2024-08-27 09:54:54
8 ᠰᠠᠷ᠎ᠠ᠎ᠶ᠋ᠢᠨ 23 ᠤ᠋ ᠡᠳᠦᠷ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠦᠨ ᠱᠢᠰᠲᠸᠮ ᠨᠢᠭᠡᠴᠢ ᠶ᠋ᠢᠨ ᠬᠤᠪᠢᠶᠠᠷᠢᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠵᠠᠢ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ ᠤ ᠡᠪᠯᠡᠯ ᠦᠨ ᠱᠢᠰᠲ᠋ᠧᠮ ᠦᠨ ᠤᠬᠠᠭᠤᠯᠤᠨ ᠲᠠᠢᠯᠪᠤᠷᠢᠯᠠᠬᠤ ᠪᠦᠯᠬᠦᠮ ᠳᠤᠮᠳᠠᠳᠤ ᠤᠯᠤᠰ ᠤᠨ ᠲᠡᠮᠦᠷ ᠵᠠᠮ ᠤᠨ ᠵᠢᠷᠭᠤᠳᠤᠭᠠᠷ ᠲᠣᠪᠴᠢᠶᠠᠨ ᠤ ᠬᠥᠬᠡᠬᠣᠲᠠ ᠵᠢᠨ ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠺᠣᠮᠫᠠᠨᠢ᠂ ᠲᠢᠶᠠᠨ ᠵᠢᠶᠤᠤ ᠠᠭᠠᠷ ᠤᠨ ᠠᠶᠠᠯᠠᠯ᠎ᠤᠨ ᠺᠣᠮᠫᠠᠨᠢ ᠳᠤ ᠬᠥᠷᠴᠤ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠦᠬᠦᠲᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠣᠯᠠᠨ ᠺᠠᠳ᠋ᠷ ᠠᠵᠢᠯᠲᠠᠨ᠎ᠤ ᠳᠤᠮᠳᠠ ᠳᠠᠮᠵᠢᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠯᠦ᠍ ᠴᠢᠶᠣᠤ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠮᠠᠲᠧᠷᠢᠶᠠᠯ ᠲᠥᠬᠥᠭᠡᠷᠦᠮᠵᠢ ᠶ᠋ᠢᠨ ᠲᠥᠪ ᠦᠨ ᠳᠡᠳ᠋ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ ᠰᠦᠩ ᠶᠤᠸᠠᠨ ᠪᠢᠶᠤᠤ ᠳᠤᠮᠳᠠᠳᠤ ᠤᠯᠤᠰ᠎ᠤᠨ ᠲᠡᠮᠦᠷ ᠵᠠᠮ᠎ᠤᠨ ᠵᠢᠷᠭᠤᠳᠤᠭᠠᠷ ᠲᠣᠪᠴᠢᠶᠠᠨ᠎ᠤ ᠬᠦᠬᠡᠬᠤᠲᠠ ᠵᠢᠨ ᠲᠡᠮᠦᠷ ᠵᠠᠮ᠎ᠤᠨ ᠪᠦᠳᠦᠭᠡᠨ ᠪᠠᠢᠭᠤᠯᠤᠯᠲᠠ᠎ᠶ᠋ᠢᠨ ᠺᠣᠮᠫᠠᠨᠢ ᠳ᠋ᠤ ᠬᠦᠷᠴᠦ᠍᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ ᠥᠭᠡᠷᠡᠴᠢᠯᠡᠯᠲᠡ᠎ᠶ᠋ᠢ ᠤᠯᠠᠮ ᠨᠢᠬᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠴᠢᠨᠠᠷ ᠪᠣᠯᠤᠨ ᠵᠠᠢᠯᠠᠰᠢ ᠦᠭᠡᠢ ᠴᠢᠨᠠᠷ᠎ᠢ ᠭᠦᠨᠵᠡᠭᠡᠢ ᠲᠠᠨᠢᠬᠤ ᠵᠡᠷᠭᠡ ᠲᠠᠯ᠎ᠠ᠎ᠪᠠᠷ᠂ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠣᠳᠣᠷᠬᠠᠢᠯᠠᠨ ᠲᠠᠢᠯᠪᠤᠷᠢᠯᠠᠪᠠ᠃ 《ᠠᠵᠤ ᠠᠬᠤᠢᠯᠠᠯ ᠤᠨ ᠡᠩ ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡᠨ ᠦ ᠡᠳᠦᠷ ᠲᠤᠲᠤᠮ ᠤᠨ ᠠᠵᠢᠯ ᠨᠢ ᠡᠲᠡᠭᠡᠷ ᠲᠥᠷᠥ ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠲᠠᠶ ᠨᠢᠭ᠍ᠲᠠ ᠬᠣᠯᠪᠣᠭ᠎ᠠ᠎ᠲᠠᠶ ᠶᠤᠮ᠂ ᠪᠢ ᠤᠬᠠᠭᠤᠯᠤᠨ ᠲᠠᠢᠯᠪᠤᠷᠢᠯᠠᠬᠤ ᠡᠨᠡ ᠬᠦ᠌ ᠠᠵᠠ ᠲᠣᠬᠢᠶᠠᠯ ᠢ ᠠᠱᠢᠭ᠍ᠯᠠᠨ᠂ ᠮᠠᠨ᠎ᠤ ᠬᠠᠮᠲᠤ ᠠᠵᠢᠯᠯᠠᠭ᠍ᠰᠠᠳ ᠨᠢᠭᠡᠪᠦᠷᠢ᠎ᠪᠠᠨ ᠵᠤᠷᠢᠬᠵᠢᠭᠤᠯᠤᠨ᠂ ᠭᠠᠷ ᠬᠣᠯᠪᠣᠨ ᠬᠠᠮᠲᠤ᠎ᠪᠠᠷ ᠤᠷᠤᠭ᠍ᠰᠢᠯᠠᠵᠤ᠂ ᠥᠪᠡᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ》 ᠬᠡᠵᠤ ᠰᠦᠩ ᠶᠤᠸᠠᠨ ᠪᠢᠶᠤᠤ ᠬᠡᠯᠡᠪᠡ᠃
《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠮᠢᠨᠦ᠍ ᠰᠡᠳᠭᠢᠯ᠎ᠳᠦ ᠪᠠᠲᠤ ᠴᠢᠩᠭ᠎ᠠ ᠡᠭᠦᠷᠭᠡ ᠬᠠᠷᠢᠭᠤᠴᠠᠯᠭᠠᠲᠤ ᠰᠡᠳᠭᠢᠯᠭᠡ ᠣᠷᠭᠢᠯᠤᠨ᠎ᠠ》᠃ ᠳᠤᠮᠳᠠᠳᠤ ᠤᠯᠤᠰ᠎ᠤᠨ ᠲᠡᠮᠦᠷ ᠵᠠᠮ᠎ᠤᠨ ᠵᠢᠷᠭᠤᠳᠤᠭᠠᠷ ᠲᠣᠪᠴᠢᠶᠠᠨ ᠤ ᠬᠥᠬᠡᠬᠣᠲᠠ ᠵᠢᠨ ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠺᠣᠮᠫᠠᠨᠢ᠎ᠶ᠋ᠢᠨ ᠬᠡᠮᠵᠢᠨ ᠵᠢᠷᠤᠵᠤ ᠪᠤᠳᠤᠬᠤ ᠲᠥᠷᠥᠯ᠎ᠦᠨ ᠬᠡᠯᠲᠡᠰ᠎ᠦᠨ ᠠᠵᠢᠯᠲᠠᠨ ᠶᠠᠩ ᠶᠠ ᠵᠢᠶᠦ᠋ᠨ᠄ 《ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠨᠢ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠲᠡᠶ ᠪᠠᠢᠵᠤ᠂ ᠮᠢᠨᠦ᠍ ᠠᠵᠢᠯ᠎ᠤᠨ ᠲᠤᠬᠠᠶ ᠬᠠᠢᠷ᠎ᠠ ᠬᠥᠭᠡᠭᠡᠴᠡᠯᠳᠦᠯ᠎ᠢ ᠬᠥᠭ᠌ᠵᠢᠭᠡᠪᠡ᠃ ᠪᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ ᠲᠣᠰ ᠪᠡᠶ᠎ᠡ᠎ᠶ᠋ᠢᠨ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ᠎ᠢᠶᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠨᠠᠩ ᠴᠢᠩᠭ᠎ᠠ ᠨᠢᠮᠪᠠᠶ ᠣᠪᠣᠷ᠂ ᠨᠠᠩ ᠨᠠᠷᠢᠯᠢᠭ ᠣᠨᠣᠪᠴᠢᠲᠠᠶ ᠬᠡᠮᠵᠢᠨ ᠵᠢᠷᠤᠬᠤ ᠮᠡᠷᠭᠡᠵᠢᠯ᠎ᠢᠶᠡᠷ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠪᠠᠲᠤᠯᠠᠨ᠎ᠠ》 ᠬᠡᠵᠠᠢ᠃
ᠲᠢᠶᠠᠨ ᠵᠢᠶᠤᠤ ᠠᠭᠠᠷ᠎ᠤᠨ ᠠᠶᠠᠯᠠᠯ ᠤᠨ ᠺᠣᠮᠫᠠᠨᠢ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠬᠥᠬᠡᠬᠣᠲᠠ᠎ᠶ᠋ᠢᠨ ᠭᠠᠵᠠᠷ ᠳᠤᠤᠷᠠᠬᠢ ᠲᠡᠮᠦᠷ ᠵᠠᠮ᠎ᠤᠨ ᠡᠵᠡᠩᠨᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠦᠴᠦᠳᠡᠯ ᠥᠭᠡᠷᠡᠴᠢᠯᠡᠵᠦ᠍ ᠰᠡᠯᠪᠢᠨ ᠵᠠᠰᠠᠬᠤ ᠳᠡᠭᠡᠳᠦ ᠵᠡᠷᠭᠡ᠎ᠶ᠋ᠢᠨ ᠢᠨᠵᠧᠨᠧᠷ᠂ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠪᠥᠬᠥ᠌ ᠤᠯᠤᠰ᠎ᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ ᠭᠦᠸᠧ᠎ᠶ᠋ᠢᠨ ᠯᠦᠩ ᠴᠢᠳᠠᠪᠤᠷᠢᠲᠠᠨ᠎ᠤ ᠪᠠᠢᠭᠤᠯᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠂ ᠲᠠᠪᠴᠠᠩ ᠪᠠᠢᠭᠤᠯᠬᠤ᠂ ᠡᠯ᠎ᠡ ᠲᠥᠷᠥᠯ᠎ᠦᠨ ᠴᠢᠳᠠᠪᠤᠷᠢᠲᠠᠨ᠎ᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠭᠠᠷᠳᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠳᠤ ᠲᠠᠢᠯᠤᠮᠵᠢ ᠬᠢᠪᠠ᠃ ᠲᠡᠷᠡ ᠥᠪᠡᠷ᠎ᠦᠨ ᠬᠡᠷᠬᠢᠨ ᠡᠩ᠎ᠦᠨ ᠠᠵᠢᠯᠴᠢᠨ᠎ᠠᠴᠠ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠤᠮᠠᠷᠠᠲᠤ ᠬᠢᠯᠢ᠎ᠶ᠋ᠢᠨ ᠤᠷᠠᠨ ᠳᠠᠷᠬᠠᠨ ᠪᠣᠯᠤᠭ᠍ᠰᠠᠨ ᠲᠡᠮᠡᠴᠡᠯ᠎ᠦᠨ ᠦᠯᠢᠭᠡᠷ᠎ᠢᠶᠡᠨ ᠶᠠᠷᠢᠵᠤ᠂ ᠥᠪᠡᠷ᠎ᠦᠨ ᠥᠩᠭᠡᠷᠡᠯᠲᠡ᠎ᠪᠡᠷ᠎ᠢᠶᠡᠨ 《ᠬᠥᠳᠡᠯᠮᠦᠷᠢ ᠵᠣᠯ ᠵᠢᠷᠭᠠᠯ᠎ᠢ ᠡᠭᠦᠳᠴᠦ᠍᠂ ᠪᠣᠳᠠᠲᠠᠢ ᠠᠵᠢᠯᠯᠠᠪᠠᠯ ᠠᠭᠤᠤ ᠦᠢᠯᠡᠰ᠎ᠢ ᠪᠦᠲᠦᠭᠡᠬᠦ᠌》 ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠵᠤ᠂ ᠱᠢᠨ᠎ᠡ ᠴᠠᠭ ᠦᠶ᠎ᠡ᠎ᠶ᠋ᠢᠨ ᠬᠥᠳᠡᠯᠮᠦᠷᠢᠴᠢᠳ᠎ᠦᠨ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠠᠵᠢᠯ ᠦᠢᠯᠡᠰ᠎ᠢᠶᠡᠨ ᠳᠡᠭᠡᠳᠦᠯᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠬᠠᠷᠠᠮ ᠦᠭᠡᠢ ᠵᠣᠷᠢᠭᠤᠯᠬᠤ ᠰᠠᠢ᠌ᠨ ᠰᠠᠢᠬᠠᠨ ᠬᠡᠪ ᠰᠤᠷᠳᠠᠯ᠎ᠢ ᠢᠯᠡᠷᠡᠭᠦᠯᠪᠡ᠃
ᠪᠣᠷᠣᠭ᠍ᠵᠢᠭᠤᠨ ᠪᠦᠭᠡᠳ ᠰᠡᠳᠭᠢᠯ ᠬᠥᠳᠡᠯᠭᠡᠮ᠎ᠡ ᠤᠬᠠᠭᠤᠯᠤᠨ ᠲᠠᠢᠯᠪᠤᠷᠢᠯᠠᠯᠲᠠ ᠨᠢ ᠣᠯᠠᠨ᠎ᠢ ᠤᠷᠮᠠᠰᠢᠭᠤᠯᠤᠨ ᠵᠤᠷᠢᠬᠵᠢᠭᠤᠯᠤᠨ᠎ᠠ᠃ ᠲᠢᠶᠠᠨ ᠵᠢᠶᠤᠤ ᠠᠭᠠᠷ ᠤᠨ ᠠᠶᠠᠯᠠᠯ᠎ᠤᠨ ᠺᠣᠮᠫᠠᠨᠢ᠎ᠶ᠋ᠢᠨ ᠰᠡᠯᠪᠢᠨ ᠵᠠᠰᠠᠬᠤ ᠢᠨᠵᠧᠨᠧᠷᠢᠩ ᠦᠨ ᠬᠡᠯᠲᠡᠰ᠎ᠦᠨ ᠠᠶᠠᠯᠠᠯ ᠤᠨ ᠱᠤᠭᠤᠮ᠎ᠤᠨ ᠰᠡᠯᠪᠢᠨ ᠵᠠᠰᠠᠬᠤ ᠬᠤᠪᠢᠶᠠᠷᠢ ᠮᠡᠷᠭᠡᠵᠢᠯ ᠦᠨ ᠲᠤᠰᠠᠯᠠᠮᠵᠢ᠎ᠶ᠋ᠢᠨ ᠢᠨᠵᠧᠨᠧᠷ᠂ ᠱᠢᠨ᠎ᠡ᠎ᠶ᠋ᠢ ᠡᠭᠦᠳᠬᠦ᠌ ᠠᠵᠢᠯᠯᠠᠬᠤ ᠲᠠᠰᠤᠭ᠎ᠤᠨ ᠲᠥᠷᠥᠯ ᠵᠦᠶ᠋ᠯ᠎ᠦᠨ ᠬᠠᠷᠢᠭᠤᠴᠠᠯᠭᠠᠲᠠᠨ ᠬᠠᠨ ᠴᠢᠶᠣᠤ᠄ 《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠭᠤᠤᠯ ᠡᠯᠧᠮᠧᠨ᠋ᠲ ᠪᠣᠯᠬᠤ ᠪᠥᠭᠡᠳ ᠱᠢᠨ᠎ᠡ᠎ᠶ᠋ᠢ ᠡᠭᠦᠳᠬᠦ᠌ ᠠᠵᠢᠯ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠥᠬᠥ᠌ ᠲᠠᠯ᠎ᠠ᠎ᠳᠠᠬᠢ ᠭᠤᠤᠯᠯᠠᠬᠤ ᠪᠠᠢᠷᠢ ᠰᠠᠭᠤᠷᠢ᠎ᠶ᠋ᠢ ᠭᠦᠶ᠋ᠴᠡᠳ ᠲᠠᠨᠢᠵᠤ ᠤᠯᠪᠠ᠃ ᠪᠢᠳᠡ ᠴᠠᠭ ᠦᠶ᠎ᠡ᠎ᠶ᠋ᠢᠨ ᠰᠤᠳᠠᠰᠤ᠎ᠶ᠋ᠢ ᠪᠠᠲᠤ ᠡᠵᠡᠮᠳᠡᠵᠦ᠍᠂ ᠴᠢᠨᠠᠷ ᠰᠠᠢᠲᠠᠶ ᠬᠥᠭ᠌ᠵᠢᠯᠲᠡ᠎ᠪᠡᠷ ᠬᠠᠷᠠᠯᠲᠠ ᠪᠣᠯᠭᠠᠵᠤ᠂〈ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ〉᠎ᠳ᠋ᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠱᠢᠨ᠎ᠡ᠎ᠶ᠋ᠢ ᠡᠭᠦᠳᠬᠦ᠌᠎ᠪᠡᠷ ᠬᠠᠮᠵᠢᠯᠴᠠᠨ ᠪᠣᠭᠣᠮᠲᠠ ᠱᠢᠪᠲᠤᠯᠵᠤ᠂ ᠰᠡᠯᠪᠢᠨ ᠵᠠᠰᠠᠬᠤ ᠪᠠᠲᠤᠯᠠᠭ᠎ᠠ᠎ᠶ᠋ᠢᠨ ᠬᠦᠷᠢᠶᠡᠨ᠎ᠳᠡᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠮᠡᠷᠭᠡᠵᠢᠯ᠎ᠦᠨ ᠳᠠᠪᠱᠢᠯᠲᠠ᠎ᠶ᠋ᠢ ᠢᠳᠡᠪᠬᠢᠲᠡᠶ ᠠᠬᠢᠭᠤᠯᠤᠨ᠎ᠠ》 ᠬᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃