ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-29 09:31:22

ᠵᠣᠬᠢᠶᠠᠭ᠍ᠴᠢ᠄ ᠮᠠ ᠹᠠᠩ ᠂ ᠱᠢᠤᠢ ᠵᠢᠩ᠂ ᠱᠢᠤᠸᠠᠢ ᠢ ᠴᠢᠶᠦ᠋ᠨ᠂ ᠯᠢ ᠱᠢᠤᠸᠠᠢ ᠶᠣᠣ᠂ ᠯᠢ ᠢᠦᠶ ᠵᠦᠸᠧ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 23 ᠡᠴᠡ 26 ᠤ᠋ ᠡᠳᠦᠷ ᠪᠣᠯᠲᠠᠯ᠎ᠠ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ᠎ᠬᠢᠨ᠎ᠤ ᠬᠤᠯᠪᠣᠭ᠎ᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠮᠠᠨᠵᠤᠤᠷ ᠬᠤᠲᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠨᠡᠢᠭᠡᠮ᠎ᠤᠨ ᠠᠵᠢᠯ᠎ᠤᠨ ᠬᠡᠯᠲᠡᠰ᠎ᠤᠨ ᠳᠠᠷᠤᠭ᠎ᠠ ᠦ᠋ ᡁᠢ ᠴᠢᠶᠠᠩ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠦᠨᠳᠦᠰᠦᠨ ᠪᠠᠢᠳᠠᠯ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ ᠵᠡᠷᠭᠡ ᠲᠠᠯ᠎ᠠ᠎ᠪᠠᠷ ᠱᠢᠰᠲ᠋ᠧᠮ᠎ᠲᠠᠢ ᠤᠬᠠᠭᠤᠯᠤᠨ ᠲᠠᠢᠯᠪᠤᠷᠢᠯᠠᠵᠦ ᠭᠦᠨᠵᠡᠭᠡᠢ ᠲᠣᠳᠣᠷᠬᠠᠢᠯᠠᠨ ᠥᠭᠦᠯᠡᠪᠡ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠤᠤᠯ ᠰᠡᠲᠦᠪ ᠨᠢ ᠲᠣᠳᠣᠷᠬᠠᠢ ᠮᠦᠷᠳᠡᠭᠡᠨ ᠠᠮᠢᠳᠤᠯᠢᠭ᠂ ᠤᠨᠤᠯ᠎ᠤᠨ ᠭᠦᠨᠴᠡ ᠳᠠᠢ᠂ ᠦᠵᠡᠯ ᠰᠠᠨᠠᠭᠠᠨ᠎ᠤ ᠦᠨᠳᠦᠷᠴᠡ᠎ᠲᠠᠢ ᠮᠥᠷᠲᠡᠭᠡᠨ ᠪᠠᠰᠠ ᠭᠤᠣᠯᠳᠠᠯᠭ᠎ᠠ ᠨᠢ ᠲᠤᠪᠤᠢᠮ᠎ᠠ᠂ ᠭᠦᠨᠵᠡᠭᠡᠢ ᠪᠥᠭᠡᠳ ᠣᠢᠯᠠᠭᠠᠮᠵᠢᠲᠠᠢ ᠪᠤᠯᠪᠠ᠃

《ᠵᠠᠬᠢᠳᠠᠯ ᠰᠤᠷᠪᠤᠯᠵᠢᠯᠠᠯ᠎ᠤᠨ ᠺᠠᠳ᠋ᠷ ᠪᠣᠯᠤᠭ᠍ᠰᠠᠨ᠎ᠤ ᠬᠤᠪᠢ᠎ᠳᠤ ᠪᠢᠳᠡ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠲᠡᠷᠡ ᠬᠡᠪ᠎ᠢᠶᠠᠷ᠎ᠨᠢ ᠰᠤᠷᠤᠯᠴᠠᠵᠤ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠰᠤᠷᠤᠯᠴᠠᠵᠤ᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠨ ᠰᠤᠷᠤᠯᠴᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠦᠨᠡᠨ ᠬᠦ᠌ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ》 ᠬᠡᠵᠦ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶᠠᠨ᠎ᠤ ᠵᠠᠬᠢᠲᠠᠯ ᠴᠢᠮᠡᠭᠡ ᠰᠢᠢᠳᠪᠦᠷᠢᠯᠡᠬᠦ ᠭᠠᠵᠠᠷ(ᠠᠷᠠᠳ᠎ᠤᠨ ᠰᠠᠨᠠᠭᠤᠯᠭ᠎ᠠ ᠵᠢ ᠴᠤᠭ᠍ᠯᠠᠭᠤᠯᠬᠤ ᠭᠠᠵᠠᠷ) ᠤ᠋ᠨ ᠳᠠᠷᠤᠭ᠎ᠠ ᠯᠢᠦᠶ ᠱᠢᠶᠠᠩ ᠶᠠᠩ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ᠎ᠬᠢᠨ᠎ᠤ ᠬᠤᠯᠪᠣᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠡᠲᠡᠭᠡᠳ᠎ᠤᠨ ᠬᠤᠯᠪᠤᠭᠠᠲᠦ ᠬᠤᠷᠠᠯ᠎ᠤᠨ ᠲᠡᠷᠢᠭᠦᠯᠡᠭ᠌ᠴᠢ ᠦᠨᠡᠨᠴᠢ ᠡᠨᠡ ᠤᠳᠠᠭ᠎ᠠ᠎ᠶ᠋ᠢᠨ ᠪᠦᠬᠦᠳᠡ ᠬᠤᠷᠠᠯ ᠪᠤᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠠᠬᠢᠭᠤᠯᠬᠤ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠦᠢᠯ᠎ᠤᠨ ᠴᠢᠬᠤᠯᠠ ᠬᠤᠷᠠᠯ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ ᠵᠡᠷᠭᠡ ᠲᠠᠯ᠎ᠠ᠎ᠪᠠᠷ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠳᠤ ᠭᠦᠨᠵᠡᠭᠡᠶ ᠪᠥᠭᠡᠳ ᠣᠢᠯᠠᠭᠠᠮᠵᠢᠲᠠᠶ ᠤᠨᠤᠯ᠎ᠤᠨ ᠲᠠᠢᠯᠪᠤᠷᠢᠯᠠᠯᠲᠠ ᠪᠠᠢᠬᠤ ᠮᠦᠷᠲᠡᠭᠡᠨ ᠪᠠᠰᠠ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠬᠰᠠᠨ ᠰᠡᠳᠬᠢᠴᠡ ᠪᠤᠳᠤᠯᠬᠢᠯᠠᠯ ᠪᠠᠢᠵᠦ᠂ ᠭᠤᠣᠯ ᠰᠡᠳᠦᠪ᠎ᠨᠢ ᠢᠯᠡ ᠲᠣᠳᠣ᠂ ᠠᠭᠤᠯᠤᠭ᠍ᠳᠠᠬᠤᠨ᠎ᠨᠢ ᠪᠠᠶᠠᠯᠢᠭ᠂ ᠠᠮᠢᠳᠤᠯᠢᠭ ᠰᠠᠢᠬᠠᠨ ᠪᠤᠯᠵᠦ᠂ ᠰᠣᠨᠣᠰᠤᠭ᠍ᠴᠢᠳ᠎ᠤᠨ ᠬᠠᠯᠠᠭᠤᠨ ᠠᠯᠠᠭ᠎ᠠ ᠲᠠᠱᠢᠯᠳᠠ᠎ᠶ᠋ᠢ ᠤᠯᠪᠠ᠃

《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ᠎ᠨᠢ ᠨᠠᠳᠠ᠎ᠳᠦ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠨᠡᠩ ᠪᠦᠬᠦ᠌ ᠲᠠᠯ᠎ᠠ ᠵᠢᠨ ᠱᠢᠰᠲ᠋ᠧᠮ᠎ᠲᠠᠢ ᠤᠢ᠍ᠢᠯᠠᠭᠠᠯᠳᠠ ᠳᠠᠢ ᠪᠤᠯᠭᠠᠪᠠ᠃ ᠪᠢᠳᠡ ᠭᠦᠨᠵᠡᠭᠡᠢ ᠱᠢᠰᠲ᠋ᠧᠮ᠎ᠲᠠᠢ᠎ᠪᠠᠷ ᠰᠤᠷᠤᠯᠴᠠᠵᠤ᠂ ᠲᠡᠷᠡ ᠬᠡᠪ᠎ᠢᠶᠠᠷ᠎ᠨᠢ ᠰᠤᠷᠤᠯᠴᠠᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠳᠭ᠎ᠠ ᠤᠷᠠᠯᠢᠭ᠎ᠤᠨ ᠬᠢᠨ᠎ᠤ ᠬᠤᠯᠪᠣᠭ᠎ᠠ᠎ᠶ᠋ᠢᠨ ᠤᠳᠭ᠎ᠠ ᠤᠷᠠᠯᠢᠭ᠎ᠤᠨ ᠠᠵᠢᠯ᠎ᠤᠨ ᠪᠣᠳᠠᠲᠤ ᠪᠠᠢᠳᠠᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠂ ᠤᠳᠭ᠎ᠠ ᠤᠷᠠᠯᠢᠭ᠎ᠤᠨ ᠦᠵᠡᠭᠦᠯᠭᠡ᠎ᠶ᠋ᠢᠨ ᠲᠣᠭ᠍ᠯᠠᠯᠲᠠ᠂ ᠤᠳᠭ᠎ᠠ ᠤᠷᠠᠯᠢᠭ᠎ᠤᠨ ᠪᠦᠳᠦᠭᠡᠯ᠎ᠢ ᠰᠢᠯᠭᠠᠷᠠᠭᠤᠯᠬᠤ ᠦᠨᠡᠯᠡᠬᠦ᠌ ᠡᠯ᠎ᠡ ᠲᠠᠯ᠎ᠠ᠎ᠳᠤ ᠨᠠᠢᠳᠠᠪᠤᠷᠢᠵᠢᠭᠤᠯᠵᠤ᠂ ᠥᠪᠥᠷ ᠮᠣᠩᠭᠤᠯ᠎ᠤᠨ ᠤᠳᠭ᠎ᠠ ᠤᠷᠠᠯᠢᠭ᠎ᠤᠨ ᠬᠥᠭ᠌ᠵᠢᠯ ᠴᠡᠴᠡᠭ᠌ᠯᠡᠯ᠎ᠢ ᠦᠷᠭᠦᠯᠵᠢᠯᠡᠨ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠭᠦᠨᠵᠡᠭᠡᠢ ᠠᠬᠢᠭᠤᠯᠤᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠪᠠᠢᠭᠤᠯᠭ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ ᠯᠢ ᠶᠦᠨ ᠫᠧᠩ ᠬᠡᠯᠡᠪᠡ᠃

ᠲᠦᠩᠯᠢᠶᠣᠤ ᠬᠤᠳᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠳᠠᠷᠤᠭ᠎ᠠ ᠵᠠᠩ ᠬᠤᠩ ᠹᠦ᠋ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠶᠡᠭᠡ ᠠᠴᠢ ᠬᠤᠯᠪᠣᠭ᠍ᠳᠠᠯ᠎ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠲᠠᠯ᠎ᠠ ᠪᠠᠷ ᠱᠢᠰᠲ᠋ᠧᠮ᠎ᠲᠠᠢ ᠲᠠᠢᠯᠤᠮᠵᠢ ᠬᠢᠵᠡᠢ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠨᠢ ᠦᠵᠡᠯ ᠰᠠᠨᠠᠭᠠᠨ᠎ᠤ ᠦᠨᠳᠦᠷᠴᠡ ᠳᠠᠢ᠂ ᠤᠨᠤᠯ᠎ᠤᠨ ᠭᠦᠨᠴᠡ᠎ᠲᠠᠢ ᠮᠦᠷᠲᠡᠭᠡᠨ ᠮᠠᠰᠢ ᠴᠢᠩᠭ᠎ᠠ ᠨᠥᠯᠥᠭᠡᠯᠡᠬᠦ᠌ ᠬᠦᠴᠦᠨ᠎ᠲᠠᠢ ᠪᠤᠯᠪᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠭᠦᠨ ᠰᠡᠩᠬᠡᠷᠡᠭᠦᠯᠦᠯ ᠤᠯᠪᠠ᠂ ᠲᠦᠩᠯᠢᠶᠣᠤ ᠬᠣᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠱᠢᠰᠲ᠋ᠧᠮ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠠᠢᠯᠢ ᠵᠢ ᠪᠠᠲᠤᠯᠠᠬᠤ ᠪᠠᠷᠠᠭᠠᠨ᠎ᠤ ᠭᠦᠶ᠋ᠯᠭᠡᠭᠡᠨ᠎ᠦ ᠲᠥᠪ (B ᠬᠡᠯᠪᠡᠷᠢ) ᠤ᠋ᠨ ᠵᠥᠪᠱᠢᠶᠡᠷᠡᠯ ᠣᠯᠤᠭ᠍ᠰᠠᠨ ᠠᠱᠢᠭ᠍ᠲᠠᠶ ᠲᠣᠬᠢᠶᠠᠯ᠎ᠢ ᠴᠢᠩᠭ᠎ᠠ ᠠᠳᠭᠤᠵᠤ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠦᠶ᠋ᠯᠡᠴᠢᠯᠡᠭᠡᠨ᠎ᠦ ᠲᠠᠪᠴᠠᠩ᠎ᠤᠨ ᠪᠠᠢᠭᠤᠯᠤᠯᠲᠠ᠎ᠶ᠋ᠢ ᠡᠬᠢᠯᠡᠭᠦᠯᠵᠦ᠍᠂ ᠲᠦᠩᠯᠢᠶᠣᠤ ᠬᠣᠲᠠ᠎ᠶ᠋ᠢ ᠥᠪᠥᠷ ᠮᠣᠩᠭᠣᠯ᠎ᠤᠨ ᠵᠡᠭᠦᠨ ᠬᠡᠰᠡᠭ᠎ᠦᠨ ᠬᠡᠷᠡᠭ᠌ᠯᠡᠭᠡᠨ᠎ᠦ ᠲᠥᠪ ᠬᠣᠲᠠ ᠪᠠ ᠭᠠᠳᠠᠭᠠᠳᠤ ᠨᠡᠭᠡᠭᠡᠯᠲᠡ᠎ᠶ᠋ᠢᠨ ᠱᠢᠨ᠎ᠡ ᠥᠨᠳᠥᠷᠯᠢᠭ ᠭᠠᠵᠠᠷ ᠪᠣᠯᠭᠠᠬᠤ᠎ᠪᠠᠷ ᠴᠢᠷᠮᠠᠢᠨ᠎ᠠ ᠭᠡᠵᠦ ᠲᠦᠩᠯᠢᠶᠣᠤ ᠬᠣᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠶ᠋ᠢᠨ ᠳᠡᠳ᠋ ᠳᠠᠷᠤᠭ᠎ᠠ ᠵᠣᠣ ᠵᠢᠶᠠᠨ ᠬᠤᠸᠠ ᠢᠯᠡᠷᠬᠡᠢᠯᠡᠪᠡ᠃

ᠤᠯᠠᠭᠠᠨᠬᠠᠳᠠ ᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠤ᠋ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶᠠᠨ ᠤ᠋ ᠪᠠᠢᠩᠭᠤ᠎ᠶ᠋ᠢᠨ ᠳᠡᠳ᠋ ᠱᠦᠵᠢ ᠰᠦᠨ ᠠᠶ ᠹᠠᠩ 《ᠵᠠᠮ ᠨᠡᠭᠡᠭᠡᠨ ᠱᠢᠨ᠎ᠡ᠎ᠶ᠋ᠢ ᠡᠭᠦᠳᠴᠦ᠍ ᠡᠷᠡᠮᠡᠬᠡᠢᠯᠡᠨ ᠴᠢᠷᠮᠠᠢᠵᠤ ᠤᠷᠤᠭ᠍ᠰᠢᠯᠠᠨ ᠲᠠᠪᠰᠢᠵᠤ ᠱᠢᠨ᠎ᠡ ᠴᠠᠭ ᠦᠶ᠎ᠡ᠎ᠶ᠋ᠢᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠡ》 ᠭᠡᠬᠦ᠌ ᠰᠡᠳᠦᠪ᠎ᠢᠶᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ᠂ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠤᠨᠤᠪᠴᠢᠳᠠᠢ ᠣᠢᠯᠠᠭᠠᠬᠤ ᠵᠡᠷᠭᠡ 4 ᠲᠠᠯ᠎ᠠ᠎ᠪᠡᠷ ᠭᠦᠨᠵᠡᠭᠡᠶ ᠲᠠᠢᠯᠤᠮᠵᠢ ᠬᠢᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠦᠵᠡᠯ ᠰᠠᠨᠠᠭ᠎ᠠ ᠨᠢ ᠭᠦᠨᠵᠡᠭᠡᠢ᠂ ᠭᠣᠣᠯᠳᠠᠯᠭ᠎ᠠ ᠨᠢ ᠲᠤᠪᠤᠢ᠌ᠮ᠎ᠠ᠂ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨ ᠭᠦᠨᠴᠡ᠎ᠲᠡᠶ ᠪᠤᠯᠪᠠ᠃

ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠎ᠦᠨ ᠳᠠᠷᠤᠭ᠎ᠠ ᠸᠠᠩ ᠯᠢ᠄ 《ᠪᠢᠳᠡ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠵᠦ᠍᠂ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤ᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠨᠡᠢᠭᠡᠮᠯᠢᠭ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠬᠤ᠂ 〈ᠬᠣᠶᠠᠷ ᠠᠵᠤ ᠠᠬᠤᠢᠯᠠᠯ ᠭᠤᠷᠪᠠᠨ ᠱᠢᠨ᠎ᠡ〉 ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠨᠡᠢᠭᠡᠮ᠎ᠦᠨ ᠠᠵᠢᠯᠲᠠᠨ᠎ᠤ ᠡᠩᠨᠡᠭᠡ ᠪᠠ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ ᠤ᠋ᠨ ᠪᠠᠢᠭᠤᠯᠤᠯᠲᠠ᠎ᠶ᠋ᠢ ᠴᠢᠩᠭᠠᠳᠭᠠᠬᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢ᠎ᠪᠠᠷ ᠵᠠᠰᠠᠬᠤ᠎ᠶ᠋ᠢ ᠠᠬᠢᠭᠤᠯᠬᠤ ᠪᠠ ᠠᠷᠠᠳ᠎ᠤᠨ ᠰᠠᠨᠠᠭᠤᠯᠭ᠎ᠠ᠎ᠶ᠋ᠢ ᠴᠤᠭ᠍ᠯᠠᠭᠤᠯᠬᠤ ᠠᠷᠭ᠎ᠠ᠎ᠶ᠋ᠢ ᠪᠦᠷᠢᠨᠱᠢᠭᠦᠯᠬᠦ᠌ ᠵᠡᠷᠭᠡ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠨᠠᠢᠳᠠᠪᠤᠷᠢᠵᠢᠭᠤᠯᠤᠯᠲᠠ ᠶ᠋ᠢ ᠴᠢᠩᠭ᠎ᠠ ᠠᠳᠭᠤᠨ᠎ᠠ》 ᠭᠡᠪᠠ᠃

ᠤᠬᠠᠭᠤᠯᠤᠨ ᠲᠠᠢᠯᠪᠤᠷᠢᠯᠠᠵᠤ ᠳᠠᠭᠤᠰᠤᠭ᠍ᠰᠠᠨ᠎ᠤ ᠲᠠᠷᠠᠭ᠎ᠠ ᠰᠦᠨ ᠠᠢ ᠹᠠᠩ ᠪᠠᠰᠠ ᠤᠯᠠᠭᠠᠨᠬᠠᠳᠠ ᠬᠤᠳᠠ᠎ᠶ᠋ᠢᠨ ᠠᠷᠠᠳ᠎ᠤᠨ ᠪᠠᠢᠴᠠᠭᠠᠬᠤ ᠬᠣᠷᠢᠢ᠎ᠠ᠎ᠳᠤ ᠬᠦᠷᠴᠦ᠍ ᠺᠠᠳ᠋ᠷ ᠠᠵᠢᠯᠳᠠᠨ᠎ᠲᠠᠶ ᠨᠢᠭᠤᠷᠳᠠᠨ ᠶᠠᠷᠢᠯᠴᠠᠪᠠ᠃

ᠮᠠᠨᠵᠤᠤᠷ ᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠳᠡᠳ᠋ ᠵᠠᠬᠢᠷᠤᠯ ᠠᠨ ᠵᠢᠩ ᠰᠸ ᠫᠷᠤᠹᠸᠰᠰᠤᠷ 《ᠱᠢᠨ᠎ᠡ ᠠᠶᠠᠨ ᠵᠠᠮ᠎ᠳᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯᠯᠠᠭᠠᠨ᠎ᠤ ᠬᠥᠲᠥᠯᠪᠦᠷᠢ — ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠤᠶ᠎ᠠ》 ᠭᠡᠬᠦ᠌ ᠰᠡᠳᠦᠪ᠎ᠢᠶᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠦᠨᠳᠦᠰᠦᠨ ᠪᠠᠢᠳᠠᠯ᠎ᠢ ᠨᠠᠷᠢᠨ ᠲᠠᠨᠢᠯᠴᠠᠭᠤᠯᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠭᠣᠣᠯ ᠰᠡᠳᠦᠪ ᠵᠢᠴᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠴᠢᠨᠠᠷ ᠪᠠ ᠵᠠᠢᠯᠠᠰᠢ ᠦᠭᠡᠢ ᠴᠢᠨᠠᠷ᠂ ᠴᠢᠬᠤᠯᠠ ᠶᠡᠬᠡ ᠵᠠᠷᠴᠢᠮ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠢ ᠭᠦᠨᠵᠡᠭᠡᠢ ᠲᠣᠳᠣᠷᠬᠠᠢᠯᠠᠨ ᠥᠭᠦᠯᠡᠵᠦ᠂ ᠥᠭᠡᠷᠡᠴᠢᠯᠡᠯᠲᠡ᠎ᠶ᠋ᠢ ᠠᠬᠢᠭᠤᠯᠬᠤ ᠳᠤᠮᠳᠠ ᠡᠵᠡᠮᠱᠢᠬᠦ᠌ ᠴᠢᠬᠤᠯᠠᠲᠠᠶ ᠴᠢᠬᠤᠯᠠ ᠶᠡᠬᠡ ᠠᠰᠠᠭᠤᠳᠠᠯ᠎ᠢ ᠭᠤᠤᠯᠳᠠᠯᠭ᠎ᠠ᠎ᠲᠠᠶ ᠵᠠᠳᠠᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠠᠴᠠ ᠲᠣᠭ᠍ᠲᠠᠭᠠᠭ᠍ᠰᠠᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠠᠢᠷᠢᠯᠠᠭᠤᠯᠤᠯᠳᠠ᠎ᠶ᠋ᠢ ᠪᠥᠬᠥ᠌ ᠲᠠᠯ᠎ᠠ᠎ᠪᠠᠷ ᠲᠠᠢᠯᠪᠤᠷᠢᠯᠠᠪᠠ᠃

《ᠮᠠᠨᠵᠤᠤᠷ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠬᠦᠩᠭᠡᠨ ᠮᠣᠷᠢᠲᠤ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠠᠭ᠎ᠠ ᠬᠤᠪᠢᠶᠠᠷᠢ ᠠᠩᠭᠢ᠎ᠶ᠋ᠢᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ ᠪᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠨᠠᠮ᠎ᠤᠨ ᠱᠢᠨ᠎ᠡ ᠡᠭᠦᠳᠦᠯᠳᠡ ᠵᠢᠨ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠬᠦ᠌᠎ᠶ᠋ᠢ ᠴᠥᠬᠥᠷᠡᠰᠢ ᠦᠭᠡᠢ ᠪᠠᠷᠢᠮᠲᠠᠯᠠᠨ᠎ᠠ᠃ ᠬᠣᠢᠱᠢᠳᠠ ᠤᠬᠠᠭᠤᠯᠤᠨ ᠲᠠᠢᠯᠪᠤᠷᠢᠯᠠᠬᠤ᠎ᠳᠠᠭᠠᠨ ᠪᠣᠳᠠᠲᠤ ᠪᠠᠢᠳᠠᠯ᠎ᠲᠠᠶ ᠤᠢ᠍ᠢᠷᠠᠲᠤᠭᠤᠯᠵᠤ᠂ ᠠᠷᠠᠳ ᠤᠯᠠᠨ᠎ᠲᠠᠶ ᠤᠢ᠍ᠢᠷᠠᠲᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠲᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠡᠷᠡ ᠶᠣᠰᠣᠭᠠᠷ ᠨᠢ ᠲᠦᠭ ᠲᠦᠮᠡᠨ ᠠᠢᠯ ᠡᠷᠦᠬᠡ᠎ᠳᠦ ᠳᠠᠮᠵᠢᠭᠤᠯᠵᠤ᠂ ᠠᠷᠠᠳ ᠲᠦᠮᠡᠨ᠎ᠳᠦ ᠦᠢᠯᠡᠴᠢᠯᠡᠬᠦ᠌ ᠠᠵᠢᠯ᠎ᠤᠨ ᠳᠤᠮᠳᠠ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠬᠠᠩᠭᠠᠨ᠎ᠠ》 ᠭᠡᠵᠦ ᠮᠠᠨᠵᠤᠤᠷ ᠬᠤᠳᠠ᠎ᠶ᠋ᠢᠨ ᠡᠮᠦᠨ᠎ᠡ ᠲᠣᠭᠣᠷᠢᠭ᠎ᠤᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠨᠠᠮ᠎ᠤᠨ ᠪᠠᠢᠭᠤᠯᠤᠯᠲᠠ᠎ᠶ᠋ᠢᠨ ᠰᠠᠯᠠᠭᠠᠨ᠎ᠤ ᠤᠬᠠᠭᠤᠯᠬᠤ ᠭᠡᠱᠢᠭᠦᠨ ᠱᠢᠤᠢ ᠪᠢᠨ ᠬᠡᠯᠡᠪᠡ᠃

ᠲᠤᠬᠠᠢ᠎ᠶ᠋ᠢᠨ ᠡᠳᠦᠷ ᠠᠨ ᠵᠶ᠋ᠡᠭ ᠰᠸ ᠪᠠᠰᠠ ᠱᠢᠨ ᠶᠤᠸᠠᠨ ᠨᠡᠢᠭᠡᠮ ᠲᠣᠭᠣᠷᠢᠭ᠎ᠲᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面