2024-08-30 10:44:11
8 ᠰᠠᠷ᠎ᠠ ᠢ᠋ᠢᠨ 23 — 26 ᠤ᠋ ᠡᠳᠦᠷ ᠪᠣᠯᠲᠠᠯ᠎ᠠ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭᠠᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠤ᠋ᠨ ᠱᠢᠰᠲᠸᠮ ᠨᠢᠭᠡᠴᠢ ᠢ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠡᠪᠯᠡᠯ ᠤ᠋ᠨ ᠱᠢᠰᠲ᠋ᠧᠮ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮᠤᠨ ᠬᠢᠨ ᠮᠠᠨᠵᠤᠤᠷ ᠬᠤᠳᠠ ᠪᠤᠯᠤᠨ ᠥᠪᠥᠷ ᠮᠣᠩᠭᠣᠯ ᠤ᠋ᠨ ᠱᠦᠨ ᠹᠸᠩ ᠲᠦᠷᠭᠡᠨ ᠬᠦᠷᠭᠡᠯᠲᠡ ᠢ᠋ᠢᠨ ᠬᠢᠵᠠᠭᠠᠷᠲᠤ ᠺᠣᠮᠫᠠᠨᠢ ᠳ᠋ᠤ ᠬᠦᠷᠴᠦ᠍ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠭᠦᠯᠵᠤ᠂ ᠪᠥᠬᠥᠳᠡ ᠬᠤᠷᠠᠯ ᠤ᠋ᠨ ᠵᠣᠷᠢᠭ ᠰᠠᠨᠠᠭᠠᠶ᠋ᠢ ᠥᠷᠭᠡᠨ ᠣᠯᠠᠨ ᠠᠵᠤ ᠠᠬᠤᠢᠯᠠᠯ ᠤ᠋ᠨ ᠠᠵᠢᠯᠲᠠᠨ ᠠᠵᠢᠯᠴᠢᠨ ᠳ᠋ᠤ ᠳᠠᠮᠵᠢᠭᠤᠯᠵᠡᠢ᠃
8 ᠰᠠᠷ᠎ᠠ ᠢ᠋ᠢᠨ 23 ᠤ᠋ ᠦᠳᠡ ᠢ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠡᠪᠯᠡᠯ ᠤ᠋ᠨ ᠱᠢᠰᠲ᠋ᠧᠮ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠮᠠᠨᠵᠤᠤᠷ ᠬᠣᠲᠠ ᠢ᠋ᠢᠨ ᠬᠣᠢᠲᠤ ᠲᠣᠭᠣᠷᠢᠭ ᠤ᠋ᠨ ᠵᠡᠭᠡᠯᠢ ᠭᠤᠳᠤᠮᠵᠢ ᠢ᠋ᠢᠨ ᠬᠡᠷᠡᠭ ᠡᠷᠬᠢᠯᠡᠬᠦ᠌ ᠭᠠᠵᠠᠷ ᠤ᠋ᠨ ᠨᠠᠮ ᠤ᠋ᠨ ᠪᠠᠢᠭᠤᠯᠤᠯᠲᠠ ᠢ᠋ᠢᠨ ᠠᠯᠪᠠᠨ ᠬᠡᠷ ᠤ᠋ᠨ ᠬᠠᠷᠢᠭᠤᠴᠠᠯᠭᠠᠲᠠᠨ᠂ ᠮᠠᠨᠵᠤᠤᠷ ᠤ᠋ᠨ ᠭᠠᠳᠠᠭᠠᠳᠤᠠᠴᠠ ᠣᠷᠣᠭᠤᠯᠬᠤ ᠡᠬᠢ ᠪᠠᠶᠠᠯᠢᠭ ᠢ᠋ ᠪᠤᠯᠪᠠᠰᠤᠷᠠᠭᠤᠯᠬᠤ ᠬᠦᠷᠢᠶᠡᠯᠡᠩ ᠲᠣᠭᠣᠷᠢᠭ ᠤ᠋ᠨ ᠠᠵᠢᠯᠴᠢᠨ ᠤ᠋ ᠡᠪᠯᠡᠯ ᠤ᠋ᠨ ᠬᠣᠯᠪᠣᠭᠠᠲᠤ ᠬᠤᠷᠠᠯ ᠤ᠋ᠨ ᠲᠡᠷᠢᠭᠦᠯᠡᠭ᠌ᠴᠢ᠂ ᠪᠥᠬᠥ᠌ ᠤᠯᠤᠰ ᠤ᠋ᠨ ᠬᠥᠳᠡᠯᠮᠦᠷᠢ ᠢ᠋ᠢᠨ ᠵᠢᠱ᠌ᠢᠶᠡᠴᠢ ᠯᠢᠶᠠᠩ ᠶᠢᠩ ᠮᠠᠨᠵᠤᠤᠷ ᠤ᠋ᠨ ᠠᠮᠤᠷ ᠢ᠋ ᠬᠠᠮᠠᠭᠠᠯᠠᠬᠤ ᠦᠶ᠋ᠯᠡᠴᠢᠯᠡᠭᠡᠨ ᠤ᠋ ᠬᠢᠵᠠᠭᠠᠷᠲᠤ ᠺᠣᠮᠫᠠᠨᠢ ᠳ᠋ᠤ ᠬᠦᠷᠴᠦ᠍ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠶ ᠲᠠᠨᠢᠬᠤ ᠡᠴᠡ ᠭᠠᠷᠳᠠᠵᠤ᠂ ᠠᠵᠢᠯ ᠤ᠋ᠨ ᠪᠣᠳᠠᠲᠤ ᠪᠠᠢᠳᠠᠯ ᠲᠠᠶᠪᠠᠨ ᠤᠶᠠᠯᠳᠤᠭᠤᠯᠤᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭᠠᠶ᠋ᠢ ᠨᠠᠷᠢᠨ ᠨᠢᠮᠪᠠᠶ ᠤᠬᠠᠭᠤᠯᠤᠨ ᠲᠠᠢᠯᠪᠤᠷᠢᠯᠠᠪᠠ᠃ ᠮᠡᠳᠡᠭᠦᠯᠦᠯᠲᠡ ᠢ᠋ᠢᠨ ᠬᠤᠷᠠᠯ ᠤ᠋ᠨ ᠭᠤᠤᠯ ᠰᠡᠳᠦᠪ ᠢᠯᠡ ᠲᠣᠳᠣ᠂ ᠣᠢᠯᠠᠭᠠᠮᠵᠢᠲᠠᠶ ᠪᠠᠢᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ᠋ ᠪᠣᠳᠣᠯ ᠰᠠᠨᠠᠯ ᠳ᠋ᠤ ᠨᠡᠢᠴᠡᠵᠡᠶ᠃
ᠮᠠᠨᠵᠤᠤᠷ ᠤ᠋ᠨ ᠠᠮᠤᠷ ᠢ᠋ ᠬᠠᠮᠠᠭᠠᠯᠠᠬᠤ ᠦᠶ᠋ᠯᠡᠴᠢᠯᠡᠭᠡᠨ ᠤ᠋ ᠬᠢᠵᠠᠭᠠᠷᠲᠤ ᠺᠣᠮᠫᠠᠨᠢ ᠢ᠋ᠢᠨ ᠶᠡᠷᠦᠩᠬᠡᠶ ᠳᠠᠭᠠᠭᠠᠮᠠᠯ ᠤ᠋ᠨ ᠲᠤᠰᠠᠯᠠᠭ᠍ᠴᠢ᠂ ᠨᠠᠮ ᠤ᠋ᠨ ᠡᠭᠦᠷ ᠤ᠋ᠨ ᠳᠡᠳ᠋ ᠱᠦᠵᠢ ᠯᠢᠦ ᠱᠢᠶᠠᠨ ᠮᠢᠩ᠄ 《ᠬᠣᠢᠱᠢᠳᠠ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠪᠡᠷ ᠵᠢᠯᠣᠭᠣᠳᠣᠯᠭ᠎ᠠ ᠪᠣᠯᠭᠠᠵᠤ᠂ ᠠᠵᠢᠯ ᠲᠥᠷᠥᠯ ᠤ᠋ᠨ ᠲᠡᠷᠢᠭᠦᠨ ᠤ᠋ ᠬᠢ ᠪᠡᠷ ᠥᠯᠢᠭᠡᠷ ᠳᠠᠭᠤᠷᠢᠶᠠᠯ ᠪᠣᠯᠭᠠᠵᠤ᠂ ᠱᠢᠨᠲᠠᠷᠠᠰᠢ ᠥᠬᠡᠶ ᠵᠣᠷᠢᠭ ᠢ᠋ᠢᠡᠷ ᠠᠮᠤᠷ ᠢ᠋ ᠬᠠᠮᠠᠭᠠᠯᠠᠬᠤ ᠦᠶ᠋ᠯᠡᠴᠢᠯᠡᠭᠡᠨ ᠤ᠋ ᠬᠢᠷᠢ ᠲᠦᠪᠱᠢᠨᠢᠶᠡᠨ ᠳᠡᠭᠡᠭ᠌ᠰᠢᠯᠡᠭᠦᠯᠵᠦ᠍᠂ ᠨᠡᠢᠭᠡᠮ ᠤ᠋ᠨ ᠠᠮᠤᠷ ᠲᠦᠪᠱᠢᠨ ᠲᠣᠭ᠍ᠲᠠᠭᠤᠨ ᠪᠠᠢᠳᠠᠯ ᠳ᠋ᠤ ᠬᠦᠴᠦᠨ ᠴᠢᠳᠠᠯ ᠢ᠋ᠢᠡᠨ ᠡᠷᠭᠦᠨ᠎ᠡ》 ᠭᠡᠵᠤ ᠵᠤᠷᠢᠭᠵᠢᠡᠨ ᠬᠦᠪᠴᠢᠯᠡᠨ᠎ᠠ᠃
23 ᠤ᠋ ᠦᠳᠡ ᠢ᠋ᠢᠨ ᠬᠣᠢᠨ᠎ᠠ᠂ ᠯᠢᠶᠠᠩ ᠶᠢᠩ ᠮᠠᠨᠵᠤᠤᠷ ᠬᠤᠳᠠ ᠢ᠋ᠢᠨ ᠬᠥᠯᠥᠨ ᠨᠠᠭᠤᠷ ᠤ᠋ᠨ ᠵᠢᠭᠠᠰᠤᠨ ᠤ᠋ ᠠᠵᠤ ᠠᠬᠤᠢ ᠢ᠋ᠢᠨ ᠬᠢᠵᠠᠭᠠᠷᠲᠤ ᠺᠣᠮᠫᠠᠨᠢ ᠳ᠋ᠤ ᠬᠦᠷᠴᠦ᠍ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭᠠᠶ᠋ᠢ ᠤᠬᠠᠭᠤᠯᠤᠨ ᠲᠠᠢᠯᠪᠤᠷᠢᠯᠠᠵᠡᠢ᠃ ᠬᠤᠷᠠᠯ ᠳ᠋ᠤ ᠣᠷᠣᠯᠴᠠᠭ᠍ᠰᠠᠨ ᠠᠵᠢᠯᠲᠠᠨ ᠠᠵᠢᠯᠴᠢᠨ ᠤ᠋ ᠲᠥᠯᠥᠭᠡᠯᠡᠭ᠌ᠴᠢᠳ ᠬᠢᠨᠠᠮᠠᠭᠠᠶ ᠰᠣᠨᠣᠰᠴᠤ᠌᠂ ᠨᠢᠮᠪᠠᠶ ᠲᠡᠮᠳᠡᠭ᠌ᠯᠡᠯ ᠬᠢᠵᠡᠭᠡᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠱᠢᠰᠲ᠋ᠧᠮ ᠲᠠᠢ ᠪᠦᠭᠡᠳ ᠪᠦᠬᠦ᠌ ᠲᠠᠯ᠎ᠠ ᠢ᠋ᠢ ᠬᠠᠮᠤᠷᠴᠤ᠂ ᠠᠭᠤᠯᠭ᠎ᠠ ᠪᠡᠷ ᠪᠠᠶᠠᠯᠢᠭ ᠪᠤᠯᠪᠠ᠂ ᠪᠢᠳᠡ ᠲᠤᠬᠠᠢᠯᠠᠭ᠍ᠰᠠᠨ ᠠᠵᠢᠯ ᠢ᠋ᠢᠡᠨ ᠰᠠᠢᠲᠤᠷ ᠬᠢᠵᠦ᠍᠂ ᠵᠢᠭᠠᠰᠤᠨ ᠤ᠋ ᠠᠵᠤ ᠠᠬᠤᠢ ᠢ᠋ᠢᠨ ᠺᠣᠮᠫᠠᠨᠢ ᠢ᠋ᠢᠨ ᠱᠢᠨ᠎ᠡ ᠴᠠᠭ ᠦᠶᠡᠳᠦ ᠱᠢᠨ᠎ᠡ ᠠᠮᠢᠵᠢᠷᠠᠯ ᠤ᠋ᠨ ᠬᠦᠴᠦᠨ ᠲᠠᠢ ᠪᠣᠯᠬᠤ ᠳ᠋ᠤ ᠬᠤᠪᠢ ᠨᠡᠮᠡᠷᠢᠪᠡᠨ ᠦᠵᠡᠭᠦᠯᠦᠨ᠎ᠡ ᠭᠡᠵᠤ ᠤᠯᠠᠨ ᠢ᠋ᠢᠡᠷ ᠢ᠋ᠢᠡᠨ ᠢᠯᠡᠳᠭᠡᠪᠠ᠃
8 ᠰᠠᠷ᠎ᠠ ᠢ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠡᠪᠯᠡᠯ ᠤ᠋ᠨ ᠱᠢᠰᠲ᠋ᠧᠮ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠳᠤᠮᠳᠠᠳᠤ ᠤᠯᠤᠰ ᠤ᠋ᠨ ᠰᠠᠨᠰᠠᠷ ᠤ᠋ᠨ ᠠᠶᠠᠯᠠᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠠᠵᠤ ᠦᠶ᠋ᠯᠡᠳᠪᠦᠷᠢ ᠢ᠋ᠢᠨ ᠵᠢᠷᠭᠤᠳᠤᠭᠠᠷ ᠬᠦᠷᠢᠶᠡᠯᠡᠩ ᠤ᠋ᠨ ᠬᠣᠩ ᠭᠠᠩ ᠺᠣᠮᠫᠠᠨᠢ ᠢ᠋ᠢᠨ ᠳᠥᠷᠪᠡᠳᠦᠭᠡᠷ ᠬᠤᠪᠢᠶᠠᠷᠢ ᠦᠶ᠋ᠯᠡᠳᠪᠦᠷᠢ ᠢ᠋ᠢᠨ ᠥᠷᠥᠯᠪᠢᠴᠢᠨ ᠤ᠋ ᠳᠤᠭᠤᠢᠯᠠᠩ ᠤ᠋ᠨ ᠣᠨᠴᠠ ᠲᠠᠰ ᠤ᠋ᠨ ᠮᠠᠰᠲᠸᠷ᠂ ᠥᠪᠡᠷᠲᠡᠭᠡᠨ ᠵᠠᠰᠠᠬᠤ ᠣᠷᠣᠨ ᠤ᠋ ᠬᠥᠳᠡᠯᠮᠦᠷᠢ ᠢ᠋ᠢᠨ ᠵᠢᠱ᠌ᠢᠶᠡᠴᠢ᠂ ᠪᠥᠬᠥ᠌ ᠤᠯᠤᠰ ᠤ᠋ᠨ ᠮᠡᠷᠭᠡᠵᠢᠯ ᠤ᠋ᠨ ᠴᠢᠳᠠᠪᠤᠷᠢᠲᠠᠨ ᠵᠧᠩ ᠴᠤᠤ ᠶᠠᠩ ᠥᠪᠥᠷ ᠮᠣᠩᠭᠣᠯ ᠤ᠋ᠨ ᠱᠦᠨ ᠹᠸᠩ ᠲᠦᠷᠭᠡᠨ ᠬᠦᠷᠭᠡᠯᠲᠡ ᠢ᠋ᠢᠨ ᠬᠢᠵᠠᠭᠠᠷᠲᠤ ᠺᠣᠮᠫᠠᠨᠢ ᠢ᠋ᠢᠨ ᠸᠠᠨ ᠳ᠋ᠠ ᠠᠭᠤᠳᠠᠮ ᠲᠠᠯᠠᠪᠠᠶ ᠢ᠋ᠢᠨ ᠡᠵᠡᠩᠨᠡᠯᠲᠡ ᠢ᠋ᠢᠨ ᠬᠡᠯᠲᠡᠰᠲᠦ ᠬᠦᠷᠴᠦ᠍ ᠤᠬᠠᠭᠤᠯᠤᠨ ᠲᠠᠢᠯᠪᠤᠷᠢᠯᠠᠪᠠ᠃ ᠲᠡᠷᠡ᠂ 《ᠰᠠᠨᠰᠠᠷ ᠤ᠋ᠨ ᠠᠶᠠᠯᠠᠯ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠶ᠋ᠯᠡᠳᠪᠦᠷᠢᠯᠡᠯ ᠤ᠋ᠨ ᠨᠢᠭᠡᠳᠦᠭᠡᠷ ᠹᠷᠣᠨᠲᠲᠤ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭᠠᠶ᠋ᠢ ᠨᠠᠢᠳᠠᠪᠤᠷᠢᠵᠢᠭᠤᠯᠤᠶᠠ》 ᠭᠡᠬᠦ ᠰᠡᠳᠦᠪᠤᠨ ᠲᠤᠭᠤᠷᠢᠨᠳᠤ ᠲᠥᠷᠥ ᠢ᠋ᠢᠨ ᠪᠣᠳᠣᠯᠭ᠎ᠠ ᠶᠠᠷᠢᠬᠤ᠂ ᠥᠯᠢᠭᠡᠷ ᠶᠠᠷᠢᠬᠤ᠂ ᠬᠤᠪᠢᠷᠠᠯᠲᠠᠶ᠋ᠢ ᠶᠠᠷᠢᠬᠤ᠂ ᠬᠤᠪᠢ ᠨᠡᠮᠡᠷᠢ ᠦᠵᠡᠭᠦᠯᠬᠦ᠌ ᠵᠡᠷᠭᠡ ᠠᠭᠤᠯᠭᠠᠵᠢ ᠶᠠᠷᠢᠬᠤ ᠪᠡᠷ ᠳᠠᠮᠵᠢᠭᠤᠯᠤᠨ ᠲᠦᠷᠭᠡᠨ ᠬᠦᠷᠭᠡᠯᠲᠡ ᠢ᠋ᠢᠨ ᠠᠵᠢᠯ ᠲᠥᠷᠥᠯᠳᠦ ᠡᠷᠡᠮᠡᠭᠡᠢᠯᠡᠨ ᠲᠡᠮᠡᠴᠡᠵᠦ᠍ ᠪᠠᠢᠭ᠎ᠠ ᠨᠢᠭᠡᠳᠦᠭᠡᠷ ᠹᠷᠣᠨᠲ ᠤ᠋ᠨ ᠠᠵᠢᠯᠲᠠᠳᠲᠤ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠭᠦᠳᠡ ᠬᠤᠷᠠᠯ ᠤ᠋ᠨ ᠵᠤᠷᠢᠭ ᠰᠠᠨᠠᠭ᠎ᠠ ᠢ᠋ᠢ ᠨᠠᠢᠳᠠᠪᠤᠷᠢᠵᠢᠭᠤᠯᠪᠠ᠃
ᠥᠪᠥᠷ ᠮᠣᠩᠭᠣᠯ ᠤ᠋ᠨ ᠱᠦᠨ ᠹᠸᠩ ᠲᠦᠷᠭᠡᠨ ᠲᠡᠭᠡᠭᠡᠪᠦᠷᠢ ᠢ᠋ᠢᠨ ᠬᠢᠵᠠᠭᠠᠷᠲᠤ ᠺᠣᠮᠫᠠᠨᠢ ᠢ᠋ᠢᠨ ᠠᠵᠢᠯᠴᠢᠨ ᠤ᠋ ᠡᠪᠯᠡᠯ ᠤ᠋ᠨ ᠲᠡᠷᠢᠭᠦᠯᠡᠭ᠌ᠴᠢ ᠳ᠋ᠢᠩ ᠱᠢᠶᠤᠤ ᠮᠢᠩ ᠲᠤᠬᠠᠶ ᠢ᠋ᠢᠨ ᠲᠠᠯᠠᠪᠠᠶᠢ᠋ᠢᠨ ᠮᠡᠳᠡᠭᠦᠯᠦᠯᠲᠡᠶ᠋ᠢ ᠰᠣᠨᠣᠰᠤᠭ᠍ᠰᠠᠨ ᠤ᠋ ᠳᠠᠷᠠᠭ᠎ᠠ᠄ 《ᠠᠵᠢᠯᠴᠢᠳ ᠢ᠋ᠢᠡᠨ ᠳᠠᠭᠠᠭᠤᠯᠤᠨ ᠤᠷᠠᠨ ᠳᠠᠷᠬᠠᠨ ᠤ᠋ ᠵᠣᠷᠢᠭ ᠰᠠᠨᠠᠭᠠᠶ᠋ᠢ ᠭᠦᠶ᠋ᠴᠡᠳ ᠪᠠᠳᠠᠷᠠᠭᠤᠯᠵᠤ᠂ ᠠᠵᠢᠯ ᠤ᠋ᠨ ᠪᠠᠢᠷᠢ ᠢ᠋ᠢᠨ ᠣᠨᠴᠠᠯᠢᠭ ᠪᠠ ᠠᠵᠢᠯ ᠤ᠋ᠨ ᠡᠭᠦᠷᠭᠡ ᠬᠠᠷᠢᠭᠤᠴᠠᠯᠭ᠎ᠠ ᠲᠠᠶᠪᠠᠨ ᠤᠶᠠᠯᠳᠤᠭᠤᠯᠤᠨ ᠲᠤᠰᠭᠠᠶ ᠮᠡᠷᠭᠡᠵᠢᠯ ᠤ᠋ᠨ ᠬᠡᠪ ᠪᠣᠯᠪᠠᠰᠤᠷᠠᠯ ᠪᠠ ᠬᠤᠪᠢ ᠬᠥᠮᠦᠨ ᠤ᠋ ᠬᠡᠪ ᠪᠣᠯᠪᠠᠰᠤᠷᠠᠯ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠥᠬᠥᠳᠡ ᠬᠤᠷᠠᠯ ᠤ᠋ᠨ ᠵᠣᠷᠢᠭ ᠰᠠᠨᠠᠭᠠᠶ᠋ᠢ ᠲᠡᠷᠡ ᠶᠣᠰᠣᠭᠠᠷ ᠨᠢ ᠪᠣᠳᠠᠲᠠᠶ ᠠᠵᠢᠯᠳᠠᠭᠠᠨ ᠨᠠᠢᠳᠠᠪᠤᠷᠢᠵᠢᠭᠤᠯᠤᠨ᠎ᠠ》 ᠭᠡᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃