯᠠᠭ᠎ᠠ ᠲᠠᠰᠢᠯᠳᠡ ᠢ᠋ᠢᠨ ᠲᠠᠭᠤᠨ ᠦᠷᠬᠦᠯᠵᠢᠯᠡᠵᠤ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面