2024-09-13 13:26:45
9 ᠰᠠᠷ᠎ᠠ᠎ᠶᠢᠨ 2 ᠡᠴᠡ 4 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠰᠢᠰᠲ᠋ᠧᠮᠨᠢᠭᠡᠴᠢ ᠵᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭᠳᠠᠪᠠ᠃ ᠤᠮᠠᠷᠠᠲᠤ᠎ᠬᠢᠯᠢ ᠵᠢᠨ ᠵᠠᠯᠠᠭᠤᠴᠤᠳ ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠮᠠᠷᠠᠲᠤ᠎ᠬᠢᠯᠢ ᠵᠢᠨ ᠡᠮᠡᠭᠲᠡᠢᠴᠦᠳ ᠦᠨ ᠤᠬᠠᠭᠤᠯᠤᠨ ᠲᠠᠢᠯᠪᠤᠷᠢᠯᠠᠬᠤ ᠪᠦᠯᠬᠦᠮ ᠬᠥᠯᠥᠨ ᠪᠤᠢ᠍ᠢᠷ ᠬᠤᠳᠠ᠂ ᠠᠯᠠᠱᠠ ᠠᠢᠮᠠᠭ᠂ ᠣᠷᠳᠣᠰ ᠬᠤᠳᠠ᠂ ᠥᠪᠥᠷ ᠮᠣᠩᠭᠣᠯ ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠲᠤ ᠬᠦᠷᠴᠦ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠯᠳᠠ ᠬᠢᠵᠦ᠂ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠥᠷᠭᠡᠨ ᠤᠯᠠᠨ ᠺᠠᠳ᠋ᠷ ᠤᠯᠠᠨ ᠲᠦᠮᠡᠨ᠎ᠳᠦ ᠤᠯᠠᠮᠵᠢᠯᠠᠪᠠ᠃
9 ᠰᠠᠷ᠎ᠠ᠎ᠶᠢᠨ 2 ᠤ᠋ᠨ ᠡᠳᠦᠷ᠂ ᠬᠥᠯᠥᠨ ᠪᠤᠢ᠍ᠢᠷ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠳᠠ ᠵᠢᠨ ᠲᠣᠪᠴᠢᠶ᠎ᠠ᠎ᠳᠤ᠂ ᠤᠮᠠᠷᠠᠲᠤ ᠬᠢᠯᠢ᠎ᠶᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠬᠥᠯᠥᠨ ᠪᠤᠢ᠍ᠢᠷ᠎ᠤᠨ ᠬᠢᠯᠢ ᠵᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠵᠠᠬ᠎ᠠ ᠶᠢᠨ ᠠᠷᠠᠯᠵᠢᠶᠠᠨ ᠤ ᠲᠣᠭᠣᠷᠢᠭ᠋᠎ᠤᠨ ᠬᠢᠯᠢ᠎ᠶᠢᠨ ᠬᠠᠮᠠᠭᠠᠯᠠᠯᠳᠠ ᠵᠢᠨ ᠲᠣᠮᠢᠯᠠᠭᠰᠠᠨ ᠰᠠᠯᠪᠤᠷᠢ᠎ᠶᠢᠨ ᠴᠠᠭᠳᠠᠭ᠎ᠠ ᠴᠧᠨ ᠰᠢᠶᠣᠣ 《ᠥᠭᠡᠷᠡᠴᠢᠯᠡᠯᠲᠡ᠎ᠶᠢᠨ ᠶᠡᠷᠦᠩᠬᠡᠢ ᠬᠠᠷᠠᠯᠲᠠ᠎ᠶᠢ ᠤᠨᠢᠯᠠᠵᠤ ᠬᠥᠯᠥᠨ ᠪᠤᠢ᠍ᠢᠷ᠎ᠤᠨ ᠬᠥᠭᠵᠢᠯᠲᠡ᠎ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ》 ᠭᠡᠬᠦ ᠰᠡᠳᠦᠪ ᠢᠶᠡᠷ ᠲᠤᠰ ᠪᠡᠶ᠎ᠡ ᠶᠢᠨ ᠠᠵᠢᠯ᠎ᠤᠨ ᠥᠩᠭᠡᠷᠡᠯᠲᠡ᠎ᠲᠠᠢ᠎ᠪᠡᠨ ᠤᠶᠠᠯᠳᠤᠭᠤᠯᠵᠤ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ᠋ ᠰᠠᠨᠠᠭ᠎ᠠ ᠶᠢ ᠣᠢᠯᠠᠭᠠᠮᠵᠢᠲᠠᠢ ᠭᠦᠨᠵᠡᠭᠡᠢ ᠲᠠᠢᠯᠪᠤᠷᠢᠯᠠᠪᠠ᠃
9 ᠰᠠᠷ᠎ᠠ᠎ᠶᠢᠨ 3 ᠤ᠋ ᠡᠳᠦᠷ᠂ ᠤᠮᠠᠷᠠᠲᠤ ᠬᠢᠯᠢ᠎ᠶᠢᠨ ᠡᠮᠡᠭᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠵᠦᠩ ᠢᠦᠢ ᠰᠢᠶᠠ ᠠᠯᠠᠱᠠ ᠠᠢᠮᠠᠭ᠎ᠲᠤ ᠬᠦᠷᠴᠦ᠂ ᠲᠤᠰ ᠠᠢᠮᠠᠭ᠎ᠤᠨ ᠡᠯ᠎ᠡ ᠱᠠᠲᠤᠨ᠎ᠤ ᠡᠮᠡᠭᠲᠡᠢᠴᠦᠳ᠎ᠦᠨ ᠬᠣᠯᠪᠣᠭ᠎ᠠ᠎ᠶᠢᠨ ᠺᠠᠳ᠋ᠷ ᠪᠣᠯᠣᠨ ᠡᠮᠡᠭᠲᠡᠢᠴᠦᠳ᠎ᠦᠨ ᠨᠡᠢᠭᠡᠮ᠎ᠦᠨ ᠵᠣᠬᠢᠶᠠᠨ ᠪᠠᠢᠭᠤᠯᠤᠯᠲᠠ᠂ 《3·8》᠎ᠤ᠋ ᠤᠯᠠᠭᠠᠨ ᠲᠤᠭ᠍ᠴᠢ᠂ ᠡᠮᠡᠭᠲᠡᠢᠴᠦᠳ᠎ᠦᠨ ᠭᠠᠪᠢᠶ᠎ᠠ ᠪᠠᠢᠭᠤᠯᠤᠭᠰᠠᠨ ᠵᠢᠱ᠌ᠢᠶᠡᠴᠢ᠂ ᠭᠤᠷᠪᠠᠨ ᠰᠢᠨ᠎ᠡ ᠬᠦᠷᠢᠶᠡᠨ᠎ᠦ ᠡᠮᠡᠭᠲᠡᠢᠴᠦᠳ᠎ᠦᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ᠎ᠤ ᠲᠥᠯᠥᠭᠡᠯᠡᠭᠴᠢᠳ᠎ᠲᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠪᠠ᠃ ᠵᠥᠩ ᠢᠦᠢ ᠰᠢᠶᠠ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠬᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠡᠮᠡᠭᠲᠡᠢᠴᠦᠳ᠎ᠦᠨ ᠬᠣᠯᠪᠣᠭ᠎ᠠ᠎ᠶᠢᠨ ᠵᠣᠬᠢᠶᠠᠨ ᠪᠠᠢᠭᠤᠯᠤᠯᠲᠠ ᠶᠢᠨ ᠲᠣᠰ ᠪᠡᠶ᠎ᠡ ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠵᠡᠷᠭᠡ ᠳᠥᠷᠪᠡᠨ ᠲᠠᠯ᠎ᠠ᠎ᠶᠢᠨ ᠲᠣᠭᠣᠷᠢᠨ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠰᠢᠰᠲᠧᠮ᠎ᠲᠠᠢ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠯᠳᠠ᠎ᠶᠢᠨ ᠠᠭᠤᠯᠬᠤᠨ ᠪᠠᠶᠠᠯᠢᠭ᠋᠂ ᠯᠣᠭᠢᠭ᠋ ᠴᠢᠨᠠᠷ ᠴᠢᠩᠭ᠎ᠠ᠂ ᠦᠵᠡᠯ ᠰᠠᠨᠠᠭ᠎ᠠ ᠭᠦᠨᠵᠡᠭᠡᠢ ᠪᠠᠢᠵᠤ᠂ ᠤᠯᠠᠨ᠎ᠢᠶᠠᠷ᠎ᠢᠶᠠᠨ ᠶᠡᠬᠡ ᠠᠰᠢᠭ᠋ ᠬᠦᠷᠲᠡᠵᠦ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠡᠩ ᠨᠡᠪᠲᠡᠷᠬᠡᠢ ᠣᠢᠯᠠᠭᠠᠵᠤ᠂ ᠰᠡᠳᠬᠢᠴᠡ ᠴᠢᠭᠯᠡᠯ ᠨᠡᠩ ᠲᠣᠳᠣᠷᠬᠠᠢ ᠪᠣᠯᠵᠠᠢ ᠭᠡᠵᠦ ᠤᠯᠠᠨ ᠵᠢᠡᠷ ᠵᠢᠠᠨ ᠢᠯᠡᠳᠬᠡᠵᠡᠭᠡᠪᠡ᠃
9 ᠰᠠᠷ᠎ᠠ᠎ᠶᠢᠨ 4 ᠤ᠋ ᠡᠳᠦᠷ᠂ ᠤᠮᠠᠷᠠᠲᠤ ᠬᠢᠯᠢ᠎ᠶᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠣᠷᠳᠣᠰ ᠬᠤᠳᠠ᠎ᠶᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ᠎ᠶᠢᠨ ᠳᠠᠳᠤᠯᠭ᠎ᠠ ᠪᠣᠯᠪᠠᠰᠤᠷᠠᠯ᠎ᠤᠨ ᠲᠥᠪ᠎ᠦᠨ ᠪᠠᠭ᠍ᠰᠢ ᠬᠤᠸᠠᠩ ᠦᠷᠬᠡᠨ ᠤᠲᠤᠭ ᠬᠣᠰᠢᠭᠤᠨ᠎ᠤ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ᠎ᠳᠤ ᠢᠷᠡᠵᠤ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠪᠠ᠃ ᠬᠤᠸᠠᠩ ᠦᠷᠬᠡᠨ ᠶᠠᠭᠤᠨ᠎ᠳᠤ ᠥᠭᠡᠷᠡᠴᠢᠯᠡᠯᠲᠡ ᠬᠢᠬᠦ᠂ ᠬᠠᠮᠢᠭᠠᠰᠢ᠎ᠪᠠᠨ ᠥᠭᠡᠷᠡᠴᠢᠯᠡᠯᠲᠡ ᠬᠢᠬᠦ᠂ ᠥᠭᠡᠷᠡᠴᠢᠯᠡᠯᠲᠡ ᠵᠢ ᠬᠡᠷᠬᠢᠨ ᠬᠢᠬᠦ ᠵᠡᠷᠭᠡ ᠭᠤᠷᠪᠠᠨ ᠲᠠᠯ᠎ᠠ᠎ᠪᠠᠷ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠲᠤᠬᠠᠢ ᠰᠢᠰᠲ᠋ᠧᠮ ᠲᠠᠢ ᠪᠥᠭᠡᠳ ᠭᠦᠨᠵᠡᠭᠡᠢ ᠲᠠᠢᠯᠪᠤᠷᠢᠯᠠᠯᠲᠠ ᠬᠢᠵᠡᠢ᠃
9 ᠰᠠᠷ᠎ᠠ᠎ᠶᠢᠨ 3 ᠤ᠋ ᠡᠳᠦᠷ᠂ ᠤᠮᠠᠷᠠᠲᠤ ᠬᠢᠯᠢ ᠶᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠎ᠶᠢᠨ ᠨᠠᠮ᠎ᠤᠨ ᠲᠡᠦᠬᠡ ᠪᠣᠯᠣᠨ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠰᠤᠳᠤᠯᠭᠠᠨ᠎ᠤ ᠬᠣᠶᠠᠳᠤᠭᠠᠷ ᠭᠠᠵᠠᠷ ᠤᠨ ᠳᠠᠷᠤᠭ᠎ᠠ ᠰᠦᠩ ᠯᠢ ᡁᠢ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ ᠦᠨ ᠤᠯᠤᠰ ᠤᠨ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠲᠤ ᠬᠦᠷᠴᠦ᠂ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠬᠤ ᠵᠡᠷᠭᠡ ᠲᠠᠯ᠎ᠠ᠎ᠠᠴᠠ ᠤᠬᠠᠭᠤᠯᠤᠨ ᠲᠠᠢᠯᠪᠤᠷᠢᠯᠠᠬᠤᠠᠵᠢᠯᠯᠠᠭᠠ ᠥᠷᠨᠢᠭᠦᠯᠵᠦ᠂ ᠵᠠᠯᠠᠭᠤ ᠺᠠᠳ᠋ᠷ ᠠᠵᠢᠯᠲᠠᠨ ᠠᠵᠢᠯᠴᠢᠨ᠎ᠢ ᠬᠦᠴᠦᠷᠭᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠠᠬᠢᠭᠤᠯᠬᠤ ᠳᠤᠮᠳᠠ ᠵᠠᠯᠠᠭᠤ ᠨᠠᠰᠤᠨ᠎ᠤ ᠪᠠᠨ ᠵᠢᠳᠬᠦᠯ ᠴᠢᠷᠮᠠᠢᠯᠭᠠᠭᠠᠷᠭᠠᠵᠤ᠂ ᠵᠠᠯᠠᠭᠤ ᠨᠠᠰᠤᠨ᠎ᠤ ᠴᠤᠭ ᠵᠢᠪᠬᠤᠭ᠎ᠠ ᠵᠢ ᠢᠯᠡᠷᠡᠭᠦᠯᠵᠦ᠂ ᠵᠠᠯᠠᠭᠤ ᠨᠠᠰᠤᠨ ᠤ ᠬᠦᠴᠦᠨ ᠴᠢᠳᠠᠯ᠎ᠢᠶᠠᠨ ᠡᠷᠭᠦᠵᠦ᠂ ᠳᠤᠮᠳᠠᠳᠤ ᠤᠯᠤᠰ᠎ᠤᠨ ᠮᠠᠶᠢᠭ᠋ ᠤᠨ ᠣᠳᠣᠬᠢᠴᠢᠯᠠᠯᠲᠠ ᠵᠢᠨ ᠲᠤᠮᠳᠠ ᠵᠠᠯᠠᠭᠤ ᠨᠠᠰᠤᠨ᠎ᠤ ᠡᠬᠦᠷᠭᠡᠯᠡᠯ ᠬᠠᠷᠢᠭᠤᠴᠠᠯᠭ᠎ᠠ ᠵᠢᠨ ᠬᠠᠭᠤᠳᠠᠰᠤ ᠪᠠᠨ ᠴᠢᠷᠮᠠᠢᠨ ᠪᠢᠴᠢᠭᠯᠡᠬᠦ ᠵᠢ ᠵᠣᠷᠢᠭ᠍ᠵᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃