2024-08-25 11:32:21
ᠢᠦᠶ ᠯᠢ ᠱᠢᠨ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ
8 ᠰᠠᠷ᠎ᠠ᠎ᠶ᠋ᠢᠨ 22᠎ᠤ᠋ᠨ ᠡᠳᠦᠷ᠂ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠨᠣᠮ ᠤᠩᠱᠢᠬᠤ ᠠᠩᠭᠢ ᠡᠷᠬᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ᠂ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶᠠᠨ᠎ᠤ ᠱᠦᠵᠢ ᠢᠦᠢ ᠯᠢ ᠱᠢᠨ ᠬᠢᠴᠢᠶᠡᠯ ᠡᠬᠢᠯᠡᠬᠦ᠌ ᠶᠣᠰᠣᠯᠠᠯ᠎ᠳᠤ ᠣᠷᠣᠯᠴᠠᠭ᠍ᠰᠠᠨ ᠪᠥᠭᠡᠳ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠲᠡᠷᠡ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠬᠡᠷᠡᠭ᠌ᠲᠡᠶ ᠭᠡᠪᠡ᠃
ᠨᠣᠮ ᠤᠩᠱᠢᠬᠤ ᠠᠩᠬᠢ 3 ᠡᠳᠦᠷ ᠶᠠᠪᠤᠭ᠍ᠳᠠᠵᠤ᠂ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠲᠤᠰᠭᠠᠢ ᠲᠤᠱᠢᠶᠠᠯᠳᠦ ᠳᠡᠳ᠋ ᠱᠦᠵᠢ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ᠎ᠶ᠋ᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠴᠢᠬᠤᠯᠠ ᠦᠵᠡᠯ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠥᠭᠦᠯᠡᠯᠲᠡ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠴᠢᠬᠤᠯᠠ ᠱᠠᠭᠠᠷᠳᠠᠯᠭ᠎ᠠ ᠵᠡᠷᠭᠡ᠎ᠶ᠋ᠢ ᠰᠤᠷᠤᠯᠴᠠᠵᠤ᠂ 《ᠳᠥᠷᠪᠡᠨ ᠳᠠᠯ᠎ᠠ ᠪᠡᠷ ᠳᠠᠭᠠᠭᠤᠯᠤᠬᠴᠢ ᠪᠤᠯᠬᠤ》᠎ᠶ᠋ᠢ ᠪᠡᠶᠡᠯᠡᠭᠦᠯᠵᠦ᠍᠂ 《ᠭᠤᠷᠪᠠᠨ ᠳᠠᠯ᠎ᠠ ᠪᠡᠷ ᠦᠯᠢᠬᠡᠷ ᠳᠠᠭᠤᠷᠢᠶᠠᠯ》 ᠪᠤᠯᠵᠤ ᠵᠢᠱ᠌ᠢᠶᠡᠴᠢ ᠪᠠᠢᠭᠤᠯᠭ᠎ᠠ᠎ᠶ᠋ᠢ ᠪᠠᠢᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ ᠱᠢᠨ᠎ᠡ ᠵᠠᠮ ᠨᠡᠭᠡᠭᠡᠵᠥ ᠳᠤᠮᠳᠠ ᠲᠦᠪᠰᠢᠨ᠎ᠳᠦ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠨᠠᠮ᠎ᠤᠨ ᠪᠠᠢᠭᠤᠯᠤᠯᠲᠠ᠎ᠶ᠋ᠢᠨ ᠬᠦᠳᠤᠯᠤᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃