2024-08-24 17:06:40
8 ᠰᠠᠷ᠎ᠠ᠎ᠶ᠋ᠢᠨ 22᠎ᠤ᠋ᠨ ᠡᠳᠦᠷ᠂ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ ᠶ᠋ᠢᠨ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠵᠤ᠂ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠤ ᠰᠡᠳᠭᠢᠯ᠎ᠳᠦ ᠳᠠᠮᠵᠢᠭᠤᠯᠪᠠ᠃
ᠲᠤᠬᠠᠶ᠎ᠶ᠋ᠢᠨ ᠡᠳᠦᠷ᠎ᠦᠨ ᠦᠳᠡ᠎ᠶ᠋ᠢᠨ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠵᠣᠣ ᠵᠢᠩ ᠬᠤᠸᠠ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠣᠷᠳᠣᠨ᠎ᠳᠤ ᠢᠷᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ ᠪᠠᠷ ᠣᠨᠣᠪᠴᠢᠲᠠᠶ ᠣᠢᠯᠠᠭᠠᠬᠤ ᠵᠡᠷᠭᠡ ᠲᠠᠯ᠎ᠠ᠎ᠪᠠᠷ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠣᠳᠣᠷᠬᠠᠢᠯᠠᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠭ᠎ᠠ ᠨᠢ ᠡᠯᠪᠡᠭ ᠪᠠᠶᠠᠯᠢᠭ᠂ ᠭᠣᠣᠯᠳᠠᠯᠭ᠎ᠠ ᠨᠢ ᠲᠤᠪᠤᠢ᠌ᠮ᠎ᠠ᠂ ᠵᠠᠳᠠᠯᠤᠯᠲᠠ ᠨᠢ ᠨᠡᠪᠲᠡᠷᠬᠡᠢ ᠪᠠᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠣᠳᠭᠤ ᠴᠢᠨᠠᠷᠲᠠᠶ ᠶᠤᠮ᠃ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠣᠯᠠᠨ ᠢᠶᠠᠷ ᠢᠶᠠᠨ ᠮᠠᠰᠢ ᠶᠡᠬᠡ ᠠᠱᠢᠭ ᠬᠦᠷᠲᠡᠵᠡᠢ ᠭᠡᠵᠦ ᠢᠯᠡᠳᠭᠡᠵᠡᠭᠡᠪᠡ᠃
ᠲᠣᠰ ᠡᠳᠦᠷ᠎ᠦᠨ ᠦᠳᠡ᠎ᠶ᠋ᠢᠨ ᠬᠣᠢᠨ᠎ᠠ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠳ᠋ᠦ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠨᠠᠮ᠎ᠤᠨ ᠲᠡᠦᠬᠡ ᠪᠠ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ᠎ᠦᠨ ᠳᠡᠳ᠋ ᠡᠷᠬᠢᠯᠡᠭ᠌ᠴᠢ ᠰᠦᠨ ᠶᠠ ᠵᠢᠶᠧ 《ᠱᠢᠨ᠎ᠡ ᠠᠶᠠᠨ᠎ᠳᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯᠯᠠᠭᠠᠨ ᠤ ᠬᠥᠲᠥᠯᠪᠦᠷᠢ》 ᠭᠡᠬᠦ᠌ ᠰᠡᠳᠦᠪ᠎ᠢᠶᠡᠷ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠪᠥᠭᠡᠳ ᠭᠦᠨᠵᠡᠭᠡᠶ ᠲᠠᠢᠯᠪᠤᠷᠢᠯᠠᠪᠠ᠃
《ᠰᠦᠨ ᠡᠷᠬᠢᠯᠡᠭ᠌ᠴᠢ᠎ᠶ᠋ᠢᠨ ᠪᠤᠷᠤᠭᠵᠢᠭᠤᠨ ᠣᠢᠯᠠᠭᠠᠮᠵᠢᠲᠠᠶ ᠦᠭᠡ ᠬᠡᠯᠡ᠂ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠤᠮᠵᠢ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠰᠲ᠋ᠧᠮ᠎ᠳᠦ ᠨᠠᠢᠳᠠᠪᠤᠷᠢᠵᠢᠭᠤᠯᠬᠤ᠎ᠳᠤ ᠴᠢᠬᠤᠯᠠ ᠰᠡᠩᠬᠡᠷᠡᠭᠦᠯᠦᠯ ᠪᠠ ᠵᠢᠯᠣᠭᠣᠳᠭᠤ ᠠᠴᠢ ᠬᠣᠯᠪᠣᠭ᠍ᠳᠠᠯ ᠲᠠᠶ ᠶᠤᠮ᠃ ᠪᠢ ᠠᠵᠢᠯ᠎ᠤᠨ ᠪᠠᠢᠷᠢ᠎ᠶ᠋ᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠪᠣᠳᠠᠲᠠᠶ ᠠᠵᠢᠯ᠎ᠤᠨ ᠳᠤᠮᠳᠠ᠎ᠪᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠭᠡᠷᠡᠴᠢᠯᠡᠯᠲᠡ᠎ᠳᠦ ᠲᠦᠱᠢᠭ᠌ᠯᠡᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠂ ᠠᠮᠢᠵᠢᠷᠠᠯ ᠤᠨ ᠬᠦᠴᠦᠨ ᠢ ᠨᠡᠮᠡᠭ᠌ᠳᠡᠭᠦᠯᠵᠦ᠂ ᠬᠥᠳᠡᠯᠭᠡᠬᠦ᠌ ᠬᠦᠴᠦᠨ ᠢ ᠨᠡᠮᠡᠭᠳᠡᠭᠦᠯᠵᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠱᠢᠨ᠎ᠡ ᠶ᠋ᠢ ᠡᠭᠦᠳᠬᠦ᠌᠎ᠶ᠋ᠢ ᠬᠢᠵᠠᠭᠠᠷᠯᠠᠵᠤ ᠪᠠᠢᠭ᠎ᠠ ᠲᠦᠭ᠌ᠵᠢᠷᠡᠯ ᠬᠣᠷᠢᠭ᠎ᠠ ᠴᠡᠭ᠎ᠢ ᠡᠪᠳᠡᠵᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 〈 ᠪᠦᠰᠡᠯᠡᠯᠲᠡ᠎ᠵᠢ ᠱᠢᠪᠲᠤᠯᠬᠤ 〉 ᠢᠨᠵᠧᠨᠧᠷᠢᠩ᠎ᠢ ᠬᠡᠷᠡᠭ᠌ᠵᠢᠭᠦᠯᠬᠦ᠌᠎ᠪᠡᠷ ᠬᠦᠳᠦᠯᠦᠮᠵᠢ ᠪᠣᠯᠭᠠᠨ᠂ ᠪᠠᠢᠯᠳᠤᠬᠤ ᠪᠣᠳᠣᠯᠭ᠎ᠠ᠎ᠶ᠋ᠢᠨ ᠲᠥᠯᠥᠪᠵᠢᠭᠦᠯᠭᠡ᠂ ᠬᠦᠨᠳᠦ ᠴᠢᠬᠤᠯᠠ ᠡᠭᠦᠷᠭᠡ᠂ ᠡᠷᠳᠡᠮ ᠱᠢᠨᠵᠢᠯᠡᠭᠡᠨ᠎ᠦ ᠬᠦᠴᠦᠨ᠂ ᠡᠬᠢ ᠪᠠᠶᠠᠯᠢᠭ᠎ᠤᠨ ᠲᠠᠪᠴᠠᠩ᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌᠎ᠵᠢ ᠴᠢᠩᠭᠠᠳᠭᠠᠬᠤ ᠵᠡᠷᠭᠡ ᠲᠠᠯ᠎ᠠ᠎ᠪᠠᠷ ᠨᠢᠭᠡᠳᠦᠯᠲᠡᠢ ᠲᠥᠯᠥᠪᠯᠡᠨ ᠪᠠᠢᠷᠢᠱᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠯᠠᠪᠳᠠᠭᠤᠨ ᠪᠠᠲᠤᠲᠠᠶ ᠠᠬᠢᠭᠤᠯᠵᠤ᠂ ᠵᠣᠬᠢᠶᠠᠨ ᠪᠠᠢᠭᠤᠯᠤᠯᠲᠠ᠎ᠲᠠᠶ᠂ ᠱᠢᠰᠲ᠋ᠧᠮᠵᠢᠭ᠌ᠰᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠲᠠ᠎ᠵᠢ ᠦᠷᠭᠦᠯᠵᠢᠯᠡᠨ ᠦᠷᠨᠢᠭᠦᠯᠵᠦ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠠᠰᠤᠷᠠᠯᠲᠠ ᠦᠭᠡᠢ ᠪᠣᠢᠵᠢᠭᠤᠯᠵᠤ ᠱᠢᠨ᠎ᠡ ᠵᠠᠮ᠎ᠢ ᠨᠡᠭᠡᠭᠡᠵᠦ᠍ ᠳᠤᠮᠳᠠ ᠲᠦᠪᠰᠢᠨ᠎ᠳᠤ ᠤᠷᠤᠬᠤ᠎ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠦᠨ ᠲᠥᠯᠥᠪᠵᠢᠭᠦᠯᠭᠡ ᠬᠢᠭᠡᠳ ᠴᠢᠬᠤᠯᠠ ᠶᠡᠬᠡ ᠡᠭᠦᠷᠭᠡ᠎ᠶ᠋ᠢᠨ ᠭᠠᠵᠠᠷ᠎ᠤᠨ ᠳᠠᠷᠤᠭ᠎ᠠ ᡂᠢ ᠪᠥᠸᠧ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃