2024-08-30 10:38:37
8 ᠰᠠᠷ᠎ᠠ᠎ᠶ᠋ᠢᠨ 27᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠡᠷᠢᠶᠡᠨ ᠬᠤᠳᠠ ᠪᠣᠯᠤᠨ ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠳᠦ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃
ᠡᠷᠢᠶᠡᠨ ᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠤᠯᠤᠰ ᠲᠥᠷᠥ ᠵᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠷᠢᠶ᠎ᠠ ᠵᠢᠨ ᠠᠵᠤ ᠠᠬᠤᠶ᠎ᠶ᠋ᠢᠨ ᠵᠥᠪᠯᠡᠯ᠎ᠦᠨ ᠡᠷᠬᠢᠯᠡᠭ᠌ᠴᠢ ᠵᠢᠶᠠ ᠶᠤᠸᠠᠢ ᠹᠸᠩ 《ᠪᠥᠬᠥᠳᠡ ᠬᠤᠷᠠᠯ᠎ᠤᠨ ᠭᠤᠤᠯ ᠰᠡᠳᠦᠪ᠎ᠢ ᠭᠦᠨᠵᠡᠭᠡᠶ ᠣᠢᠯᠠᠭᠠᠬᠤ ᠪᠠ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢ ᠲᠦᠯᠬᠢᠨ ᠠᠬᠢᠭᠤᠯᠬᠤ ᠵᠢᠨ ᠴᠢᠬᠤᠯᠠ ᠠᠴᠢ ᠬᠤᠯᠪᠤᠭᠳᠠᠯ》᠂ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠵᠢᠯᠣᠭᠣᠳᠭᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ ᠪᠠ ᠴᠢᠬᠤᠯᠠ ᠶᠡᠬᠡ ᠵᠠᠷᠴᠢᠮ᠎ᠢ ᠭᠦᠨᠵᠡᠭᠡᠢ ᠤᠢᠯᠠᠭᠠᠬᠤ》᠂ 《〈ᠲᠣᠭ᠍ᠲᠠᠭᠠᠯ〉 ᠳ᠋ᠤ ᠳᠤᠷᠠᠳᠤᠭ᠍ᠰᠠᠨ ᠴᠢᠬᠤᠯᠠ ᠶᠡᠬᠡ ᠠᠷᠭ᠎ᠠ ᠬᠡᠮᠵᠢᠶ᠎ᠡ ᠪᠠ ᠡᠭᠦᠷᠭᠡ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ》᠂ 《ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ》 ᠵᠡᠷᠭᠡ 4 ᠲᠠᠯ᠎ᠠ ᠵᠢᠨ ᠲᠤᠭᠤᠷᠢᠨ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠪᠦᠭᠡᠳ ᠭᠦᠨᠵᠡᠭᠡᠢ ᠤᠬᠠᠭᠤᠯᠤᠨ ᠲᠠᠢᠯᠪᠤᠷᠢᠯᠠᠪᠠ᠃
ᠡᠷᠢᠶᠡᠨ ᠬᠤᠳᠠ᠎ᠶ᠋ᠢᠨ ᠨᠠᠮ᠎ᠤᠨ ᠬᠤᠷᠢᠶ᠎ᠠ ᠵᠢᠨ ᠨᠢᠭᠤᠴᠠ᠎ᠶ᠋ᠢ ᠬᠠᠮᠠᠭᠠᠯᠠᠬᠤ ᠨᠢᠭᠤᠴᠠ ᠮᠠᠲᠸᠷᠢᠶᠠᠯ᠎ᠤᠨ ᠲᠤᠪᠴᠢᠶ᠎ᠠ ᠵᠢᠨ ᠯᠢᠦ ᠳ᠋ᠠᠨ᠄ 《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠮᠠᠰᠢ ᠤᠷᠮᠠᠱᠢᠨ ᠵᠣᠷᠢᠭ᠍ᠵᠢᠵᠠᠢ᠃ ᠦᠨᠳᠦᠰᠦᠨ ᠱᠠᠲᠤᠨ᠎ᠤ ᠤᠬᠠᠭᠤᠯᠤᠨ ᠲᠠᠢᠯᠪᠤᠷᠢᠯᠠᠭ᠍ᠴᠢ ᠪᠣᠯᠤᠭ᠍ᠰᠠᠨ᠎ᠤ ᠬᠤᠪᠢ᠎ᠳᠤ ᠪᠢ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠲᠤᠰ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠳᠠ ᠵᠢᠨ ᠭᠣᠣᠯᠳᠠᠯᠭ᠎ᠠ᠎ᠶ᠋ᠢ ᠲᠡᠷᠡ ᠬᠡᠪ᠎ᠢᠶᠡᠷ ᠨᠢ ᠨᠡᠩ ᠤᠯᠠᠨ ᠰᠠᠯᠠᠭ᠎ᠠ ᠮᠥᠴᠢᠷ ᠨᠢᠭᠡᠴᠢ᠎ᠳᠦ ᠳᠠᠮᠵᠢᠭᠤᠯᠤᠨ᠎ᠠ》 ᠭᠡᠪᠡ᠃
ᠳᠠᠷᠠᠭ᠎ᠠ ᠨᠢ ᠤᠬᠠᠭᠤᠯᠤᠨ ᠲᠠᠢᠯᠪᠤᠷᠢᠯᠠᠬᠤ ᠪᠦᠯᠬᠦᠮ ᠡᠷᠢᠶᠡᠨ ᠬᠤᠳᠠ᠎ᠶ᠋ᠢᠨ ᠪᠠᠷᠠᠭᠤᠨ ᠬᠤᠳᠠ ᠨᠡᠢᠭᠡᠮ ᠲᠣᠭᠣᠷᠢᠭ᠎ᠲᠤ ᠭᠦᠨᠵᠡᠭᠡᠢᠷᠡᠵᠦ᠍᠂ ᠠᠷᠠᠳ᠎ᠤᠨ ᠠᠮᠢᠳᠤᠷᠠᠯ᠎ᠤᠨ ᠬᠠᠮᠢᠶ᠎ᠠ ᠪᠦᠬᠦᠢ ᠠᠰᠠᠭᠤᠳᠠᠯ᠎ᠤᠨ ᠲᠤᠬᠠᠢ ᠤᠯᠠᠨ᠎ᠲᠠᠶ ᠰᠠᠨᠠᠯ᠎ᠢᠶᠠᠨ ᠰᠣᠯᠢᠯᠴᠠᠵᠤ᠂ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠬᠥᠭ᠌ᠵᠢᠶᠡᠨᠲᠡᠢ ᠪᠠᠢᠯ᠎ᠠ᠃ ᠪᠠᠷᠠᠭᠤᠨ ᠬᠤᠳᠠ ᠨᠡᠢᠭᠡᠮ ᠲᠣᠭᠣᠷᠢᠭ᠎ᠤᠨ ᠨᠠᠮ᠎ᠤᠨ ᠠᠵᠢᠯ᠎ᠤᠨ ᠬᠤᠷᠢᠶ᠎ᠠ ᠵᠢᠨ ᠱᠦᠵᠢ᠂ ᠲᠥᠪ᠎ᠦᠨ ᠡᠷᠬᠢᠯᠡᠭ᠌ᠴᠢ ᠮᠸᠩ ᠵᠤᠤ ᠵᠢᠶ᠍ᠸ᠄《ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠭ᠌ᠰᠡᠨ ᠮᠡᠳᠡᠭᠦᠯᠦᠯᠲᠡ ᠭᠦᠨᠴᠡ᠎ᠲᠡᠶ᠂ ᠦᠨᠳᠦᠷᠴᠡ ᠲᠠᠢ ᠪᠠᠢᠵᠤ᠂ ᠲᠣᠭ᠎ᠠ ᠪᠠᠷᠢᠮᠲᠠ᠎ᠪᠠᠷ ᠨᠤᠳᠠᠯᠠᠵᠤ᠂ ᠪᠣᠳᠠᠲᠤ ᠶᠠᠪᠤᠳᠠᠯ᠎ᠢᠶᠠᠷ ᠭᠡᠷᠡᠴᠢᠯᠡᠵᠦ᠍᠂ ᠤᠨᠤᠯ᠎ᠢ ᠪᠣᠳᠠᠲᠠᠢ᠎ᠲᠠᠶ ᠤᠶᠠᠯᠳᠤᠭᠤᠯᠵᠤ᠂ ᠪᠦᠭᠦᠳᠡ ᠬᠤᠷᠠᠯ᠎ᠤᠨ ᠵᠣᠷᠢᠭ ᠰᠠᠨᠠᠭᠠᠨ᠎ᠤ ᠲᠤᠬᠠᠢ ᠣᠢᠯᠠᠭᠠᠯᠲᠠ᠎ᠶ᠋ᠢ ᠨᠡᠩ ᠬᠦᠨᠵᠡᠭᠡᠢᠷᠡᠬᠦᠯᠵᠡᠢ》 ᠭᠡᠪᠡ᠃
ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠳᠦ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠦᠨ ᠳᠠᠷᠤᠭ᠎ᠠ ᠵᠣᠣ ᠳ᠋ᠠ ᠶᠦᠩ ᠮᠠᠨ᠎ᠤ ᠣᠷᠣᠨ᠎ᠤ ᠡᠨᠧᠷᠭᠢ᠎ᠶ᠋ᠢᠨ ᠠᠵᠢᠯ ᠲᠥᠷᠥᠯ᠎ᠦᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠱᠢᠰᠲ᠋ᠧᠮ᠎ᠲᠡᠶ ᠭᠦᠨᠵᠡᠭᠡᠶ ᠲᠠᠢᠯᠪᠤᠷᠢᠯᠠᠵᠤ᠂ ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠺᠠᠳ᠋ᠷ ᠠᠵᠢᠯᠲᠠᠨ ᠠᠵᠢᠯᠴᠢᠨ᠎ᠤ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠭᠦᠨᠵᠡᠭᠡᠶ ᠪᠥᠭᠡᠳ ᠣᠨᠣᠪᠴᠢᠲᠠᠶ ᠤᠢᠯᠠᠭᠠᠬᠤ ᠵᠢ ᠬᠦᠳᠦᠯᠦᠨ ᠵᠢᠯᠤᠭᠤᠳᠪᠠ᠃ ᠪᠦᠬᠦᠢᠯᠡ ᠮᠡᠳᠡᠭᠦᠯᠦᠯᠲᠡ᠎ᠶ᠋ᠢᠨ ᠬᠤᠷᠠᠯ᠎ᠤᠨ ᠭᠤᠤᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠭᠤᠤᠯᠳᠠᠯᠭ᠎ᠠ ᠲᠣᠪᠣᠢᠮ᠎ᠠ ᠪᠠᠢᠪᠠ᠃
ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠱᠢᠨ᠎ᠡ ᠡᠨᠧᠷᠭᠢ᠎ᠶ᠋ᠢᠨ ᠺᠣᠮᠫᠠᠨᠢ᠎ᠶ᠋ᠢᠨ ᠨᠠᠮ᠎ᠤᠨ ᠬᠤᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠪᠢ ᠶᠠᠨ ᠫᠸᠩ᠄《ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ ᠤᠯᠤᠰ᠎ᠤᠨ ᠥᠮᠴᠢᠯᠡᠯ᠎ᠦᠨ ᠡᠳ᠋ ᠬᠦᠷᠦᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠠᠵᠤ ᠦᠢᠯᠡᠰ᠎ᠦᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠰᠢᠬᠦ ᠶ᠋ᠢ ᠲᠦᠷᠭᠡᠳᠭᠡᠵᠦ᠍᠂ ᠣᠷᠣᠨ᠎ᠤ ᠬᠠᠷᠢᠶ᠎ᠠ ᠤᠯᠤᠰ᠎ᠤᠨ ᠥᠮᠴᠢᠯᠡᠯ᠎ᠦᠨ ᠡᠨᠧᠷᠭᠢ᠎ᠶ᠋ᠢᠨ ᠠᠵᠤ ᠠᠬᠤᠢᠯᠠᠯ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠤᠨ᠂ ᠱᠢᠨ᠎ᠡ ᠡᠨᠧᠷᠭᠢ᠎ᠶ᠋ᠢᠨ ᠲᠦᠷᠭᠡᠨ ᠬᠥᠭ᠌ᠵᠢᠯᠲᠡ᠎ᠶ᠋ᠢᠨ ᠲᠡᠦᠬᠡᠨ ᠠᠵᠠ ᠲᠣᠬᠢᠶᠠᠯ᠎ᠢ ᠠᠮᠵᠢᠵᠤ᠂ ᠱᠢᠨ᠎ᠡ ᠡᠨᠧᠷᠭᠢ᠎ᠶ᠋ᠢᠨ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ᠂ 2010 ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢᠨ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ 〈ᠲᠤᠬᠠᠢ᠎ᠶ᠋ᠢᠨ ᠵᠢᠯ᠎ᠳᠦ ᠪᠠᠷᠢᠯᠭ᠎ᠠ ᠡᠬᠢᠯᠡᠬᠦᠯᠵᠦ᠍᠂ ᠲᠤᠬᠠᠢ᠎ᠶ᠋ᠢᠨ ᠵᠢᠯ᠎ᠳᠦ ᠪᠠᠢᠭᠤᠯᠤᠨ ᠪᠦᠲᠦᠭᠡᠬᠦ᠌〉 ᠬᠠᠷᠠᠯᠳᠠ ᠵᠢ ᠤᠨᠢᠯᠠᠵᠤ᠂ ᠴᠠᠬᠢᠯᠭᠠᠨ ᠬᠦᠴᠦᠨ᠎ᠦ ᠡᠨᠧᠷᠭᠢ᠎ᠶ᠋ᠢᠨ ᠬᠠᠩᠭᠠᠯᠭ᠎ᠠ᠎ᠶ᠋ᠢᠨ ᠪᠠᠲᠤᠯᠠᠭ᠎ᠠ ᠵᠢᠨ ᠴᠢᠳᠠᠪᠤᠷᠢ᠎ᠶ᠋ᠢ ᠬᠦᠴᠦᠲᠡᠢ ᠳᠡᠭᠡᠭ᠌ᠰᠢᠯᠡᠭᠦᠯᠦᠨ᠎ᠡ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃