ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-31 10:59:19

ᠵᠣᠬᠢᠶᠠᠭ᠍ᠴᠢ᠄ ​ᠪᠢᠯᠢᠭ᠌ᠪᠠᠭᠠᠲᠤᠷ ᠭᠦᠸᠧ ᠴᠢ ᠨᠠᠨ ᠱᠢᠤᠸᠠᠢ ᠱᠢᠶᠤᠤ ᠹᠠᠩ ᠱᠢᠤᠢ ᠶᠤᠸᠠᠢ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 27 ᠎ᠤ᠋ ᠡᠳᠦᠷ᠂ 29᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠳ᠋ᠤᠸᠠᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠦ᠋ ᠶᠠᠨ ᠭᠠᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠳᠠᠷᠤᠭ᠎ᠠ ᠵᠧᠩ ᠭᠤᠸᠠᠩ ᠵᠤᠤ ᠲᠤᠰ ᠲᠤᠰ ᠱᠢᠯᠢ᠎ᠶ᠋ᠢᠨ ᠭᠣᠣᠯ ᠠᠢᠮᠠᠭ᠂ ᠤᠯᠠᠭᠠᠨᠴᠠᠪ ᠬᠤᠳᠠ ᠪᠣᠯᠤᠨ ᠬᠥᠬᠡᠬᠣᠲᠠ᠎ᠳᠤ ᠬᠦᠷᠴᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

8 ᠰᠠᠷ᠎ᠠ᠎ᠶ᠋ᠢᠨ 27 ᠎ᠤ᠋ ᠡᠳᠦᠷ᠂ ᠳ᠋ᠤᠸᠠᠨ ᡁᠢ ᠴᠢᠶᠠᠩ ᠱᠢᠯᠢ᠎ᠶ᠋ᠢᠨ ᠭᠣᠣᠯ ᠠᠢᠮᠠᠭ᠎ᠤᠨ ᠰᠥᠨᠢᠳ ᠪᠠᠷᠠᠭᠤᠨ ᠬᠣᠱᠢᠭᠤᠨ᠎ᠤ ᠵᠢᠷᠦᠬᠡ ᠪᠠᠯᠭᠠᠰᠤᠨ᠎ᠳᠤ ᠬᠦᠷᠴᠦ᠍᠂ ᠭᠤᠷᠪᠠᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠵᠢᠨ ᠫᠢᠩ᠎ᠦᠨ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠢ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠣᠢᠯᠠᠭᠠᠬᠤ ᠵᠡᠷᠭᠡ ᠲᠠᠯ᠎ᠠ᠎ᠪᠠᠷ ᠭᠦᠨᠵᠡᠭᠡᠢ ᠲᠠᠢᠯᠤᠮᠵᠢ ᠬᠢᠵᠦ᠍᠂ ᠨᠠᠮ ᠎ᠤᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ ᠠᠵᠢᠯ᠎ᠤᠨ ᠳᠤᠮᠳᠠ᠎ᠪᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠲᠠᠮᠵᠢᠭᠤᠯᠵᠤ᠂ ᠠᠷᠠᠳ ᠤᠯᠠᠨ᠎ᠤ ᠠᠱᠢᠭ ᠲᠤᠰᠠ᠎ᠳᠤ ᠬᠣᠯᠪᠣᠭ᠍ᠳᠠᠬᠤ ᠪᠣᠳᠠᠲᠠᠢ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ ᠭᠡᠵᠦ᠍ ᠱᠠᠭᠠᠷᠳᠠᠪᠠ᠃

8 ᠰᠠᠷ᠎ᠠ᠎ᠶ᠋ᠢᠨ 29᠎ᠤ᠋ ᠡᠳᠦᠷ ᠂ ᠡᠸ᠋ ᠶᠠᠨ ᠭᠠᠩ ᠤᠯᠠᠭᠠᠨᠴᠠᠪ ᠬᠣᠲᠠ᠎ᠶ᠋ᠢᠨ ᠬᠤᠸᠠᠳᠧ ᠱᠢᠶᠠᠨ᠎ᠤ ᠪᠠᠶᠠᠨᠲᠠᠯ᠎ᠠ ᠱᠢᠶᠠᠩ᠎ᠳᠤ ᠭᠦᠨᠵᠡᠭᠡᠢᠷᠡᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠶ᠋ᠴᠡᠳ ᠲᠠᠨᠢᠬᠤ ᠡᠴᠡ ᠭᠠᠷᠳᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠶ ᠡᠵᠡᠮᠳᠡᠬᠦ᠌; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ; ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ᠎ᠲᠠᠶ ᠨᠢᠭ᠍ᠲᠠ ᠤᠶᠠᠯᠳᠤᠭᠤᠯᠤᠨ ᠰᠤᠷᠤᠯᠴᠠᠨ ᠣᠢᠯᠠᠭᠠᠵᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠬᠦᠴᠦᠲᠡᠢ ᠪᠥᠭᠡᠳ ᠪᠦᠲᠦᠮᠵᠢᠲᠡᠢ᠎ᠪᠡᠷ ᠠᠬᠢᠭᠤᠯᠬᠤ 3 ᠲᠠᠯ᠎ᠠ᠎ᠡᠴᠡ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠠᠢᠯᠪᠤᠷᠢᠯᠠᠵᠤ᠂ ᠨᠠᠮ᠎ᠤᠨ ᠭᠡᠱᠢᠭᠦᠨ ᠺᠠᠳ᠋ᠷᠴᠤᠳ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠤᠢ᠍ᠢᠯᠠᠭᠠᠨ ᠡᠵᠡᠮᠱᠢᠵᠦ᠍᠂ ᠥᠭᠡᠷᠡᠴᠢᠯᠡᠯᠲᠡ᠎ᠶ᠋ᠢᠨ ᠦᠢᠯᠡᠳᠦᠯᠭᠡ᠎ᠳᠦ ᠨᠡᠩ ᠤᠬᠠᠮᠰᠠᠷ᠎ᠠᠴᠠ᠎ᠪᠠᠨ ᠣᠷᠣᠯᠴᠠᠵᠤ ᠂ ᠬᠤᠸᠠᠳᠧ ᠱᠢᠶᠠᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠵᠣᠷᠢᠭ᠍ᠵᠢᠭᠤᠯᠪᠠ᠃

ᠲᠤᠰ ᠡᠳᠦᠷ᠂ ᠵᠧᠩ ᠭᠤᠸᠠᠩ ᠵᠤᠤ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠢ᠎ᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠬᠤᠪᠢᠶᠠᠷᠢ ᠲᠣᠪᠴᠢᠢ᠎ᠠ᠎ᠶ᠋ᠢᠨ ᠲᠦᠩ ᠳ᠋ᠤᠤ ᠵᠡᠭᠡᠯᠢ᠎ᠶ᠋ᠢᠨ ᠲᠣᠮᠢᠯᠠᠭ᠍ᠰᠠᠨ ᠰᠠᠯᠪᠤᠷᠢ᠎ᠳᠤ ᠬᠦᠷᠴᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠳᠤᠮᠳᠠ᠂ ᠵᠧᠩ ᠭᠤᠸᠠᠩ ᠵᠤᠤ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠱᠢᠨ᠎ᠡ ᠠᠷᠭ᠎ᠠ ᠬᠡᠮᠵᠢᠢ᠎ᠡ᠎ᠶ᠋ᠢ ᠭᠦᠨᠵᠡᠭᠡᠢ ᠡᠵᠡᠮᠱᠢᠬᠦ᠌᠂ ᠪᠦᠬᠦᠳᠡ ᠬᠤᠷᠠᠯ᠎ᠤᠨ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠲᠤᠬᠠᠢ ᠱᠢᠨ᠎ᠡ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠬᠤ ᠵᠡᠷᠭᠡ ᠲᠠᠯ᠎ᠠ᠎ᠪᠡᠷ ᠭᠣᠣᠯᠳᠠᠭᠤᠯᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠳᠤ ᠲᠠᠢᠯᠤᠮᠵᠢ ᠬᠢᠵᠡᠢ᠃ ᠲᠡᠷᠡ᠂ ᠠᠮᠤᠷ ᠲᠦᠪᠰᠢᠨ ᠲᠣᠭ᠍ᠲᠠᠭᠤᠨ᠎ᠢ ᠬᠠᠮᠠᠭᠠᠯᠠᠬᠤ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠱᠢᠨ᠎ᠡ ᠴᠢᠨᠠᠷ ᠪᠦᠬᠦᠢ ᠳᠣᠲᠣᠭᠠᠳᠤ᠎ᠶ᠋ᠢ ᠬᠠᠮᠠᠭᠠᠯᠠᠬᠤ ᠲᠠᠢ᠌ᠴᠢᠨ ᠬᠦᠴᠦᠨ᠎ᠢ ᠲᠦᠷᠭᠡᠳᠭᠡᠨ ᠪᠦᠷᠢᠯᠳᠦᠭᠦᠯᠬᠦ᠌ ᠪᠠ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠱᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面