2024-08-31 11:01:07
8 ᠰᠠᠷ᠎ᠠ ᠶ᠋ᠢᠨ 28 ᠤ᠋ ᠡᠳᠦᠷ᠂ ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠤᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠦᠪᠡᠷᠳᠡᠭᠡᠨ ᠵᠠᠰᠠᠬᠤ ᠤᠷᠤᠨ ᠤ᠋ ᠰᠤᠷᠭᠠᠨ ᠬᠦᠮᠦᠵᠢᠯ ᠤ᠋ᠨ ᠲᠢᠩᠬᠢᠮ ᠪᠠ ᠠᠵᠢᠯᠴᠢᠨ ᠤ᠋ ᠶᠡᠷᠦᠩᠬᠡᠢ ᠡᠪᠯᠡᠯ ᠳ᠋ᠤ ᠬᠦᠷᠴᠤ ᠤᠬᠠᠭᠤᠯᠤᠨ ᠲᠠᠢᠯᠪᠤᠷᠢᠯᠠᠪᠠ᠃
ᠦᠪᠡᠷᠳᠡᠭᠡᠨ ᠵᠠᠰᠠᠬᠤ ᠤᠷᠤᠨ ᠤ᠋ ᠰᠤᠷᠭᠠᠨ ᠬᠦᠮᠦᠵᠢᠯ ᠤ᠋ᠨ ᠲᠢᠩᠬᠢᠮ ᠳ᠋ᠤ᠂ ᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠭᠦᠨ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶᠠᠨ ᠤ᠋ ᠤᠬᠠᠭᠤᠯᠬᠤ ᠬᠡᠯᠳᠡᠰ ᠤ᠋ᠨ ᠪᠠᠢᠩᠭᠤ ᠶ᠋ᠢᠨ ᠳᠡᠳ᠋ ᠳᠠᠷᠤᠭ᠎ᠠ᠂ ᠦᠪᠡᠷᠳᠡᠭᠡᠨ ᠵᠠᠰᠠᠬᠤ ᠤᠷᠤᠨ ᠤ᠋ ᠰᠤᠨᠢᠨ ᠮᠡᠳᠡᠭᠡ ᠬᠡᠪᠯᠡᠯ ᠤ᠋ᠨ ᠲᠤᠪᠴᠢᠶ᠎ᠠ (ᠬᠡᠪᠯᠡᠯ ᠤ᠋ᠨ ᠡᠷᠬᠡ ᠶ᠋ᠢᠨ ᠲᠤᠪᠴᠢᠶ᠎ᠠ) ᠶ᠋ᠢᠨ ᠳᠠᠷᠤᠭ᠎ᠠ ᠹᠦ ᠯᠧᠢ ᠶᠡᠷᠦᠩᠬᠡᠢ ᠱᠦᠵᠢ ᠰᠢ ᠵᠢᠨ ᠫᠢᠩ ᠤ᠋ᠨ ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠳᠡᠭᠡᠷ᠎ᠠ ᠲᠠᠯᠪᠢᠭᠰᠠᠨ ᠴᠢᠬᠤᠯᠠ ᠶᠠᠷᠢᠶᠠᠨ ᠤ᠋ ᠵᠤᠷᠢᠭ ᠰᠠᠨᠠᠭ᠎ᠠ ᠪᠠ ᠪᠦᠬᠦᠳᠡ ᠬᠤᠷᠠᠯ ᠤ᠋ᠨ 《ᠳᠤᠭᠳᠠᠭᠠᠯ》 ᠢ᠋ ᠭᠦᠨᠵᠡᠭᠡᠢ ᠰᠤᠷᠤᠯᠴᠠᠨ ᠤᠢᠯᠠᠭᠠᠬᠤ ᠪᠡᠷ ᠭᠤᠤᠯᠳᠠᠭᠤᠯᠤᠨ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠨᠠᠶ᠋ᠮᠠᠳᠤᠭᠠᠷ ᠪᠦᠬᠦᠳᠠ ᠬᠤᠷᠠᠯ ᠤ᠋ᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ᠋ ᠰᠤᠷᠭᠠᠨ ᠬᠦᠮᠦᠵᠢᠯ ᠤ᠋ᠨ ᠰᠢᠰᠲ᠋ᠧᠮ ᠤ᠋ᠨ ᠠᠵᠢᠯ ᠤ᠋ᠨ ᠪᠤᠳᠠᠳᠤ ᠪᠠᠢᠳᠠᠯ ᠲᠠᠢ ᠤᠶᠠᠯᠳᠤᠭᠤᠯᠤᠨ᠂ ᠳᠤᠮᠳᠠᠳᠤ ᠤᠯᠤᠰ ᠤ᠋ᠨ ᠳᠤᠭᠳᠠᠭᠤᠨ ᠶ᠋ᠢᠡᠷ ᠬᠦᠭᠵᠢᠬᠦ ᠶ᠋ᠢᠨ ᠴᠢᠬᠤᠯᠠ ᠪᠡᠯᠭᠡ ᠳᠡᠮᠳᠡᠭ᠂ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠶ᠋ᠢᠨ ᠬᠦᠭᠵᠢᠯᠳᠡ ᠶ᠋ᠢᠨ ᠬᠦᠳᠡᠯᠭᠡᠬᠦ ᠬᠦᠴᠦᠨ᠂ ᠦᠪᠦᠷ ᠮᠤᠩᠭᠤᠯ ᠤ᠋ᠨ ᠦᠭᠡᠷᠡᠴᠢᠯᠡᠯᠳᠡ ᠶ᠋ᠢᠨ ᠦᠢᠯᠡᠳᠦᠯᠭᠡ ᠶ᠋ᠢᠨ ᠠᠵᠢᠯᠯᠠᠭᠠᠨᠤ ᠵᠦᠭᠯᠡᠭᠦᠷ ᠵᠡᠷᠭᠡ ᠲᠠᠯ᠎ᠠ ᠪᠡᠷ ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠤᠷᠢᠭ ᠰᠠᠨᠠᠭ᠎ᠠ ᠶ᠋ᠢ ᠰᠢᠰᠲ᠋ᠧᠮ ᠲᠠᠢ ᠤᠬᠠᠭᠤᠯᠤᠨ ᠲᠠᠢᠯᠪᠤᠷᠢᠯᠠᠵᠤ ᠭᠦᠨᠵᠡᠭᠡᠢ ᠲᠠᠢᠯᠤᠮᠵᠢ ᠬᠢᠪᠡ᠃
《 ᠪᠢᠳᠡ ᠪᠦᠬᠦᠳᠡ ᠬᠤᠷᠠᠯ ᠤ᠋ᠨ ᠵᠤᠷᠢᠭ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ᠋ ᠭᠤᠤᠯᠳᠠᠯᠭ᠎ᠠ ᠲᠠᠢ ᠠᠵᠤ ᠦᠢᠯᠡᠰ ᠤ᠋ᠨ ᠬᠦᠭᠵᠢᠯᠳᠡ ᠶ᠋ᠢᠨ ᠱᠠᠭᠠᠷᠳᠠᠯᠭ᠎ᠠ ᠶ᠋ᠢᠨ ᠲᠤᠭᠤᠷᠢᠨ ᠳ᠋ᠤ᠂ ᠰᠢᠨᠵᠢᠯᠡᠭᠡᠨ ᠤ᠋ ᠰᠠᠯᠠᠭ᠎ᠠ ᠲᠤᠰᠬᠠᠢ ᠮᠡᠷᠭᠡᠵᠢᠯ ᠤ᠋ᠨ ᠪᠠᠢᠷᠢᠰᠢᠭᠤᠯᠤᠯᠳᠠ ᠶ᠋ᠢ ᠰᠢᠯᠢᠳᠡᠭᠵᠢᠭᠦᠯᠵᠦ᠂ ᠲᠡᠷᠢᠭᠦᠨ ᠵᠡᠷᠭᠡ ᠶ᠋ᠢᠨ ᠰᠢᠨᠵᠢᠯᠡᠭᠡᠨ ᠤ᠋ ᠰᠠᠯᠠᠭ᠎ᠠ ᠶ᠋ᠢ ᠪᠦᠲᠦᠭᠡᠨ ᠪᠠᠢᠭᠤᠯᠬᠤ᠂ ᠤᠷᠤᠢᠯᠠᠭᠰᠠᠨ ᠴᠢᠳᠠᠪᠤᠷᠢᠳᠠᠨ ᠢ᠋ ᠬᠦᠮᠦᠵᠢᠭᠦᠯᠬᠦ ᠪᠠ ᠰᠢᠨ᠎ᠠ ᠶ᠋ᠢ ᠡᠭᠦᠳᠬᠦ ᠴᠢᠳᠠᠪᠤᠷᠢ ᠶ᠋ᠢ ᠳᠡᠭᠡᠭᠰᠢᠯᠡᠭᠦᠯᠬᠦ ᠶ᠋ᠢ ᠴᠢᠩᠭᠠᠳᠬᠠᠨ᠂ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠶ᠋ᠢᠨ ᠦᠪᠦᠷ ᠮᠤᠩᠭᠤᠯ ᠤ᠋ᠨ ᠰᠢᠨ᠎ᠠ ᠬᠠᠭᠤᠳᠠᠰᠤ ᠶ᠋ᠢ ᠪᠢᠴᠢᠭᠯᠡᠬᠦ ᠳ᠋ᠤ ᠪᠠᠳᠤ ᠴᠢᠩᠭ᠎ᠠ ᠴᠢᠳᠠᠪᠤᠷᠢᠳᠠᠨ ᠤ᠋ ᠲᠤᠯᠭᠠᠭᠤᠷᠢᠯᠠᠯ ᠪᠠ ᠤᠶᠤᠨ ᠤ᠋ ᠬᠦᠴᠦᠨ ᠤ᠋ ᠪᠠᠳᠤᠯᠠᠭ᠎ᠠ ᠬᠠᠩᠭᠠᠨ᠎ᠠ》 ᠭᠡᠵᠦ ᠦᠪᠡᠷᠳᠡᠭᠡᠨ ᠵᠠᠰᠠᠬᠤ ᠤᠷᠤᠨ ᠤ᠋ ᠰᠤᠷᠭᠠᠨ ᠬᠦᠮᠦᠵᠢᠯ ᠤ᠋ᠨ ᠲᠢᠩᠬᠢᠮ ᠤ᠋ᠨ ᠳᠡᠭᠡᠳᠦ ᠵᠡᠷᠭᠡ ᠶ᠋ᠢᠨ ᠰᠤᠷᠭᠠᠨ ᠬᠦᠮᠦᠵᠢᠯ ᠤ᠋ᠨ ᠭᠠᠵᠠᠷ ᠤ᠋ᠨ ᠳᠠᠷᠤᠭ᠎ᠠ ᠰᠢ ᠳ᠋ᠦᠩ ᠮᠢᠨ ᠬᠡᠯᠡᠪᠡ᠃
ᠦᠪᠡᠷᠳᠡᠭᠡᠨ ᠵᠠᠰᠠᠬᠤ ᠤᠷᠤᠨ ᠤ᠋ ᠠᠵᠢᠯᠴᠢᠨ ᠤ᠋ ᠶᠡᠷᠦᠩᠬᠡᠢ ᠡᠪᠯᠡᠯ ᠳ᠋ᠤ᠂ ᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠭᠦᠨ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶᠠᠨ ᠤ᠋ ᠤᠬᠠᠭᠤᠯᠬᠤ ᠬᠡᠯᠳᠡᠰ ᠤ᠋ᠨ ᠳᠡᠳ᠋ ᠳᠠᠷᠤᠭ᠎ᠠ᠂ ᠦᠪᠦᠷ ᠮᠤᠩᠭᠤᠯ ᠤ᠋ᠨ ᠷᠠᠳᠢᠣ᠋ ᠲᠧᠯᠸᠢᠰᠤᠨ ᠬᠤᠷᠢᠶ᠎ᠠ ᠶ᠋ᠢᠨ ᠳᠠᠷᠤᠭ᠎ᠠ ᠭᠤᠤ ᠸᠧᠨ ᠬᠤᠩ ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠴᠢᠬᠤᠯᠠ ᠶᠡᠬᠡ ᠠᠴᠢ ᠬᠤᠯᠪᠤᠭᠳᠠᠯ ᠢ᠋ ᠭᠦᠨᠵᠡᠭᠡᠢ ᠤᠬᠠᠪᠤᠷᠢᠯᠠᠨ᠂ 《ᠶᠠᠭᠤᠨ ᠳ᠋ᠤ ᠦᠭᠡᠷᠡᠴᠢᠯᠡᠯᠳᠡ ᠬᠢᠬᠦ》 ᠲᠤᠬᠠᠢ ᠲᠠᠨᠢᠯᠳᠠ ᠪᠡᠨ ᠭᠦᠨᠵᠡᠭᠡᠢᠷᠡᠭᠦᠯᠬᠦ ; ᠶᠡᠷᠦᠩᠬᠡᠢ ᠱᠦᠵᠢ ᠰᠢ ᠵᠢᠨ ᠫᠢᠩ ᠤ᠋ᠨ ᠪᠦᠬᠦᠳᠠ ᠬᠤᠷᠠᠯ ᠳᠡᠭᠡᠷ᠎ᠠ ᠲᠠᠯᠪᠢᠭᠰᠠᠨ ᠴᠢᠬᠤᠯᠠ ᠶᠠᠷᠢᠶᠠᠨ ᠤ᠋ ᠵᠤᠷᠢᠭ ᠰᠠᠨᠠᠭ᠎ᠠ ᠶ᠋ᠢ ᠭᠦᠨᠵᠡᠭᠡᠢ ᠤᠬᠠᠪᠤᠷᠢᠯᠠᠨ᠂ 《ᠦᠭᠡᠷᠡᠴᠢᠯᠡᠯᠳᠡ ᠬᠢᠬᠦ ᠴᠢᠭᠯᠡᠯ》 ᠳᠡᠭᠡᠷ᠎ᠠ ᠤᠯᠠᠨ ᠤ᠋ ᠬᠦᠴᠦᠨ ᠢ᠋ ᠨᠢᠭᠳᠠᠷᠠᠭᠤᠯᠬᠤ; 《ᠳᠤᠭᠳᠠᠭᠠᠯ》 ᠳ᠋ᠡᠬᠢ ᠦᠭᠡᠷᠡᠴᠢᠯᠡᠯᠳᠡ ᠶ᠋ᠢ ᠭᠦᠨᠵᠡᠭᠡᠢᠷᠡᠭᠦᠯᠬᠦ ᠲᠤᠬᠠᠢ ᠪᠠᠢᠷᠢᠯᠠᠭᠤᠯᠤᠭᠰᠠᠨ ᠴᠢᠬᠤᠯᠠ ᠶᠡᠬᠡ ᠠᠷᠭ᠎ᠠ ᠬᠡᠮᠵᠢᠶ᠎ᠠ ᠶ᠋ᠢ ᠭᠦᠨᠵᠡᠭᠡᠢ ᠤᠬᠠᠪᠤᠷᠢᠯᠠᠨ᠂ 《ᠶᠠᠭᠤ ᠶ᠋ᠢ ᠦᠭᠡᠷᠡᠴᠢᠯᠡᠬᠦ》 ᠳᠡᠭᠡᠷ᠎ᠠ ᠬᠦᠴᠦᠯᠡᠬᠦ ᠴᠡᠭ ᠶ᠋ᠢᠡᠨ ᠤᠨᠤᠪᠴᠢᠳᠠᠢ ᠤᠯᠬᠤ; ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠶ᠋ᠮᠠᠳᠤᠭᠠᠷ ᠪᠦᠬᠦᠳᠡ ᠬᠤᠷᠠᠯ ᠤ᠋ᠨ ᠴᠢᠬᠤᠯᠠ ᠪᠠᠢᠷᠢᠯᠠᠭᠤᠯᠤᠯᠳᠠ ᠶ᠋ᠢ ᠭᠦᠨᠵᠡᠭᠡᠢ ᠤᠬᠠᠪᠤᠷᠢᠯᠠᠨ᠂ 《ᠬᠡᠷᠬᠢᠨ ᠦᠭᠡᠷᠡᠴᠢᠯᠡᠬᠦ》 ᠲᠠᠯ᠎ᠠ ᠪᠡᠷ ᠪᠤᠳᠠᠳᠠᠢ ᠠᠷᠭ᠎ᠠ ᠬᠡᠮᠵᠢᠶ᠎ᠠ ᠭᠠᠷᠭᠠᠬᠤ ᠵᠡᠷᠭᠡ ᠳᠦᠷᠪᠡᠨ ᠲᠠᠯ᠎ᠠ ᠡᠴᠡ ᠪᠦᠬᠦᠳᠠ ᠬᠤᠷᠠᠯ ᠤ᠋ᠨ ᠵᠤᠷᠢᠭ ᠰᠠᠨᠠᠭ᠎ᠠ ᠶ᠋ᠢ ᠭᠦᠨᠵᠡᠭᠡᠢ ᠤᠬᠠᠭᠤᠯᠤᠨ ᠲᠠᠢᠯᠪᠤᠷᠢᠯᠠᠵᠠᠢ᠃
《ᠤᠬᠠᠭᠤᠯᠤᠨ ᠲᠠᠢᠯᠪᠤᠷᠢᠯᠠᠬᠤ ᠶ᠋ᠢ ᠰᠤᠨᠤᠰᠤᠭᠠᠳ ᠮᠠᠰᠢ ᠶᠡᠭᠡ ᠰᠡᠩᠭᠡᠷᠡᠭᠦᠯᠦᠯ ᠤᠯᠵᠠᠢ᠂ ᠪᠢᠳᠡ ᠦᠵᠡᠯ ᠰᠠᠨᠠᠭ᠎ᠠ ᠤᠯᠤᠰ ᠲᠦᠷᠦ ᠪᠡᠷ ᠬᠦᠳᠦᠯᠦᠨ ᠳᠠᠭᠠᠭᠤᠯᠬᠤ᠂ ᠵᠠᠰᠠᠯᠳᠠ ᠳ᠋ᠤ ᠤᠷᠤᠯᠴᠠᠬᠤ᠂ ᠤᠷ᠎ᠠ ᠴᠢᠳᠠᠪᠤᠷᠢ ᠶ᠋ᠢ ᠪᠦᠷᠢᠯᠳᠦᠭᠦᠯᠬᠦ᠂ ᠠᠵᠢᠯ ᠮᠡᠷᠭᠡᠵᠢᠯ ᠢ᠋ ᠬᠦᠭᠵᠢᠭᠦᠯᠬᠦ᠂ ᠡᠷᠬᠡ ᠠᠰᠢᠭ ᠢ᠋ ᠬᠠᠮᠠᠭᠠᠯᠠᠬᠤ᠂ ᠦᠢᠯᠡᠳᠦᠯ ᠪᠠᠳᠠᠷᠠᠭᠤᠯᠬᠤ᠂ ᠡᠩᠨᠡᠭᠡ ᠶ᠋ᠢ ᠬᠦᠴᠦᠷᠬᠡᠭᠵᠢᠭᠦᠯᠬᠦ ᠵᠡᠷᠭᠡ 7 ᠬᠠᠷᠠᠭᠠᠰᠤ ᠡᠴᠡ ᠨᠢᠭᠡᠨ ᠰᠠᠯᠠᠭ᠎ᠠ ᠰᠦᠷ ᠳᠠᠯᠠᠢᠴᠠᠳᠠᠢ ᠮᠡᠳᠡᠯᠭᠡ ᠶ᠋ᠢᠨ ᠬᠡᠯᠪᠡᠷᠢ ᠶ᠋ᠢᠨ᠂ ᠤᠷ᠎ᠠ ᠴᠢᠳᠠᠪᠤᠷᠢ ᠶ᠋ᠢᠨ ᠬᠡᠯᠪᠡᠷᠢ ᠶ᠋ᠢᠨ᠂ ᠰᠢᠨ᠎ᠠ ᠶ᠋ᠢ ᠡᠭᠦᠳᠬᠦ ᠬᠡᠯᠪᠡᠷᠢ ᠶ᠋ᠢᠨ ᠲᠡᠷᠢᠭᠦᠨ ᠵᠡᠷᠭᠡ ᠶ᠋ᠢᠨ ᠠᠵᠤ ᠦᠢᠯᠡᠰ ᠤ᠋ᠨ ᠮᠡᠷᠭᠡᠵᠢᠯ ᠤ᠋ᠨ ᠠᠵᠢᠯᠴᠢᠨ ᠤ᠋ ᠡᠩᠨᠡᠭᠡ ᠶ᠋ᠢ ᠪᠠᠢᠭᠤᠯᠬᠤ ᠶ᠋ᠢ ᠲᠦᠷᠭᠡᠳᠭᠡᠨ᠂ ᠶᠡᠬᠡ ᠤᠯᠤᠰ ᠤ᠋ᠨ ᠤᠷᠠᠨ ᠲᠠᠷᠬᠠᠨ᠂ ᠤᠮᠠᠷᠠᠳᠦ ᠬᠢᠯᠢ ᠶ᠋ᠢᠨ ᠤᠷᠠᠨ ᠲᠠᠷᠬᠠᠨ᠂ ᠳᠡᠭᠡᠳᠦ ᠮᠡᠷᠭᠡᠵᠢᠯ ᠤ᠋ᠨ ᠴᠢᠳᠠᠪᠤᠷᠢᠳᠠᠨ ᠢ᠋ ᠨᠡᠩ ᠤᠯᠠᠨ ᠬᠦᠮᠦᠵᠢᠭᠦᠯᠦᠨ᠎ᠠ》 ᠭᠡᠵᠤ ᠦᠪᠡᠷᠳᠡᠭᠡᠨ ᠵᠠᠰᠠᠬᠤ ᠤᠷᠤᠨ ᠤ᠋ ᠠᠵᠢᠯᠴᠢᠨ ᠤ᠋ ᠶᠡᠷᠦᠩᠬᠡᠢ ᠡᠪᠯᠡᠯ ᠤ᠋ᠨ ᠠᠵᠤ ᠠᠬᠤᠢ ᠶ᠋ᠢᠨ ᠬᠡᠯᠳᠡᠰ ᠤ᠋ᠨ ᠳᠡᠳ᠋ ᠳᠠᠷᠤᠭ᠎ᠠ ᠯᠢᠤ ᠵᠢᠶᠧ ᠬᠡᠯᠡᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃