2024-08-26 09:58:59
8 ᠰᠠᠷ᠎ᠠ᠎ᠶ᠋ᠢᠨ 22 ᠤ᠋ᠨ ᠡᠳᠦᠷ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ ᠶ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠤᠷᠳᠤᠰ᠂ ᠪᠠᠶᠠᠨᠨᠠᠭᠤᠷ᠎ᠲᠤ ᠬᠦᠷᠴᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠬᠦᠯᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ ᠶ᠋ᠢ ᠠᠵᠤ ᠠᠬᠤᠢᠯᠠᠯ᠎ᠤᠨ ᠥᠷᠭᠡᠨ ᠤᠯᠠᠨ ᠠᠵᠢᠯᠳᠠᠨ ᠠᠵᠢᠯᠴᠢᠨ᠎ᠳᠤ ᠳᠠᠮᠵᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ ᠤ ᠱᠠᠵᠢᠨᠳᠤᠬᠤᠢ ᠪᠠᠯᠭᠠᠰᠤᠨ ᠤ ᠳᠡᠳ᠋ ᠳᠠᠷᠤᠭ᠎ᠠ᠂ ᠨᠠᠮ ᠤᠨ ᠬᠣᠷᠢᠳᠤᠭᠠᠷ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ ᠤ ᠱᠢᠯᠢᠳᠡᠭ ᠡᠪ ᠬᠠᠮᠲᠤ ᠨᠠᠮ᠎ᠤᠨ ᠭᠡᠱᠢᠭᠦᠨ ᠳ᠋ᠧᠩ ᠢᠦᠶ ᠥᠪᠥᠷ ᠮᠣᠩᠭᠣᠯ᠎ᠤᠨ ᠢ ᠲᠡᠶ ᠨᠡᠭᠦᠷᠡᠰᠦ ᠪᠡᠷ ᠲᠣᠰᠣ ᠦᠶ᠋ᠯᠡᠳᠬᠦ᠌ ᠬᠢᠵᠠᠭᠠᠷᠲᠤ ᠺᠣᠮᠫᠠᠨᠢ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠂ ᠲᠡᠷᠡ ᠲᠥᠷᠥ᠎ᠶ᠋ᠢᠨ ᠪᠣᠳᠣᠯᠭ᠎ᠠ ᠵᠢ ᠶᠠᠷᠢᠬᠤ᠂ ᠥᠯᠢᠭᠡᠷ ᠶᠠᠷᠢᠬᠤ᠂ ᠬᠤᠪᠢᠷᠠᠯᠲᠠ᠎ᠶ᠋ᠢ ᠶᠠᠷᠢᠬᠤ᠎ᠪᠠᠷ ᠳᠠᠮᠵᠢᠭᠤᠯᠤᠨ᠂ ᠲᠥᠬᠥᠮ ᠣᠢᠯᠠᠭᠠᠮᠵᠢᠲᠠᠶ ᠦᠬᠡ ᠬᠡᠯᠡ ᠪᠡᠷ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶᠠᠨ᠎ᠤ ᠭᠤᠷᠪᠠᠳᠤᠭᠠᠷ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
ᠲᠤᠬᠠᠢ᠎ᠶ᠋ᠢᠨ ᠲᠠᠯᠠᠪᠠᠢ᠎ᠳᠤ ᠮᠡᠳᠡᠭᠦᠯᠦᠯᠲᠡ᠎ᠶ᠋ᠢ ᠰᠣᠨᠣᠰᠤᠭ᠍ᠰᠠᠨ ᠥᠪᠥᠷ ᠮᠣᠩᠭᠣᠯ᠎ᠤᠨ ᠢ᠎ᠲᠡᠶ ᠨᠡᠭᠦᠷᠡᠰᠦ᠎ᠪᠡᠷ ᠲᠤᠰᠤ ᠦᠢᠯᠡᠳᠬᠦ᠌ ᠬᠢᠵᠠᠭᠠᠷᠲᠤ ᠺᠣᠮᠫᠠᠨᠢ᠎ᠶ᠋ᠢᠨ ᠠᠵᠢᠯᠳᠠᠨ ᠵᠠᠩ ᠯᠦ᠍᠂ ᠱᠢᠨ᠎ᠡ ᠴᠠᠭ ᠦᠶ᠎ᠡ ᠶ᠋ᠢᠨ ᠠᠵᠤ ᠦᠢᠯᠡᠰ᠎ᠦᠨ ᠠᠵᠢᠯᠴᠢᠨ ᠪᠣᠯᠤᠭ᠍ᠰᠠᠨ᠎ᠤ ᠬᠤᠪᠢ᠎ᠳᠤ᠂ ᠥᠭᠡᠷᠡᠴᠢᠯᠡᠯᠲᠡ᠎ᠶ᠋ᠢᠨ ᠭᠡᠷᠡᠴᠢᠯᠡᠭ᠌ᠴᠢ ᠪᠣᠯᠬᠤ᠎ᠪᠦᠭᠡᠳ ᠪᠠᠰᠠ ᠥᠭᠡᠷᠡᠴᠢᠯᠡᠯᠲᠡ ᠳ᠋ᠤ ᠣᠷᠣᠯᠴᠠᠭ᠍ᠴᠢ ᠪᠣᠯᠤᠨ᠎ᠠ᠂ ᠥᠪᠡᠷ᠎ᠦᠨ ᠪᠡᠶ᠎ᠡ᠎ᠡᠴᠡ᠎ᠪᠡᠨ ᠡᠬᠢᠯᠡᠨ ᠬᠢᠵᠦ᠍᠂ ᠰᠤᠷᠤᠯᠴᠠᠯᠭ᠎ᠠ᠎ᠪᠠᠨ ᠴᠢᠩᠭᠠᠳᠭᠠᠨ᠂ ᠠᠵᠢᠯ᠎ᠤᠨ ᠪᠠᠢᠷᠢ᠎ᠶ᠋ᠢᠨ ᠣᠨᠴᠠᠯᠢᠭ ᠪᠣᠯᠤᠨ ᠠᠵᠢᠯ ᠤᠨ ᠡᠭᠦᠷᠭᠡ ᠬᠠᠷᠢᠭᠤᠴᠠᠯᠭ᠎ᠠ᠎ᠲᠠᠶ᠎ᠪᠠᠨ ᠤᠶᠠᠯᠳᠤᠭᠤᠯᠵᠤ᠂ ᠲᠤᠰ ᠪᠡᠶ᠎ᠡ᠎ᠶ᠋ᠢᠨ ᠲᠤᠰᠭᠠᠢ ᠮᠡᠷᠭᠡᠵᠢᠯ᠎ᠦᠨ ᠬᠡᠪ ᠴᠢᠨᠠᠷ ᠪᠣᠯᠤᠨ ᠬᠤᠪᠢ ᠬᠥᠮᠦᠨ᠎ᠦ ᠬᠡᠪ ᠪᠣᠯᠪᠠᠰᠤᠷᠠᠯ᠎ᠢᠶᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ ᠠᠵᠢᠯ᠎ᠳᠠᠭᠠᠨ ᠨᠠᠢᠳᠠᠪᠤᠷᠢᠵᠢᠭᠤᠯᠤᠨ᠎ᠠ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠪᠦᠷᠢᠯᠳᠦᠬᠦᠨ᠂ ᠪᠠᠶᠠᠨᠨᠠᠭᠤᠷ ᠬᠤᠳᠠ᠎ᠶ᠋ᠢᠨ ᠯᠢᠨ ᠾᠧ ᠲᠣᠭᠣᠷᠢᠭ᠎ᠤᠨ ᠭᠠᠨᠵᠤᠤᠷ ᠰᠦᠮ᠎ᠡ ᠪᠠᠯᠭᠠᠰᠤᠨ᠎ᠤ ᠮᠢᠨ ᠵᠦ᠍ ᠼᠦᠨ ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠲᠣᠰᠭᠣᠨ ᠤ ᠠᠷᠠᠳ᠎ᠤᠨ ᠵᠥᠪᠯᠡᠯ ᠦᠨ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ ᠵᠠᠩ ᠰᠠᠨ ᠮᠢᠩ ᠥᠪᠥᠷ ᠮᠣᠩᠭᠣᠯ᠎ᠤᠨ ᠵᠢᠩ ᠸᠧᠢ ᠪᠦᠳᠦᠭᠡᠨ ᠪᠠᠢᠭᠤᠯᠤᠯᠲᠠ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠳᠤ ᠬᠦᠷᠴᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠂ ᠬᠥᠳᠡᠭᠡ ᠲᠣᠰᠭᠣᠨ᠎ᠤ ᠵᠠᠰᠠᠯᠲᠠ᠂ ᠠᠵᠤ ᠦᠢᠯᠡᠰ᠎ᠦᠨ ᠬᠥᠭ᠌ᠵᠢᠯᠲᠡ ᠵᠡᠷᠭᠡ᠎ᠲᠡᠶ ᠨᠢᠭ᠍ᠲᠠ ᠤᠶᠠᠯᠳᠤᠭᠤᠯᠵᠤ᠂ ᠤᠯᠠᠨ᠎ᠳᠤ ᠠᠮᠢᠳᠤᠯᠢᠭ ᠰᠠᠢᠬᠠᠨ ᠤᠬᠠᠭᠤᠯᠤᠨ ᠲᠠᠢᠯᠪᠤᠷᠢᠯᠠᠪᠠ᠃
《ᠵᠠᠩ ᠰᠠᠨ ᠮᠢᠩ ᠱᠦᠵᠢ ᠨᠠᠮ᠎ᠤᠨ ᠱᠢᠨ᠎ᠡ ᠡᠭᠦᠳᠦᠯᠳᠠ ᠵᠢᠨ ᠤᠨᠤᠯ ᠪᠣᠯᠤᠨ ᠲᠠᠭᠤᠨ᠎ᠢ ᠴᠠᠭ ᠲᠤᠬᠠᠢᠳᠤᠨᠢ ᠠᠵᠤ ᠠᠬᠤᠢᠯᠠᠯ᠎ᠳᠤ ᠬᠦᠷᠭᠡᠭ᠌ᠰᠡᠨ ᠨᠢ ᠮᠠᠨ᠎ᠤ ᠥᠷᠭᠡᠨ ᠤᠯᠠᠨ ᠠᠵᠢᠯᠳᠠᠨ ᠠᠵᠢᠯᠴᠢᠨ᠎ᠤ ᠡᠷᠴᠢ ᠵᠣᠷᠢᠭ᠎ᠢ ᠬᠥᠪᠴᠢᠯᠡᠵᠡᠢ》᠃ ᠥᠪᠥᠷ ᠮᠣᠩᠭᠣᠯ᠎ᠤᠨ ᠵᠢᠩ ᠸᠧᠶ ᠪᠥᠲᠥᠭᠡᠨ ᠪᠠᠢᠭᠤᠯᠤᠯᠲᠠ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠡᠪᠯᠡᠯ᠎ᠦᠨ ᠬᠣᠷᠢᠶᠠᠨ᠎ᠤ ᠱᠦᠵᠢ ᠯᠢ ᠬᠣᠩ᠂《ᠢᠷᠡᠭᠡᠳᠦᠶ᠎ᠳᠦ᠂ ᠪᠢᠳᠡ ᠪᠠᠷᠢᠯᠭ᠎ᠠ᠎ᠶ᠋ᠢᠨ ᠠᠵᠢᠯ ᠲᠥᠷᠥᠯ᠎ᠦᠨ ᠭᠤᠤᠯ ᠬᠠᠷᠢᠭᠤᠴᠠᠯᠭᠠᠳᠤ ᠰᠠᠭᠤᠷᠢᠯᠠᠨ᠂ ᠠᠵᠢᠯᠲᠠᠨ ᠠᠵᠢᠯᠴᠢᠨ᠎ᠤ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠵᠤ᠂ ᠣᠨᠣᠯ᠎ᠢᠶᠡᠷ ᠵᠡᠪᠰᠡᠭ᠌ᠯᠡᠬᠦ ᠪᠠᠨ ᠴᠢᠩᠭᠠᠳᠭᠠᠨ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠭᠦᠶ᠋ᠴᠡᠳ ᠪᠠᠳᠠᠷᠠᠭᠤᠯᠵᠤ᠂ ᠠᠵᠢᠯ ᠲᠥᠷᠥᠯ᠎ᠦᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠦᠨ᠂ ᠭᠠᠵᠠᠷ ᠣᠷᠣᠨ᠎ᠤ ᠬᠣᠲᠠ ᠶ᠋ᠢᠨ ᠪᠥᠲᠥᠭᠡᠨ ᠪᠠᠢᠭᠤᠯᠤᠯᠲᠠ᠂ ᠠᠵᠤ ᠠᠬᠤᠶ᠎ᠶ᠋ᠢᠨ ᠬᠥᠭ᠌ᠵᠢᠯᠲᠡ᠂ ᠨᠡᠢᠭᠡᠮ᠎ᠦᠨ ᠡᠶ᠎ᠡ ᠵᠣᠬᠢᠴᠠᠩᠭᠤᠢ᠎ᠵᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠌᠎ᠶ᠋ᠢ ᠵᠣᠷᠢᠭ᠍ᠵᠢᠭᠤᠯᠤᠨ᠎ᠠ》 ᠭᠡᠵᠤ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃