2024-08-27 16:16:29
— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠪᠥᠬᠥ᠌ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢᠨ ᠲᠤᠬᠠᠶ ᠬᠦᠤᠷᠨᠢᠯ
7 ᠰᠠᠷ᠎ᠠ᠎ᠶ᠋ᠢᠨ 29 ᠤ᠋ ᠡᠳᠦᠷ᠂ ᠪᠥᠬᠥ᠌ ᠴᠡᠷᠢᠭ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠤᠬᠠᠭᠤᠯᠤᠨ ᠲᠠᠢᠯᠪᠦᠷᠢᠯᠠᠯᠲᠠ ᠵᠢᠨ ᠠᠩᠬᠠᠨ᠎ᠤ ᠲᠠᠯᠠᠪᠠᠢ ᠮᠡᠳᠡᠭᠦᠯᠦᠯᠲᠡ᠎ᠶ᠋ᠢᠨ ᠬᠤᠷᠠᠯ ᠪᠡᠭᠡᠵᠢᠩ᠎ᠳᠦ ᠶᠠᠪᠤᠭ᠍ᠳᠠᠵᠤ᠂ ᠬᠤᠷᠠᠯ᠎ᠤᠨ ᠳᠠᠷᠠᠭ᠎ᠠ ᠪᠥᠬᠥ᠌ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ 5 ᠳᠤᠭᠤᠢᠯᠠᠩ ᠬᠤᠪᠢᠶᠠᠨ ᠪᠥᠬᠥ᠌ ᠴᠡᠷᠢᠭ᠎ᠦᠨ ᠡᠯ᠎ᠡ ᠨᠢᠭᠡᠴᠢ᠎ᠳᠦ ᠬᠦᠷᠴᠦ᠍ 20 ᠲᠠᠯᠠᠪᠠᠢ ᠲᠣᠭᠣᠷᠢᠨ ᠤᠬᠠᠭᠤᠯᠤᠨ ᠲᠠᠢᠯᠪᠤᠷᠢᠯᠠᠪᠠ᠃
ᠮᠡᠳᠡᠭᠦᠯᠦᠯᠲᠡᠪᠤᠯᠭᠠᠨ ᠬᠠᠯᠠᠭᠤᠨ ᠲᠤᠰᠭᠠᠯ ᠭᠠᠷᠴᠤ᠂ ᠤᠳᠠᠭ᠎ᠠ ᠪᠦᠷᠢ ᠵᠢᠨ ᠤᠬᠠᠭᠤᠯᠤᠨ ᠲᠠᠢᠯᠪᠦᠷᠢᠯᠠᠯᠲᠠ ᠬᠥᠮᠦᠰ᠎ᠦᠨ ᠰᠡᠳᠭᠢᠯ᠎ᠳᠦ ᠭᠦᠨ ᠬᠠᠳᠠᠩᠰᠢᠪᠠ᠃ ᠥᠷᠭᠡᠨ ᠤᠯᠠᠨ ᠳᠠᠷᠤᠭ᠎ᠠ ᠪᠠᠢᠯᠳᠤᠭ᠍ᠴᠢ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠵᠢᠨ ᠲᠣᠭ᠍ᠲᠠᠭᠠᠯ》᠎ᠤ᠋ᠨ ᠪᠠᠢᠷᠢᠯᠠᠭᠤᠯᠤᠯᠲᠠ ᠵᠢ ᠭᠦᠨᠵᠡᠭᠡᠢ ᠰᠤᠷᠤᠯᠴᠠᠨ ᠭᠦᠨᠵᠡᠭᠡᠢ ᠣᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠭᠡᠵᠦ᠂ 《ᠬᠣᠶᠠᠷ᠎ᠢ ᠲᠤᠭᠲᠠᠭᠠᠭᠰᠠᠨ》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠤᠯᠠᠮ ᠨᠢᠭᠡ ᠠᠯᠬᠤᠮ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ᠎ᠶ᠋ᠢᠨ ᠬᠠᠷᠢᠭᠤᠴᠠᠬᠤ ᠲᠦᠷᠢᠮ᠎ᠢ ᠲᠤᠭᠤᠰᠢᠯᠠᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌ ᠡᠷᠡᠰ ᠪᠠᠲᠤ ᠤᠬᠠᠮᠰᠠᠷ ᠪᠠ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠦᠨ ᠱᠢᠨ᠎ᠡ ᠪᠠᠢᠳᠠᠯ᠎ᠢ ᠲᠠᠰᠤᠷᠠᠯᠲᠠ ᠦᠭᠡᠶ ᠪᠤᠶ ᠪᠣᠯᠭᠠᠪᠠ᠃
ᠭᠤᠤᠯ ᠰᠡᠳᠦᠪ᠎ᠦᠨ ᠲᠣᠭᠣᠷᠢᠨ᠎ᠳᠤ ᠪᠥᠬᠥ᠌ ᠲᠠᠯ᠎ᠠ᠎ᠪᠠᠷ ᠱᠢᠰᠲ᠋ᠧᠮ᠎ᠲᠡᠶ ᠲᠠᠢᠯᠪᠤᠷᠢᠯᠠᠪᠠ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ ᠬᠤᠷᠠᠯᠳᠤᠬᠤ᠎ᠠᠴᠠ ᠡᠮᠦᠨ᠎ᠡ᠂ ᠨᠠᠮ᠎ᠤᠨ ᠲᠥᠪ ᠬᠣᠷᠢᠢ᠎ᠠ ᠪᠣᠯᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠬᠣᠯᠪᠣᠭ᠍ᠳᠠᠯ ᠪᠦᠬᠦᠢ ᠪᠠᠢᠷᠢᠯᠠᠭᠤᠯᠤᠯᠲᠠ ᠶᠣᠰᠣᠭᠠᠷ᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠤᠯᠤᠰ ᠲᠦᠷᠦ᠍᠎ᠶ᠋ᠢᠨ ᠠᠵᠢᠯ᠎ᠤᠨ ᠬᠡᠯᠲᠡᠰ᠎ᠡᠴᠡ ᠪᠦᠬᠦ᠌ ᠴᠡᠷᠢᠭ᠎ᠢ ᠵᠣᠬᠢᠶᠠᠨ ᠪᠠᠢᠭᠤᠯᠵᠤ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠨᠠᠷᠢᠨ ᠬᠢᠨᠠᠮᠠᠭᠠᠢ ᠰᠤᠳᠤᠯᠵᠤ᠂ ᠪᠦᠬᠦ᠌ ᠴᠡᠷᠢᠭ᠎ᠤᠨ ᠲᠤᠮᠳᠠ᠎ᠡᠴᠡ ᠤᠨᠤᠯ᠎ᠤᠨ ᠦᠨᠳᠦᠰᠦᠨ ᠪᠣᠯᠪᠠᠰᠤᠷᠠᠯ ᠰᠠᠢᠲᠠᠢ᠂ ᠤᠬᠠᠭᠤᠯᠤᠨ ᠲᠠᠢᠯᠪᠤᠷᠢᠯᠠᠬᠤ ᠲᠤᠷᠱᠢᠯᠭ᠎ᠠ᠎ᠪᠠᠷ ᠪᠠᠶᠠᠯᠢᠭ 10 ᠲᠤᠰᠭᠠᠢ ᠮᠡᠷᠭᠡᠵᠢᠯᠲᠡᠨ᠎ᠢ ᠱᠢᠯᠢᠨ ᠰᠣᠩᠭᠣᠵᠤ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠬᠤ᠎ᠶ᠋ᠢᠨ ᠬᠠᠮᠲᠤ ᠰᠠᠭᠤᠷᠢ ᠴᠢᠨᠠᠷᠲᠠᠢ ᠰᠤᠳᠤᠯᠭᠠᠨ ᠥᠷᠨᠢᠭᠦᠯᠪᠡ᠃ ᠪᠥᠬᠥᠳᠡ ᠬᠤᠷᠠᠯ ᠲᠡᠭᠦᠰᠦᠭ᠌ᠰᠡᠨ᠎ᠦ ᠳᠠᠷᠠᠭ᠎ᠠ᠂ ᠤᠬᠠᠭᠤᠯᠤᠨ ᠲᠠᠢᠯᠪᠤᠷᠢᠯᠠᠬᠤ ᠬᠥᠲᠥᠯᠪᠦᠷᠢ᠎ᠶ᠋ᠢ ᠦᠳᠲᠡᠷ ᠲᠦᠷᠭᠡᠨ ᠲᠤᠭᠤᠷᠪᠢᠨ ᠪᠢᠴᠢᠵᠦ᠍ ᠭᠠᠷᠭᠠᠨ᠂ ᠬᠢᠴᠢᠶᠡᠯ ᠪᠡᠯᠡᠳᠭᠡᠵᠦ᠍ ᠲᠤᠷᠱᠢᠨ ᠲᠠᠢᠯᠪᠦᠷᠢᠯᠠᠯᠲᠠ ᠬᠢᠪᠡ᠃
7 ᠰᠠᠷ᠎ᠠ᠎ᠶ᠋ᠢᠨ 30 ᠤ᠋ ᠡᠳᠦᠷ᠎ᠡᠴᠡ 8 ᠰᠠᠷ᠎ᠠ᠎ᠶ᠋ᠢᠨ 7 ᠤ᠋ ᠡᠳᠦᠷ ᠪᠣᠯᠲᠠᠯ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠪᠦᠬᠦ᠌ ᠴᠡᠷᠢᠭ᠎ᠲᠦ ᠬᠦᠷᠴᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠤᠬᠠᠭᠤᠯᠤᠨ ᠲᠠᠢᠯᠪᠤᠷᠢᠯᠠᠬᠤ ᠬᠠᠪᠰᠤᠷᠤᠨ ᠵᠢᠯᠣᠭᠤᠳᠤᠯᠭ᠎ᠠ ᠵᠢ ᠡᠯ᠎ᠡ ᠪᠠᠢᠯᠳᠤᠭᠠᠨ᠎ᠤ ᠲᠣᠭᠣᠷᠢᠭ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ ᠵᠡᠷᠭᠡ ᠨᠢᠭᠡᠴᠢ᠎ᠳᠦ ᠵᠠᠯᠭᠠᠭ᠎ᠠ᠎ᠪᠠᠷ ᠥᠷᠨᠢᠭᠦᠯᠪᠡ᠃ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠥᠷᠭᠡᠨ ᠤᠯᠠᠨ ᠳᠠᠷᠤᠭ᠎ᠠ ᠪᠠᠢᠯᠳᠤᠭ᠍ᠴᠢ᠎ᠳᠤ ᠪᠦᠬᠦ᠌ ᠲᠠᠯ᠎ᠠ᠎ᠶ᠋ᠢᠨ ᠭᠦᠨᠵᠡᠭᠡᠢ᠂ ᠨᠡᠪᠲᠡᠷᠬᠡᠢ ᠨᠠᠷᠢᠯᠢᠭ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠬᠦᠷᠭᠡᠭᠰᠡᠨ᠎ᠢᠶᠡᠷ ᠪᠠᠷᠠᠬᠤ ᠦᠭᠡᠢ ᠪᠠᠰᠠ ᠦᠨᠳᠦᠰᠦᠨ ᠱᠠᠲᠤᠨ᠎ᠳᠤ ᠭᠦᠨᠵᠡᠭᠡᠢᠷᠡᠨ ᠤᠯᠠᠨ᠎ᠲᠠᠶ ᠨᠢᠭᠤᠷᠳᠠᠨ ᠰᠠᠨᠠᠯ᠎ᠢᠶᠠᠨ ᠰᠣᠯᠢᠯᠴᠠᠵᠤ᠂ ᠬᠠᠯᠠᠮᠱᠢᠯ ᠠᠰᠠᠭᠤᠳᠠᠯ ᠤᠯᠠᠨ᠎ᠤ ᠠᠩᠬᠠᠷᠴᠤ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ ᠡᠷᠡᠭᠡᠯᠵᠡᠭᠡ ᠲᠥᠭᠡᠷᠢᠭ᠌ᠳᠡᠯ᠎ᠢ ᠨᠢ ᠲᠠᠢ᠌ᠯᠵᠤ ᠥᠭ᠌ᠪᠡ᠃
ᠤᠬᠠᠭᠤᠯᠤᠨ ᠲᠠᠢᠯᠪᠤᠷᠢᠯᠠᠯᠲᠠ᠎ᠶ᠋ᠢ ᠰᠣᠨᠣᠰᠤᠭ᠍ᠰᠠᠨ᠎ᠤ ᠳᠠᠷᠠᠭ᠎ᠠ᠂ ᠪᠦᠬᠦ᠌ ᠴᠡᠷᠢᠭ᠎ᠦᠨ ᠡᠯ᠎ᠡ ᠱᠠᠲᠤᠨ᠎ᠤ ᠬᠢᠨ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ ᠪᠣᠯᠤᠨ ᠨᠠᠮ᠎ᠤᠨ ᠡᠭᠦᠷ᠎ᠦᠨ ᠬᠤᠷᠠᠯ᠂ ᠨᠠᠮ᠎ᠤᠨ ᠳᠤᠭᠤᠢᠯᠠᠩ᠎ᠤᠨ ᠬᠤᠷᠠᠯ᠎ᠢ ᠨᠡᠢᠳᠡᠮ ᠠᠱᠢᠭ᠍ᠯᠠᠵᠤ ᠬᠥᠭ᠌ᠵᠢᠶᠡᠨᠲᠡᠢ ᠶᠠᠷᠢᠯᠴᠠᠭ᠎ᠠ ᠦᠷᠨᠢᠭᠦᠯᠪᠡ᠃
ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ ᠥᠭᠡᠷᠡᠴᠢᠯᠡᠯᠲᠡ ᠬᠢᠵᠦ᠍ ᠴᠡᠷᠢᠭ᠎ᠢ ᠬᠦᠴᠦᠷᠬᠡᠭ᠌ᠵᠢᠭᠦᠯᠬᠦ᠌᠎ᠶ᠋ᠢ ᠲᠤᠪᠤᠢ᠌ᠯᠭᠠᠪᠠ
ᠥᠭᠡᠷᠡᠴᠢᠯᠡᠯᠲᠡ ᠨᠡᠭᠡᠭᠡᠯᠲᠡ ᠪᠣᠯ ᠤᠯᠤᠰ᠎ᠢᠶᠠᠨ ᠬᠦᠴᠦᠷᠬᠡᠭ᠌ᠵᠢᠭᠦᠯᠬᠦ᠌ ᠵᠠᠮ ᠮᠥᠨ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠣᠯ ᠴᠡᠷᠢᠭ᠎ᠢᠶᠡᠨ ᠬᠦᠴᠦᠷᠬᠡᠭ᠌ᠵᠢᠭᠦᠯᠦᠨ ᠴᠡᠷᠢᠭ᠎ᠢᠶᠡᠨ ᠮᠠᠨᠳᠤᠭᠤᠯᠬᠤ᠎ᠶ᠋ᠢᠨ ᠵᠠᠢᠯᠠᠰᠢ ᠦᠭᠡᠢ ᠵᠠᠮ ᠮᠥᠨ᠃
ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢᠨ 《ᠭᠤᠷᠪᠠᠨ ᠶᠡᠬᠡ ᠳᠠᠢᠯᠠᠯᠳᠤᠭᠠᠨ》 ᠢ᠋ ᠠᠯᠬᠤᠮ ᠠᠯᠬᠤᠮ᠎ᠢᠶᠠᠷ ᠲᠦᠯᠬᠢᠨ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠠᠢᠭᠤᠯᠤᠯᠲᠠ᠎ᠶ᠋ᠢ ᠤᠷᠳᠤ ᠬᠤᠭᠤᠴᠠᠭ᠎ᠠ᠎ᠪᠠᠷ ᠬᠢᠵᠠᠭᠠᠷᠯᠠᠵᠤ ᠪᠠᠢᠭ᠍ᠰᠠᠨ ᠪᠠᠢᠭᠤᠯᠤᠯ᠎ᠤᠨ ᠴᠢᠨᠠᠷᠲᠠᠢ ᠬᠠᠷᠰᠢ ᠰᠠᠭᠠᠳ᠂ ᠪᠦᠲᠦᠴᠡ᠎ᠶ᠋ᠢᠨ ᠴᠢᠨᠠᠷᠲᠠᠢ ᠵᠥᠷᠢᠴᠡᠯ᠂ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷᠲᠠᠢ ᠠᠰᠠᠭᠤᠳᠠᠯ᠎ᠢ ᠭᠦᠨᠵᠡᠭᠡᠢ ᠰᠢᠢᠳᠪᠦᠷᠢᠯᠡᠵᠦ᠂ ᠠᠷᠠᠳ᠎ᠤᠨ ᠴᠡᠷᠢᠭ ᠠᠩᠭᠢ᠎ᠶ᠋ᠢᠨ ᠪᠠᠢᠭᠤᠯᠤᠯ᠂ ᠪᠦᠲᠦᠴᠡ᠂ ᠪᠠᠢᠷᠢᠱᠢᠯ᠂ ᠳᠦᠷᠰᠦ ᠪᠠᠢᠳᠠᠯ᠎ᠳᠤ ᠴᠣ ᠱᠢᠨ᠎ᠡ ᠬᠤᠪᠢᠷᠠᠯᠲᠠ ᠭᠠᠷᠴᠠᠢ ᠁ ᠤᠬᠠᠭᠤᠯᠤᠨ ᠲᠠᠢᠯᠪᠤᠷᠢᠯᠠᠯᠲᠠ ᠳᠤᠮᠳᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢᠨ ᠠᠮᠵᠢᠯᠲᠠ ᠪᠦᠲᠦᠮᠵᠢᠲᠡᠶ ᠤᠶᠠᠯᠳᠤᠭᠤᠯᠤᠨ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢ ᠡᠷᠡᠰ ᠭᠤᠢᠪᠢᠰᠢ ᠦᠭᠡᠢ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ᠃ 《ᠪᠢᠳᠡ ᠪᠦᠬᠦ᠌ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ᠂ ᠳᠠᠷᠤᠭ᠎ᠠ ᠪᠠᠢᠯᠳᠤᠭ᠍ᠴᠢᠳ᠎ᠤᠨ ᠦᠵᠡᠵᠦ᠍ ᠰᠣᠨᠢᠷᠬᠠᠬᠤ ᠳᠤᠷᠠᠲᠠᠢ ᠬᠡᠯᠪᠡᠷᠢ᠎ᠪᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ 〈ᠴᠡᠷᠢᠭ᠎ᠢ ᠬᠦᠴᠦᠷᠬᠡᠭ᠌ᠵᠢᠭᠦᠯᠬᠦ᠌ ᠬᠠᠭᠤᠳᠠᠰᠤ〉 ᠵᠢ ᠰᠠᠢᠲᠤᠷ ᠶᠠᠷᠢᠵᠤ᠂ ᠥᠭᠡᠷᠡᠴᠢᠯᠡᠯᠲᠡ᠎ᠬᠢᠵᠦ ᠴᠡᠷᠢᠭ᠎ᠢ ᠬᠦᠴᠦᠷᠬᠡᠭ᠌ᠵᠢᠭᠦᠯᠬᠦ᠌ᠲᠤᠬᠠᠢ ᠭᠦᠨᠵᠡᠭᠡᠢ ᠲᠣᠳᠣᠷᠬᠠᠢᠯᠠᠨ ᠲᠠᠢᠯᠪᠤᠷᠢᠯᠠᠯᠲᠠ᠎ᠶ᠋ᠢ ᠳᠤᠪᠤᠢ᠌ᠯᠭᠠᠵᠤ᠂ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠲᠣᠳᠣᠷᠬᠠᠢ ᠵᠦᠪ ᠤᠨᠤᠪᠴᠢᠲᠠᠢ ᠶᠠᠷᠢᠵᠤ᠂ ᠡᠯ᠎ᠡ ᠱᠠᠲᠤᠨ᠎ᠤ ᠬᠢᠨᠢ ᠬᠦᠳᠦᠯᠦᠨ ᠵᠢᠯᠣᠭᠣᠳᠴᠤ᠌ ᠪᠠᠢᠭᠠᠳ ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠬᠦᠴᠦᠲᠡᠢ ᠡᠮᠬᠢ ᠵᠢᠷᠤᠮ᠎ᠲᠠᠶ ᠠᠬᠢᠭᠤᠯᠤᠨ᠎ᠠ》᠃
《ᠲᠣᠭ᠍ᠲᠠᠭᠠᠯ》 ᠳ᠋ᠤ᠌ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠶᠡᠷᠦᠩᠬᠡᠢ ᠪᠠᠢᠳᠠᠯ᠎ᠳᠤ ᠣᠷᠣᠭᠤᠯᠵᠤ᠂ ᠥᠭᠡᠷᠡᠴᠢᠯᠡᠯᠲᠡ ᠬᠢᠵᠦ᠍ ᠴᠡᠷᠢᠭ᠎ᠢ ᠬᠦᠴᠦᠷᠬᠡᠭ᠌ᠵᠢᠭᠦᠯᠬᠦ᠌ ᠱᠢᠨ᠎ᠡ ᠪᠠᠢᠳᠠᠯ᠎ᠢ ᠪᠤᠢ ᠪᠣᠯᠭᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》᠃ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠴᠤ᠌᠂ ᠪᠣᠳᠠᠲᠠᠢ᠎ᠲᠠᠶ ᠤᠶᠠᠯᠳᠤᠭᠤᠯᠵᠤ᠂ ᠬᠤᠪᠢᠷᠠᠯᠲᠠ᠎ᠶ᠋ᠢ ᠣᠢᠯᠠᠭᠠᠵᠤ᠂ ᠥᠷᠭᠡᠨ ᠤᠯᠠᠨ ᠳᠠᠷᠤᠭ᠎ᠠ ᠪᠠᠢᠯᠳᠤᠭ᠍ᠴᠢ ᠰᠤᠷᠤᠯᠴᠠᠨ ᠶᠠᠷᠢᠯᠴᠠᠬᠤ ᠳᠤᠮᠳᠠ᠂ ᠥᠭᠡᠷᠡᠴᠢᠯᠡᠯᠲᠡ ᠪᠣᠯ ᠴᠡᠷᠢᠭ ᠠᠩᠬᠢ᠎ᠶ᠋ᠢᠨ ᠢᠷᠡᠭᠡᠳᠦᠢ᠎ᠶ᠋ᠢ ᠵᠢᠷᠤᠵᠤ ᠲᠥᠯᠥᠪᠯᠡᠬᠦ᠌ ᠪᠠ ᠴᠣᠭ᠍ᠴᠠᠯᠠᠬᠤ ᠵᠠᠩᠭᠢᠯᠠᠭ᠎ᠠ᠎ᠶ᠋ᠢᠨ ᠠᠷᠭ᠎ᠠ ᠮᠥᠨ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠣᠯ ᠴᠡᠷᠢᠭ᠎ᠢ ᠬᠦᠴᠦᠷᠬᠡᠭ᠌ᠵᠢᠭᠦᠯᠵᠦ᠍ ᠴᠡᠷᠢᠭ᠎ᠢ ᠮᠠᠨᠳᠤᠭᠤᠯᠬᠤ᠎ᠳᠤ ᠵᠠᠪᠠᠯ ᠶᠠᠪᠤᠬᠤ ᠵᠠᠮ ᠮᠥᠨ᠂ ᠴᠡᠷᠢᠭ᠎ᠢ ᠬᠦᠴᠦᠷᠬᠡᠭ᠌ᠵᠢᠭᠦᠯᠵᠦ᠍ ᠴᠡᠷᠢᠭ᠎ᠢ ᠮᠠᠨᠳᠤᠭᠤᠯᠬᠤ ᠬᠥᠳᠡᠯᠭᠡᠬᠦ᠌ ᠬᠦᠴᠦᠨ ᠨᠢ ᠥᠭᠡᠷᠡᠴᠢᠯᠡᠯᠲᠡ᠎ᠳᠦ ᠪᠤᠢ᠂ ᠭᠠᠷᠬᠤ ᠵᠠᠮ ᠨᠢ ᠥᠭᠡᠷᠡᠴᠢᠯᠡᠯᠲᠡ᠎ᠳᠦ ᠪᠤᠢ᠂ ᠢᠷᠡᠭᠡᠳᠦᠢ ᠨᠢ ᠴᠦ᠍ ᠥᠭᠡᠷᠡᠴᠢᠯᠡᠯᠲᠡ᠎ᠳᠦ ᠪᠤᠢ ᠭᠡᠳᠡᠭ᠎ᠢ ᠨᠡᠩ ᠭᠦᠨᠵᠡᠭᠡᠢ ᠲᠠᠨᠢᠵᠤ ᠤᠯᠪᠠ᠃
83 ᠳ᠋ᠤᠭᠠᠷ ᠨᠢᠭᠡᠳᠭᠡᠯ ᠠᠷᠮᠢ᠎ᠶ᠋ᠢᠨ ᠨᠢᠭᠡᠨ ᠪᠠᠷᠢᠭᠠᠳᠠ ᠤᠢᠷ᠎ᠠ᠎ᠶ᠋ᠢᠨ ᠵᠢᠯ᠎ᠡᠴᠡ ᠨᠠᠭᠠᠰᠢ ᠬᠡᠰᠡᠭ᠌ᠴᠢᠯᠡᠭ᠌ᠰᠡᠨ ᠪᠣᠯᠪᠠᠰᠤᠷᠠᠯ᠎ᠤᠨ ᠠᠷᠭ᠎ᠠ᠎ᠶ᠋ᠢ ᠳᠤᠷᠠᠳᠴᠤ᠌᠂ ᠪᠠᠢᠯᠳᠤᠭᠠᠨ᠎ᠤ ᠦᠷ᠎ᠡ ᠪᠦᠲᠦᠮᠵᠢ᠎ᠶ᠋ᠢ ᠪᠠᠳᠠᠷᠠᠭᠤᠯᠬᠤ᠂ ᠵᠢᠯᠣᠭᠣᠳᠭᠤ ᠬᠡᠯᠬᠢᠶ᠎ᠡ ᠵᠠᠮ᠎ᠢ ᠨᠡᠪᠲᠡᠷᠡᠭᠦᠯᠬᠦ᠌᠂ ᠪᠠᠢᠯᠳᠤᠭᠠᠨ ᠬᠢᠬᠦ᠌ ᠱᠢᠰᠲ᠋ᠧᠮ᠎ᠢ ᠠᠭᠤᠰᠤᠯᠴᠠᠭᠤᠯᠬᠤ ᠵᠢ ᠴᠢᠩᠭᠠᠳᠭᠠᠵᠤ᠂ ᠲᠤᠰᠭᠠᠶ ᠮᠡᠷᠭᠡᠵᠢᠯ᠎ᠦᠨ ᠬᠡᠰᠡᠭ᠌ᠴᠢᠯᠡᠭ᠌ᠰᠡᠨ ᠨᠠᠷᠢᠯᠢᠭ ᠪᠣᠯᠪᠠᠰᠤᠷᠠᠯ ᠪᠠ ᠣᠷᠣᠨ ᠠᠯᠤᠰᠯᠠᠨ ᠬᠠᠮᠵᠢᠯᠴᠠᠭᠰᠠᠨ ᠬᠠᠮᠲᠤᠷᠠᠭ᠍ᠰᠠᠨ ᠪᠣᠯᠪᠠᠰᠤᠷᠠᠯ᠎ᠢ ᠪᠠᠢᠩᠭᠤ ᠵᠣᠬᠢᠶᠠᠨ ᠪᠠᠢᠭᠤᠯᠪᠠ᠃ ᠲᠤᠰᠭᠠᠶ ᠮᠡᠷᠭᠡᠵᠢᠯ ᠠᠯᠤᠰᠯᠠᠭ᠍ᠰᠠᠨ ᠰᠤᠷᠤᠯᠴᠠᠯᠭ᠎ᠠ ᠪᠣᠯᠪᠠᠰᠤᠷᠠᠯ᠎ᠢᠶᠠᠨ ᠰᠠᠶᠢᠬᠠᠨ ᠳᠠᠭᠤᠰᠭᠠᠭ᠍ᠰᠠᠨ ᠨᠢᠭᠡᠨ ᠦᠨᠳᠦᠰᠦᠨ ᠱᠠᠲᠤᠨ᠎ᠤ ᠺᠠᠳ᠋ᠷ ᠰᠣᠯᠢᠯᠴᠠᠭ᠎ᠠ ᠬᠢᠬᠦ᠌᠎ᠳᠡᠭᠡᠨ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢ ᠡᠷᠡᠰ ᠭᠤᠢᠪᠢᠰᠢ ᠥᠬᠡᠶ ᠦᠷᠭᠦᠯᠵᠢᠯᠡᠨ ᠭᠦᠨᠵᠡᠭᠡᠢᠷᠡᠭᠦᠯᠬᠦ᠌᠎ᠳᠦ᠂ ᠪᠢᠳᠡ ᠡᠷᠬᠡᠪᠰᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠷᠠᠯᠲᠠ᠂ ᠲᠡᠢᠨ᠎ᠦ ᠬᠤᠪᠢᠷᠠᠯᠲᠠ᠂ ᠨᠦᠭᠦᠭᠡ ᠡᠲᠡᠭᠡᠳ᠎ᠦᠨ ᠬᠤᠪᠢᠷᠠᠯᠲᠠ᠎ᠶ᠋ᠢ ᠴᠢᠩᠭ᠎ᠠ ᠠᠩᠬᠠᠷᠴᠤ᠌᠂ ᠱᠢᠨ᠎ᠡ᠎ᠶ᠋ᠢ ᠡᠭᠦᠳᠬᠦ᠌ ᠮᠠᠶᠢᠭ᠎ᠤᠨ ᠠᠷᠠᠳ᠎ᠤᠨ ᠴᠡᠷᠢᠭ ᠠᠩᠭᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠴᠡᠷᠢᠭ᠎ᠦᠨ ᠶᠠᠪᠤᠳᠠᠯ᠎ᠤᠨ ᠥᠷᠢᠰᠥᠯᠳᠦᠭᠡᠨ᠎ᠦ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠬᠦ᠌ ᠬᠡᠷᠡᠭ᠌ᠲᠡᠶ ᠭᠡᠵᠡᠢ᠃
ᠴᠡᠷᠢᠭ᠎ᠦᠨ ᠶᠠᠪᠤᠳᠠᠯ᠎ᠤᠨ ᠰᠠᠨᠰᠠᠷ᠎ᠤᠨ ᠠᠶᠠᠯᠠᠯ᠎ᠤᠨ ᠴᠡᠷᠢᠭ ᠠᠩᠭᠢ᠎ᠶ᠋ᠢᠨ ᠨᠢᠭᠡᠨ ᠠᠩᠭᠢ᠂ ᠰᠦᠯᠵᠢᠶᠡᠨ᠎ᠦ ᠣᠷᠣᠨ ᠵᠠᠶ᠎ᠶ᠋ᠢᠨ ᠴᠡᠷᠢᠭ ᠠᠩᠭᠢ᠎ᠶ᠋ᠢᠨ ᠨᠢᠭᠡᠨ ᠠᠩᠭᠢ᠂ ᠮᠡᠳᠡᠭᠡ ᠵᠠᠩᠭᠢ᠎ᠶ᠋ᠢᠨ ᠲᠤᠰᠠᠯᠠᠮᠵᠢ ᠦᠵᠡᠭᠦᠯᠬᠦ᠌ ᠴᠡᠷᠢᠭ ᠠᠩᠭᠢ᠎ᠶ᠋ᠢᠨ ᠨᠢᠭᠡᠨ ᠠᠩᠭᠢ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠨᠢᠭᠡᠨ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠎ᠳᠤ᠂ ᠡᠷᠬᠡᠪᠰᠢ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢ ᠨᠠᠩ ᠲᠣᠪᠣᠢᠮ᠎ᠠ ᠪᠠᠢᠷᠢᠨ᠎ᠳᠤ ᠲᠠᠯᠪᠢᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠠᠢᠭᠠᠳ ᠥᠭᠡᠷᠡᠴᠢᠯᠡᠯᠲᠡ᠎ᠪᠡᠷ ᠴᠡᠷᠢᠭ᠎ᠢ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠥᠭᠡᠷᠡᠴᠢᠯᠡᠯᠲᠡ᠎ᠶ᠋ᠢ ᠡᠷᠡᠰ ᠭᠤᠢᠪᠢᠰᠢ ᠥᠬᠡᠶ᠎ᠪᠡᠷ ᠡᠴᠦᠰ᠎ᠲᠦᠨᠢ ᠲᠤᠯᠲᠠᠯ᠎ᠠ ᠬᠢᠬᠦ᠌ ᠬᠡᠷᠡᠭ᠌ᠲᠡᠶ ᠭᠡᠵᠦ ᠢᠯᠡᠳᠭᠡᠵᠡᠭᠡᠪᠡ᠃
《ᠲᠣᠭ᠍ᠲᠠᠭᠠᠯ》 ᠳ᠋ᠤ᠌ 《ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠲᠤᠭᠤᠱᠢᠯᠠᠭᠤᠯᠬᠤ ᠲᠦᠷᠢᠮ ᠲᠣᠭ᠍ᠲᠡᠴᠡ᠎ᠶ᠋ᠢ ᠪᠦᠷᠢᠨᠱᠢᠬᠦᠯᠵᠤ᠂ ᠤᠯᠤᠰ ᠲᠦᠷᠦ᠍᠎ᠪᠡᠷ ᠴᠡᠷᠢᠭ ᠪᠠᠢᠭᠤᠯᠬᠤ᠎ᠶ᠋ᠢ ᠭᠦᠨᠵᠡᠭᠡᠢ ᠠᠬᠢᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃ ᠰᠤᠷᠤᠯᠴᠠᠯᠭ᠎ᠠ ᠶᠠᠷᠢᠯᠴᠠᠭ᠎ᠠ᠎ᠳᠤ ᠣᠷᠣᠯᠴᠠᠬᠤ᠎ᠳᠠᠭᠠᠨ᠂ ᠴᠡᠷᠢᠭ᠎ᠦᠨ ᠶᠠᠪᠤᠳᠠᠯ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠢᠭᠡᠨ ᠰᠤᠳᠤᠯᠭᠠᠨ᠎ᠤ ᠬᠦᠷᠢᠶᠡᠯᠡᠩ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠡᠬᠡ ᠰᠤᠷᠭᠠᠭᠤᠯᠢ᠎ᠶ᠋ᠢᠨ ᠨᠢᠭᠡᠨ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ᠂ ᠪᠢᠳᠡ ᠡᠷᠬᠡᠪᠰᠢ ᠡᠨᠡ ᠬᠦ᠌ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠰᠤᠷᠤᠯᠴᠠᠨ ᠣᠢᠯᠠᠭᠠᠵᠤ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠤᠯᠤᠰ ᠲᠥᠷᠥ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ᠎ᠶ᠋ᠢᠨ ᠤᠯᠤᠰ ᠲᠥᠷᠥ᠎ᠪᠡᠷ ᠴᠡᠷᠢᠭ ᠪᠠᠢᠭᠤᠯᠬᠤ ᠠᠷᠭ᠎ᠠ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠲᠥᠷᠥ᠎ᠪᠡᠷ ᠴᠡᠷᠢᠭ ᠪᠠᠢᠭᠤᠯᠬᠤ ᠴᠠᠭ ᠦᠶ᠎ᠡ᠎ᠶ᠋ᠢᠨ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠬᠤᠪᠢᠰᠭᠠᠯᠲᠤ ᠴᠢᠨᠠᠷ᠎ᠢᠶᠠᠷ ᠤᠯᠤᠰ ᠲᠥᠷᠥ᠎ᠶ᠋ᠢᠨ ᠦᠨᠡᠨᠴᠢ ᠱᠢᠳᠤᠷᠭᠤ᠎ᠶ᠋ᠢ ᠳᠠᠪᠲᠠᠨ ᠪᠣᠯᠪᠠᠰᠤᠷᠠᠭᠤᠯᠵᠤ᠂ ᠠᠷᠢᠭᠤᠨ ᠴᠡᠪᠡᠷ ᠪᠠ ᠢᠷᠠᠭᠤ ᠠᠯᠳᠠᠷ᠎ᠢ ᠡᠭᠦᠷᠢᠳᠡ ᠪᠠᠲᠤᠯᠠᠵᠤ᠂ ᠴᠡᠷᠢᠭ᠎ᠢ ᠬᠦᠴᠦᠷᠬᠡᠭ᠌ᠵᠢᠭᠦᠯᠬᠦ᠌ ᠦᠶ᠋ᠯᠡᠰ᠎ᠲᠦ ᠪᠠᠲᠤ ᠴᠢᠩᠭ᠎ᠠ ᠤᠯᠤᠰ ᠲᠥᠷᠥ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ᠍ ᠢᠯᠡᠳᠭᠡᠪᠡ᠃
ᠲᠠᠷᠢᠬᠢᠨ᠎ᠳᠠᠭᠠᠨ ᠰᠠᠭᠤᠭ᠍ᠳᠠᠭᠤᠯᠵᠤ ᠵᠢᠷᠦᠬᠡᠨ᠎ᠳᠡᠭᠡᠨ ᠬᠠᠳᠠᠨᠭᠰᠢᠭᠤᠯᠵᠤ ᠪᠤᠲᠠᠲᠠᠢ ᠳ᠋ᠤ ᠨᠠᠢᠳᠠᠪᠤᠷᠢᠵᠢᠭᠤᠯᠤᠭᠳᠠᠬᠤ ᠵᠢ ᠠᠬᠢᠭᠤᠯᠪᠠ
ᠪᠦᠬᠦ᠌ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢᠨ ᠵᠢᠱ᠌ᠢᠢ᠎ᠡ ᠦᠵᠡᠭᠦᠯᠬᠦ ᠲᠠᠢ᠌ᠴᠢᠯᠠᠯᠳᠠ ᠳᠣᠣᠷ᠎ᠠ᠂ ᠡᠯ᠎ᠡ ᠨᠢᠭᠡᠴᠢ᠎ᠶ᠋ᠢᠨ ᠬᠢᠨ ᠱᠠᠳᠤ ᠪᠦᠯᠦᠭ ᠬᠤᠪᠢᠶᠠᠨ ᠲᠤᠰᠭᠠᠢ ᠰᠡᠳᠦᠪᠲᠦ ᠰᠤᠷᠤᠯᠴᠠᠯᠭ᠎ᠠ᠎ᠶ᠋ᠢ ᠰᠠᠢᠲᠤᠷ ᠬᠢᠵᠦ᠍᠂ ᠤᠬᠠᠭᠤᠯᠤᠨ ᠲᠠᠢᠯᠪᠤᠷᠢᠯᠠᠬᠤ ᠠᠵᠢᠯ᠎ᠢ ᠨᠢᠮᠪᠠᠢ ᠵᠣᠬᠢᠶᠠᠨ ᠪᠠᠢᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠰᠠᠢᠲᠤᠷ ᠠᠳᠭᠤᠬᠤ ᠲᠤᠬᠠᠢ ᠪᠠᠢᠷᠢᠯᠠᠭᠤᠯᠤᠯᠲᠠ ᠲᠤᠬᠢᠷᠠᠭᠤᠯᠤᠯᠳᠠ ᠬᠢᠪᠠ᠃ ᠲᠠᠯᠠᠪᠠᠢ ᠲᠡᠰ ᠳᠠᠪᠬᠤᠷᠭ᠎ᠠ ᠬᠤᠪᠢᠶᠠᠭ᠍ᠰᠠᠨ᠂ ᠬᠡᠯᠪᠡᠷᠢ ᠨᠢ ᠤᠯᠠᠨ ᠶᠠᠩᠵᠤ᠎ᠶ᠋ᠢᠨ᠂ ᠪᠣᠳᠠᠲᠠᠢ᠎ᠶ᠋ᠢ ᠡᠷᠬᠢᠮᠯᠡᠭ᠌ᠰᠡᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠪᠦᠬᠦ᠌ ᠴᠡᠷᠢᠭ᠎ᠤᠨ ᠬᠦᠷᠢᠶᠡᠨ ᠳ᠋ᠤ ᠥᠷᠨᠢᠩᠭᠦᠢ ᠶᠠᠪᠤᠭ᠍ᠳᠠᠵᠤ᠂ ᠴᠡᠷᠢᠭ᠎ᠦᠨ ᠬᠤᠸᠠᠷᠠᠨ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ ᠭᠠᠷᠪᠠ᠃ ᠥᠷᠭᠡᠨ ᠣᠯᠠᠨ ᠳᠠᠷᠤᠭ᠎ᠠ ᠪᠠᠢᠯᠳᠤᠭ᠍ᠴᠢ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠭᠡᠵᠦ᠍᠂ 《ᠲᠣᠭ᠍ᠲᠠᠭᠠᠯ》᠎ᠤ᠋ᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠶᠠᠰᠤ ᠴᠢᠨᠠᠷ ᠦᠷ᠎ᠡ ᠪᠦᠲᠦᠮᠵᠢ ᠪᠠ ᠪᠠᠢᠯᠳᠤᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠢᠯᠡᠳᠭᠡᠵᠡᠭᠡᠪᠡ᠃
《ᠣᠳᠣᠬᠠᠨ᠎ᠳᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ 〈ᠳᠠᠢᠴᠢᠯᠠᠯᠲᠠ᠎ᠶ᠋ᠢᠨ ᠵᠠᠷᠯᠢᠭ〉 ᠨᠢᠭᠡᠨᠲᠡ ᠬᠠᠩᠭᠢᠨᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌ 〈ᠡᠭᠦᠷᠭᠡ᠎ᠶ᠋ᠢᠨ ᠪᠢᠴᠢᠭ〉 ᠢ᠋ ᠨᠢᠭᠡᠨᠲᠡ ᠪᠠᠭᠤᠯᠭᠠᠭ᠍ᠰᠠᠨ ᠪᠣᠯᠬᠣᠷ ᠡᠷᠬᠡᠪᠰᠢ ᠴᠠᠭ ᠪᠢᠳᠡᠨ᠎ᠢ ᠬᠦᠯᠢᠶᠡᠬᠦ᠌ ᠥᠬᠡᠶ ᠭᠡᠬᠦ᠌ ᠲᠤᠯᠭᠠᠮ ᠰᠡᠳᠭᠢᠯᠭᠡ᠎ᠪᠡᠷ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠬᠡᠷᠡᠭ᠌ᠲᠡᠶ》᠃ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠬᠠᠮᠲᠤᠷᠠᠭ᠍ᠰᠠᠨ ᠵᠢᠯᠣᠭᠣᠳᠭᠤ ᠲᠥᠪ᠎ᠦᠨ ᠺᠠᠳ᠋ᠷ᠂ ᠱᠢᠰᠲ᠋ᠧᠮ᠎ᠢ ᠤᠬᠠᠭᠠᠯᠠᠨ ᠲᠦᠯᠦᠪᠯᠡᠵᠦ ᠠᠬᠢᠭᠤᠯᠬᠤ᠎ᠶ᠋ᠢ ᠴᠢᠬᠤᠯᠠᠴᠢᠯᠠᠵᠤ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠳᠤ ᠠᠭᠤᠯᠤᠭ᠍ᠳᠠᠵᠤ ᠪᠠᠢᠭ᠎ᠠ ᠴᠡᠷᠢᠭ᠎ᠦᠨ ᠶᠠᠪᠤᠳᠠᠯ᠎ᠤᠨ ᠦᠵᠡᠯᠲᠡ ᠪᠣᠯᠤᠨ ᠠᠷᠭ᠎ᠠ᠎ᠶ᠋ᠢᠨ ᠤᠨᠤᠯ᠎ᠢᠶᠠᠷ ᠥᠭᠡᠷᠡᠴᠢᠯᠡᠯᠲᠡ᠎ᠶ᠋ᠢ ᠠᠬᠢᠭᠤᠯᠵᠤ᠂ ᠥᠭᠡᠷᠡᠴᠢᠯᠡᠯᠲᠡ᠎ᠶ᠋ᠢᠨ ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭᠠᠳᠭᠠᠵᠤ᠂ ᠪᠣᠳᠠᠲᠤ ᠦᠷ᠎ᠡ ᠪᠦᠲᠦᠮᠵᠢ ᠣᠯᠵᠤ᠂ ᠵᠢᠱ᠌ᠢᠭ᠌ᠰᠡᠨ ᠬᠠᠷᠠᠯᠲᠠ᠎ᠳᠠᠭᠠᠨ ᠬᠦᠷᠬᠦ᠌᠎ᠶ᠋ᠢ ᠪᠠᠲᠤᠯᠠᠬᠤ ᠬᠡᠷᠡᠭ᠌ᠲᠡᠢ ᠭᠡᠵᠦ᠍ ᠢᠯᠡᠳᠭᠡᠪᠡ᠃
ᠥᠭᠡᠷᠡᠴᠢᠯᠡᠯᠲᠡ᠎ᠶ᠋ᠢᠨ ᠣᠩᠭᠣᠴᠠ ᠳᠠᠷᠪᠠᠭᠤᠯᠬᠡᠢᠰᠭᠡᠨ ᠠᠶᠠᠯᠠᠵᠤ᠂ ᠴᠡᠷᠢᠭ᠎ᠢ ᠬᠦᠴᠦᠷᠬᠡᠭ᠌ᠵᠢᠭᠦᠯᠬᠦ᠌ ᠠᠶᠠᠨ ᠰᠦᠷ ᠳᠠᠯᠠᠢᠴᠠᠲᠠᠢ ᠶᠠᠪᠤᠭ᠍ᠳᠠᠨ᠎ᠠ᠃ ᠥᠷᠭᠡᠨ ᠤᠯᠠᠨ ᠳᠠᠷᠤᠭ᠎ᠠ ᠪᠠᠢᠯᠳᠤᠭ᠍ᠴᠢ᠂ ᠡᠷᠬᠡᠪᠰᠢ ᠰᠢ ᠵᠢᠨ ᠫᠢᠩ ᠨᠥᠬᠥᠷ᠎ᠢᠶᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠠᠳ᠎ᠤᠨ ᠴᠡᠷᠢᠭ ᠠᠩᠬᠢ᠎ᠳᠠᠬᠢ ᠬᠠᠷᠢᠴᠠᠯᠠᠱᠢᠭᠦᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠪᠡᠷ ᠴᠡᠷᠢᠭ᠎ᠢ ᠬᠦᠴᠦᠷᠬᠡᠭ᠌ᠵᠢᠭᠦᠯᠬᠦ᠌ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠡᠯ᠎ᠡ ᠵᠦᠢᠯ᠎ᠦᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠱᠢᠨ᠎ᠡ ᠴᠠᠭ ᠦᠶ᠎ᠡ᠎ᠶ᠋ᠢᠨ ᠳᠠᠢ᠌ᠨ᠎ᠳᠦ ᠪᠡᠯᠡᠳᠭᠡᠵᠦ᠍ ᠪᠠᠢᠯᠳᠤᠭᠠᠨ ᠬᠢᠬᠦ᠌ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ᠍ ᠢᠯᠡᠳᠭᠡᠵᠡᠭᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶ᠋ᠢᠨ 23 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃