2024-08-28 09:51:29
8 ᠰᠠᠷ᠎ᠠ ᠢ᠋ᠢᠨ 23 ᠤ᠋ ᠡᠳᠦᠷ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶᠠᠨᠤ ᠭᠤᠷᠪᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠤ᠋ᠨ ᠱᠢᠰᠲᠸᠮ ᠨᠢᠭᠡᠴᠢ ᠢ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠡᠪᠯᠡᠯ ᠤ᠋ᠨ ᠱᠢᠰᠲ᠋ᠧᠮ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠪᠤᠭᠤᠲᠤ ᠬᠤᠳᠠ᠂ ᠪᠠᠶᠠᠨᠨᠠᠭᠤᠷ ᠬᠤᠳᠠ ᠳ᠋ᠤ᠌ ᠬᠦᠷᠴᠦ᠍ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶᠠᠨᠤ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠢ᠋ᠢ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠤ᠋ ᠲᠤᠮᠳᠡ ᠳᠠᠮᠵᠢᠭᠤᠯᠵᠡᠢ᠃
ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠡᠪᠯᠡᠯ ᠤ᠋ᠨ ᠱᠢᠰᠲ᠋ᠧᠮ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠣᠷᠳᠣᠰ ᠬᠣᠲᠠ ᠢ᠋ᠢᠨ ᠵᠡᠭᠦᠨᠭᠠᠷ ᠬᠣᠱᠢᠭᠤᠨ ᠤ᠋ ᠱᠠᠵᠢᠨᠳᠤᠬᠤᠢ ᠪᠠᠯᠭᠠᠰᠤᠨ ᠤ᠋ ᠳᠡᠳ᠋ ᠳᠠᠷᠤᠭ᠎ᠠ᠂ ᠶᠢᠩ ᠽᠸ ᠵᠡᠭᠡᠯᠢ ᠭᠤᠳᠤᠮᠵᠢ ᠢ᠋ᠢᠨ ᠨᠠᠨ ᠶᠤᠸᠠᠨ ᠨᠡᠢᠭᠡᠮ ᠲᠣᠭᠣᠷᠢᠭ ᠤ᠋ᠨ ᠰᠠᠭᠤᠭᠠᠯᠢ ᠠᠷᠠᠳ ᠤ᠋ᠨ ᠵᠥᠪᠯᠡᠯ ᠤ᠋ᠨ ᠡᠷᠬᠢᠯᠡᠭ᠌ᠴᠢ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠲᠥᠯᠥᠭᠡᠯᠡᠭ᠌ᠴᠢ ᠳ᠋ᠧᠩ ᠢᠦᠶ ᠪᠣᠯᠤᠨ ᠥᠪᠥᠷ ᠮᠣᠩᠭᠣᠯ ᠤ᠋ᠨ ᠨᠢᠭᠡᠳᠦᠭᠡᠷ ᠮᠠᠱᠢᠨ ᠮᠧᠬᠠᠨᠢᠭ ᠤ᠋ᠨ ᠪᠦᠯᠦᠭ᠌ᠯᠡᠯ ᠤ᠋ᠨ ᠲᠤᠭᠠᠴᠢᠯᠠᠭᠰᠠᠨ ᠡᠵᠡᠮᠰᠢᠯᠤ᠋ᠨ ᠵᠤᠷᠭᠤᠬᠤ ᠠᠵᠢᠯᠴᠢᠨ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠲᠥᠯᠥᠭᠡᠯᠡᠭ᠌ᠴᠢ᠂ 《ᠤᠮᠠᠷᠠᠲᠤ ᠬᠢᠯᠢ ᠢ᠋ᠢᠨ ᠤᠷᠠᠨ ᠳᠠᠷᠬᠠᠨ》 ᠵᠣᠣ ᠵᠢᠩ ᠤᠷᠢᠳ ᠬᠣᠵᠢᠳ ᠪᠤᠭᠤᠲᠤ ᠬᠣᠲᠠ ᠢ᠋ᠢᠨ ᠴᠠᠬᠢᠯᠭᠠᠨ ᠬᠠᠩᠭᠠᠬᠤ ᠲᠣᠪᠴᠢᠶ᠎ᠠ᠂ ᠪᠤᠭᠤᠲᠤ ᠬᠣᠲᠠ ᠢ᠋ᠢᠨ ᠬᠥᠨᠳᠡᠯᠡᠨ ᠲᠣᠭᠣᠷᠢᠭ ᠤ᠋ᠨ ᠪᠠᠶᠠᠨ ᠤᠪᠤᠭ᠎ᠠ ᠵᠠᠮᠤᠨ ᠵᠡᠭᠡᠯᠢ ᠭᠤᠳᠤᠮᠵᠢ ᠢ᠋ᠢᠨ ᠭᠠᠳᠠᠨ᠎ᠠ ᠬᠦᠳᠡᠯᠮᠤᠷᠢᠯᠡᠵᠤ ᠪᠠᠢᠭ᠎ᠠ ᠬᠥᠳᠡᠯᠮᠦᠷᠢᠴᠢᠳ ᠤ᠋ᠨ ᠦᠶ᠋ᠯᠡᠴᠢᠯᠡᠭᠡᠨᠦ ᠥᠷᠲᠡᠭᠡᠳᠦ ᠬᠦᠷᠴᠦ᠍᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶᠠᠨᠤ ᠭᠤᠷᠪᠠᠳᠤᠭᠠᠷ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠢ᠋ᠢ ᠤᠬᠠᠭᠤᠯᠤᠨ ᠲᠠᠢᠯᠪᠤᠷᠢᠯᠠᠪᠠ᠃ ᠲᠠᠳᠠ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶᠠᠨᠤ ᠭᠤᠷᠪᠠᠳᠤᠭᠠᠷ ᠪᠥᠬᠥᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ ᠤ᠋ᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠢ᠋ᠢ ᠭᠦᠨᠵᠡᠭᠡᠶ ᠰᠤᠷᠤᠯᠴᠠᠨ ᠣᠢᠯᠠᠭᠠᠬᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠡ ᠢ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠨᠠᠶ᠋ᠮᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠢ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠠᠭᠤᠯᠭ᠎ᠠ ᠢ᠋ᠢᠨ ᠲᠣᠭᠣᠷᠢᠨ ᠳ᠋ᠤ᠌ ᠭᠦᠨᠵᠡᠭᠡᠶ ᠪᠥᠭᠡᠳ ᠣᠢᠯᠠᠭᠠᠮᠵᠢᠲᠠᠶ ᠲᠤᠳᠤᠷᠬᠠᠢᠯᠠᠨ ᠲᠠᠢᠯᠪᠤᠷᠢᠯᠠᠪᠠ᠃ ᠲᠤᠬᠠᠢ ᠢ᠋ᠢᠨ ᠲᠠᠯᠠᠪᠠᠢᠳ᠋ᠤ᠌ ᠤᠬᠠᠭᠤᠯᠤᠨ ᠲᠠᠢᠯᠪᠤᠷᠢᠯᠠᠬᠤ ᠮᠡᠳᠡᠬᠦᠯᠦᠯᠳᠡ ᠢ᠋ᠢ ᠰᠤᠨᠤᠰᠤᠭᠰᠠᠨ ᠺᠠᠳ᠋ᠷ ᠠᠵᠢᠯᠳᠠᠨ ᠠᠵᠢᠯᠴᠢᠨ᠂ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠥᠭᠡᠷᠡᠴᠢᠯᠡᠯᠲᠡ ᠢ᠋ᠢ ᠪᠦᠬᠦ᠌ ᠲᠠᠯᠠᠪᠠᠷ ᠭᠦᠨᠵᠡᠭᠡᠢᠷᠡᠭᠦᠯᠬᠦ᠌ ᠲᠤᠬᠠᠢ ᠠᠯᠢ ᠤᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ ᠢ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠡᠷᠡᠰ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠰᠡᠳᠬᠢᠯᠬᠡᠡᠪᠤᠷᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠢ᠋ᠢ ᠪᠣᠳᠠᠲᠠᠢ ᠠᠵᠢᠯ ᠤ᠋ᠨ ᠳᠤᠮᠳᠠ ᠪᠠᠨ ᠨᠠᠢᠳᠠᠪᠤᠷᠢᠵᠢᠭᠤᠯᠤᠨ᠂ ᠲᠤᠬᠠᠢᠯᠠᠭ᠍ᠰᠠᠨ ᠠᠵᠢᠯ ᠤ᠋ᠨ ᠴᠢᠳᠠᠪᠤᠷᠢ ᠪᠣᠯᠤᠨ ᠠᠵᠢᠯ ᠤ᠋ᠨ ᠲᠦᠪᠱᠢᠨᠢᠶᠡᠨ ᠲᠠᠰᠤᠷᠠᠯᠳᠠ ᠦᠭᠡᠢ ᠳᠡᠭᠡᠭ᠌ᠰᠢᠯᠡᠭᠦᠯᠦᠨᠡ ᠬᠡᠵᠡᠭᠡᠪᠠ᠃
ᠪᠠᠶᠠᠨᠨᠠᠭᠤᠷ ᠬᠣᠲᠠ ᠢ᠋ᠢᠨ ᠬᠠᠩᠭᠢᠨ ᠬᠣᠢᠲᠤ ᠬᠣᠱᠢᠭᠤᠨ ᠤ᠋ ᠬᠤᠷᠠᠯ ᠦᠵᠡᠰᠭᠦᠯᠡᠩ ᠤ᠋ᠨ ᠲᠥᠪᠲᠦ᠍ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠡᠪᠯᠡᠯ ᠤ᠋ᠨ ᠱᠢᠰᠲ᠋ᠧᠮ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠪᠠᠶᠠᠨᠨᠠᠭᠤᠷ ᠬᠣᠲᠠ ᠢ᠋ᠢᠨ ᠯᠢᠨ ᠾᠧ ᠲᠣᠭᠣᠷᠢᠭ ᠤ᠋ᠨ ᠭᠠᠨᠵᠤᠤᠷ ᠰᠦᠮ᠎ᠡ ᠪᠠᠯᠭᠠᠰᠤᠨ ᠤ᠋ ᠮᠢᠨ ᠵᠦ᠍ ᠲᠣᠰᠭᠣᠨ ᠤ᠋ ᠨᠠᠮ ᠤ᠋ᠨ ᠡᠭᠦᠷ ᠤ᠋ᠨ ᠱᠦᠵᠢ᠂ ᠲᠤᠰᠬᠤᠨ ᠤ᠋ ᠠᠷᠠᠳ ᠤ᠋ᠨ ᠵᠥᠪᠯᠡᠯ ᠤ᠋ᠨ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ ᠤ᠋ ᠬᠥᠳᠡᠯᠮᠦᠷᠢ ᠢ᠋ᠢᠨ ᠵᠢᠱ᠌ᠢᠶᠡᠴᠢ ᠵᠠᠩ ᠰᠠᠨ ᠮᠢᠩ ᠶᠡᠷᠦᠩᠬᠡᠶ ᠱᠦᠵᠢ ᠰᠢ ᠵᠢᠨ ᠫᠢᠩ ᠤ᠋ᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶᠠᠨᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠢ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》ᠳ᠋ᠤ᠌ ᠳᠤᠷᠠᠳᠤᠭ᠍ᠰᠠᠨ ᠥᠭᠡᠷᠡᠴᠢᠯᠡᠯᠲᠡ ᠢ᠋ᠢ ᠤᠯᠠᠮ ᠨᠢᠭᠡ ᠠᠯᠬᠤᠮ ᠪᠦᠬᠦ᠌ ᠲᠠᠯᠠᠪᠠᠷ ᠭᠦᠨᠵᠡᠭᠡᠢᠷᠡᠭᠦᠯᠬᠦ᠌ ᠵᠡᠷᠭᠡ ᠴᠢᠬᠤᠯᠠ ᠶᠡᠬᠡ ᠠᠷᠭ᠎ᠠ ᠬᠡᠮᠵᠢᠶ᠎ᠡ ᠢ᠋ᠢ ᠣᠨᠣᠪᠴᠢᠲᠠᠶ ᠣᠢᠯᠠᠭᠠᠬᠤ ᠵᠡᠷᠬᠡ ᠠᠭᠤᠯᠭ᠎ᠠ ᠢ᠋ᠢᠨ ᠲᠤᠭᠤᠷᠢᠨ ᠳ᠋ᠤ᠌᠂ ᠮᠢᠨ ᠵᠦ᠍ ᠲᠣᠰᠭᠣᠨ ᠤ᠋ ᠥᠭᠡᠷᠡᠴᠢᠯᠡᠯᠲᠡ ᠬᠢᠵᠦ᠍ ᠱᠢᠨ᠎ᠡ ᠢ᠋ᠢ ᠡᠭᠦᠳᠬᠦ᠌ ᠦᠶ᠋ᠯᠡᠳᠦᠯᠭᠡ ᠪᠤᠯᠤᠨ ᠦᠪᠡᠷᠤᠨ ᠠᠵᠢᠯ ᠤ᠋ᠨ ᠪᠤᠳᠠᠳᠤ ᠪᠠᠢᠳᠡᠯ ᠲᠠᠢ ᠪᠠᠨ ᠤᠶᠠᠯᠳᠤᠭᠤᠯᠤᠨ᠂ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠳ᠋ᠤ᠌ ᠠᠮᠢᠳᠤᠯᠢᠭ ᠰᠠᠢᠬᠠᠨ ᠲᠠᠢᠯᠪᠤᠷᠢᠯᠠᠯᠲᠠ ᠬᠢᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ᠋ ᠥᠭᠡᠷᠡᠴᠢᠯᠡᠯᠲᠡ ᠢ᠋ᠢᠨ ᠤᠷᠤᠰᠭᠠᠯ ᠳ᠋ᠤ᠌ ᠢᠳᠡᠪᠬᠢᠲᠡᠶ ᠤᠷᠤᠯᠴᠠᠵᠤ᠂ ᠪᠣᠳᠠᠲᠤ ᠠᠵᠢᠯᠯᠠᠭ᠎ᠠᠪᠠᠷ ᠢ᠋ᠢᠨᠨ ᠤᠷᠤᠨ ᠨᠤᠳᠤᠭ ᠤ᠋ᠨ ᠢ᠋ᠢᠡᠨ ᠬᠥᠭ᠌ᠵᠢᠯᠲᠡᠳᠦ ᠬᠦᠴᠦᠨ ᠨᠡᠮᠡᠷᠢᠯᠡᠬᠦ ᠢ᠋ᠢ ᠵᠤᠷᠢᠭᠵᠢᠭᠤᠯᠪᠡ᠃
《ᠥᠨᠥᠳᠦᠷ ᠤ᠋ᠨ ᠤᠬᠠᠭᠤᠯᠤᠨ ᠲᠠᠢᠯᠪᠤᠷᠢᠯᠠᠯᠲᠠ ᠢ᠋ᠢ ᠰᠤᠨᠤᠰᠤᠭᠰᠠᠨ ᠤ᠋ ᠲᠠᠷᠠᠭ᠎ᠠ ᠬᠦᠨ ᠰᠡᠩᠬᠡᠷᠡᠭᠦᠯᠤᠯ ᠤᠯᠵᠤ ᠶᠡᠬᠡᠳᠡ ᠵᠤᠷᠢᠭᠵᠢᠪᠡ᠃ ᠬᠣᠢᠱᠢᠳᠠ ᠪᠢ ᠨᠡᠨᠭ ᠤᠷᠬᠢᠯᠦᠮ᠎ᠡ ᠬᠠᠯᠠᠭᠤᠨ ᠰᠡᠳᠭᠢᠯᠭᠡ ᠪᠡᠷ ᠠᠵᠢᠯ ᠳ᠋ᠠᠭᠠᠨ ᠬᠠᠨᠳᠤᠵᠤ ᠨᠡᠩ ᠯᠠᠪᠳᠠᠭᠤᠨ ᠪᠠᠲᠤᠲᠠᠢ ᠠᠵᠢᠯ ᠤ᠋ᠨ ᠰᠤᠷᠲᠠᠯᠢᠶᠠᠷ ᠲᠤᠱᠢᠶᠠᠯ ᠬᠠᠷᠢᠭᠤᠴᠠᠯᠭ᠎ᠠᠪᠠᠨ ᠭᠦᠢᠴᠡᠳᠭᠡᠵᠦ᠍᠂ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠢ᠋ᠢ ᠲᠤᠬᠠᠢᠯᠠᠭ᠍ᠰᠠᠨ ᠠᠵᠢᠯ ᠢ᠋ᠢᠠᠨ ᠰᠠᠢᠲᠤᠷ ᠬᠢᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ》 ᠭᠡᠵᠦ᠍ ᠥᠪᠥᠷ ᠮᠣᠩᠭᠣᠯ ᠤ᠋ᠨ ᠪᠣᠷᠣᠲᠣᠬᠣᠢ ᠢ᠋ᠢᠨ ᠤᠰᠤᠯᠠᠯᠲᠠ ᠢ᠋ᠢᠨ ᠣᠷᠣᠨ ᠤ᠋ ᠤᠰᠤᠨ ᠠᠱᠢᠭ᠍ᠯᠠᠯᠲᠠ ᠢ᠋ᠢᠨ ᠬᠥᠭ᠌ᠵᠢᠯᠲᠡ ᠢ᠋ᠢᠨ ᠲᠥᠪ ᠤ᠋ᠨ ᠵᠢᠶᠸ ᠹᠠᠩ ᠬᠠᠭᠠᠯᠲᠠ ᠢ᠋ᠢᠨ ᠬᠤᠪᠢᠶᠠᠷᠢ ᠲᠥᠪ ᠤ᠋ᠨ ᠺᠠᠳ᠋ᠷ ᠱᠢᠤᠢ ᠲᠢᠩ ᠬᠡᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃