ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-08-31 11:03:35

ᠵᠣᠬᠢᠶᠠᠭ᠍ᠴᠢ᠄ ​ᠭᠤᠤ ᠬᠤᠢ ᠹᠠᠩ ᠶᠤᠸᠠᠨ ᠣᠩᠱᠢᠭ᠍ᠰᠠᠨ ᠣᠳᠠᠭ᠎ᠠ᠄ 3

ᠤᠢ᠍ᠢᠷ᠎ᠠ᠎ᠶ᠋ᠢᠨ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ᠎ᠦᠨ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠬ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠤ ᠰᠡᠳᠭᠢᠯ᠎ᠳᠦ ᠳᠠᠮᠵᠢᠭᠤᠯᠪᠠ᠃

8 ᠰᠠᠷ᠎ᠠ᠎ᠶ᠋ᠢᠨ 23 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ ᠢᠦᠶ ᠴᠤᠸᠠᠨ ᠽᠦᠩ ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶ᠎ᠠ᠎ᠶ᠋ᠢᠨ ᠥᠪᠥᠷ ᠮᠣᠩᠭᠣᠯ᠎ᠤᠨ ᠪᠠᠢᠴᠠᠭᠠᠯᠲᠠ᠎ᠶ᠋ᠢᠨ ᠶᠡᠷᠦᠩᠬᠡᠶ ᠠᠩᠭᠢ᠎ᠳᠤ ᠢᠷᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ ᠪᠥᠬᠥᠳᠡ ᠬᠤᠷᠠᠯ᠎ᠤᠨ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ ᠵᠡᠷᠭᠡ ᠲᠠᠯ᠎ᠠ᠎ᠪᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠣᠳᠣᠷᠬᠠᠢᠯᠠᠨ ᠲᠠᠢᠯᠪᠤᠷᠢᠯᠠᠭ᠍ᠰᠠᠨ ᠪᠠᠢᠨ᠎ᠠ᠃

ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶᠠᠨ᠎ᠤ ᠥᠪᠥᠷ ᠮᠣᠩᠭᠣᠯ᠎ᠤᠨ ᠪᠠᠢᠴᠠᠭᠠᠯᠲᠠ᠎ᠶ᠋ᠢᠨ ᠶᠡᠷᠦᠩᠬᠡᠶ ᠠᠩᠭᠢ᠎ᠶ᠋ᠢᠨ ᠬᠥᠳᠡᠯᠮᠦᠷᠢ ᠬᠦᠴᠦᠨ᠎ᠦ ᠪᠠᠢᠴᠠᠭᠠᠯᠲᠠ᠎ᠶ᠋ᠢᠨ ᠭᠠᠵᠠᠷ᠎ᠤᠨ ᠳᠠᠷᠤᠭ᠎ᠠ ᠸᠠᠩ ᠱᠢᠶᠤᠤ ᠵᠢᠤᠸᠠᠨ᠂ ᠬᠣᠢᠱᠢᠳᠠ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ 《ᠤᠯᠤᠰ᠎ᠤᠨ ᠲᠥᠯᠥᠭᠡ ᠲᠣᠭ᠎ᠠ ᠪᠦᠷᠢᠳᠭᠡᠯ ᠬᠢᠵᠦ᠍᠂ ᠠᠷᠠᠳ᠎ᠤᠨ ᠲᠥᠯᠥᠭᠡ ᠪᠠᠢᠴᠠᠭᠠᠯᠲᠠ ᠬᠢᠬᠦ᠌》 ᠠᠵᠢᠯ᠎ᠤᠨ ᠦᠶ᠋ᠯᠡᠳᠦᠯᠭᠡ ᠳᠤᠮᠳᠠ ᠨᠠᠢᠳᠠᠪᠤᠷᠢᠵᠢᠭᠤᠯᠵᠤ᠂ ᠪᠥᠬᠥ᠌ ᠣᠷᠣᠨ᠎ᠤ ᠰᠠᠷ᠎ᠠ᠎ᠶ᠋ᠢᠨ ᠬᠥᠳᠡᠯᠮᠦᠷᠢ ᠬᠦᠴᠦᠨ᠎ᠦ ᠪᠠᠢᠴᠠᠭᠠᠯᠲᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠠᠵᠢᠯ ᠣᠯᠭᠣᠯᠲᠠ ᠠᠵᠢᠯ ᠠᠯᠳᠠᠯᠲᠠ᠎ᠶ᠋ᠢᠨ ᠲᠠᠯ᠎ᠠ᠎ᠶ᠋ᠢᠨ ᠭᠤᠤᠯᠳᠠᠯᠭ᠎ᠠ᠎ᠲᠠᠶ ᠬᠦᠴᠢᠷ ᠠᠰᠠᠭᠤᠳᠠᠯ᠎ᠢ ᠬᠢᠨᠠᠨ ᠬᠡᠮᠵᠢᠵᠦ᠍ ᠰᠤᠳᠤᠯᠤᠨ ᠮᠠᠭᠠᠳᠯᠠᠬᠤ᠎ᠶ᠋ᠢ ᠦᠷᠭᠦᠯᠵᠢᠯᠡᠨ ᠴᠢᠩᠭᠠᠳᠭᠠᠵᠤ᠂ ᠨᠠᠮ ᠪᠣᠯᠤᠨ ᠵᠠᠰᠠᠭ᠎ᠤᠨ ᠣᠷᠳᠣᠨ᠎ᠤ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ᠎ᠳᠤ ᠪᠠᠲᠤ ᠪᠠᠬᠢ ᠲᠣᠭ᠎ᠠ ᠪᠦᠷᠢᠳᠭᠡᠯ᠎ᠦᠨ ᠪᠠᠲᠤᠯᠠᠭ᠎ᠠ ᠬᠠᠩᠭᠠᠨ᠎ᠠ ᠭᠡᠵᠦ᠍ ᠢᠯᠡᠳᠭᠡᠪᠡ᠃ ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶᠠᠨ᠎ᠤ ᠥᠪᠥᠷ ᠮᠣᠩᠭᠣᠯ᠎ᠤᠨ ᠪᠠᠢᠴᠠᠭᠠᠯᠲᠠ᠎ᠶ᠋ᠢᠨ ᠶᠡᠷᠦᠩᠬᠡᠶ ᠠᠩᠭᠢ᠎ᠶ᠋ᠢᠨ ᠲᠤᠰᠭᠠᠶ ᠪᠠᠢᠴᠠᠭᠠᠯᠲᠠ᠎ᠶ᠋ᠢᠨ ᠭᠠᠵᠠᠷ᠎ᠤᠨ ᠬᠠᠷᠢᠭᠤᠴᠠᠯᠭᠠᠲᠠᠨ᠂ ᠵᠠᠯᠠᠭᠤᠴᠤᠳ᠎ᠤᠨ ᠠᠵᠢᠯ᠎ᠤᠨ ᠵᠥᠪᠯᠡᠯ᠎ᠦᠨ ᠡᠷᠬᠢᠯᠡᠭ᠌ᠴᠢ ᠵᠠᠩ ᠱᠢᠨ᠂ ᠲᠣᠭ᠎ᠠ ᠪᠦᠷᠢᠳᠭᠡᠯ᠎ᠦᠨ ᠪᠠᠢᠴᠠᠭᠠᠯᠲᠠ᠎ᠶ᠋ᠢᠨ ᠰᠠᠯᠠᠭ᠎ᠠ ᠮᠥᠴᠢᠷ᠎ᠦᠨ ᠵᠠᠯᠠᠭᠤ ᠺᠠᠳ᠋ᠷ ᠪᠣᠯᠤᠭ᠍ᠰᠠᠨ᠎ᠤ ᠬᠤᠪᠢ᠎ᠳᠤ᠂ ᠲᠣᠭ᠎ᠠ ᠪᠦᠷᠢᠳᠭᠡᠯ᠎ᠦᠨ ᠲᠣᠭ᠎ᠠ ᠪᠠᠷᠢᠮᠲᠠ᠎ᠶ᠋ᠢᠨ ᠦᠨᠡᠨ ᠪᠣᠳᠠᠲᠤ ᠴᠢᠨᠠᠷ ᠭᠡᠬᠦ᠌ ᠡᠨᠡ ᠬᠦ᠌ ᠠᠮᠢᠨ ᠰᠤᠳᠠᠰᠤ᠎ᠶ᠋ᠢ ᠪᠠᠲᠤ ᠰᠠᠬᠢᠵᠤ ᠂ ᠲᠣᠭ᠎ᠠ ᠪᠦᠷᠢᠳᠭᠡᠯ᠎ᠦᠨ ᠪᠠᠢᠴᠠᠭᠠᠯᠲᠠ ᠬᠢᠬᠦ᠌ ᠪᠠ ᠲᠣᠭ᠎ᠠ ᠪᠦᠷᠢᠳᠭᠡᠯ᠎ᠦᠨ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠶ᠋ᠴᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠲᠣᠭ᠎ᠠ ᠪᠦᠷᠢᠳᠭᠡᠯ᠎ᠦᠨ ᠪᠠᠢᠴᠠᠭᠠᠯᠲᠠ᠎ᠶ᠋ᠢᠨ ᠬᠥᠮᠦᠨ᠎ᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃

8 ᠰᠠᠷ᠎ᠠ᠎ᠶ᠋ᠢᠨ 26 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠵᠣᠣ ᠵᠢᠩ ᠬᠤᠸᠠ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠳᠦ ᠢᠷᠡᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠬᠤ᠂ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠬᠡ ᠠᠯᠬᠤᠮ ᠭᠦᠨᠵᠡᠭᠡᠢᠷᠡᠭᠦᠯᠬᠦ᠌ ᠶᠡᠷᠦᠩᠬᠡᠶ ᠱᠠᠭᠠᠷᠳᠠᠯᠭ᠎ᠠ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠭᠦᠨᠵᠡᠭᠡᠶ ᠤᠢᠯᠠᠭᠠᠨ ᠡᠵᠡᠮᠱᠢᠬᠦ᠌᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠳᠤ ᠭᠦᠨᠵᠡᠭᠡᠶ ᠲᠠᠢᠯᠤᠮᠵᠢ ᠬᠢᠵᠦ᠍ ᠬᠠᠪᠰᠤᠷᠤᠨ ᠵᠢᠯᠣᠭᠣᠳᠪᠠ᠃

《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠭ᠎ᠠ ᠡᠯᠪᠡᠭ ᠪᠠᠶᠠᠯᠢᠭ᠂ ᠭᠦᠨᠵᠡᠭᠡᠢ ᠨᠡᠪᠲᠡᠷᠬᠡᠢ ᠪᠠᠢᠵᠤ᠂ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠳᠤ ᠨᠡᠩ ᠭᠦᠨᠵᠡᠭᠡᠢ ᠣᠢᠯᠠᠭᠠᠯᠲᠠ᠎ᠲᠠᠶ ᠪᠣᠯᠵᠠᠢ》 ᠭᠡᠵᠦ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠲᠤᠰᠭᠠᠢ ᠲᠤᠱᠢᠶᠠᠯᠳᠦ ᠳᠡᠳ᠋ ᠱᠦᠵᠢ ᠮᠠ ᠢᠦᠢ ᠫᠸᠩ ᠬᠡᠯᠡᠵᠡᠢ᠃ᠲᠡᠷᠡ ᠪᠡᠷ《ᠬᠣᠢᠱᠢᠳᠠ᠎ᠶ᠋ᠢᠨ ᠨᠢᠭᠡ ᠬᠤᠭᠤᠴᠠᠭᠠᠨ᠎ᠳᠤ᠂ ᠪᠢᠳᠡ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠨᠢᠭᠡᠨ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠶᠡᠷᠦᠩᠬᠡᠢᠯᠡᠭ᠌ᠰᠡᠨ ᠵᠠᠮ ᠲᠡᠭᠡᠭᠡᠪᠦᠷᠢ᠎ᠶ᠋ᠢᠨ ᠱᠢᠰᠲ᠋ᠧᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠶᠡᠷᠦᠩᠬᠡᠢᠯᠡᠨ ᠵᠢᠯᠣᠭᠣᠳᠣᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠂ ᠨᠠᠩ ᠴᠤᠭ ᠪᠠᠳᠠᠷᠠᠩᠭᠤᠶ ᠲᠡᠮᠡᠴᠡᠯ᠎ᠦᠨ ᠵᠣᠷᠢᠭ᠎ᠢᠶᠠᠷ᠂ ᠨᠠᠩ ᠪᠣᠳᠠᠲᠠᠶ᠎ᠶ᠋ᠢ ᠡᠷᠬᠢᠮᠯᠡᠬᠦ᠌ ᠰᠤᠷᠲᠠᠯ᠂ ᠨᠠᠩ ᠬᠦᠴᠦᠲᠡᠶ ᠠᠷᠭ᠎ᠠ ᠬᠡᠮᠵᠢᠶ᠎ᠡ ᠪᠡᠷ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠢ ᠲᠦᠷᠭᠡᠳᠭᠡᠨ ᠪᠦᠲᠦᠭᠡᠨ ᠪᠠᠢᠭᠤᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ ᠨᠡᠭᠡᠭᠡᠬᠦ᠌ ᠬᠣᠱᠢᠭᠤᠴᠢ ᠪᠣᠯᠬᠤ᠎ᠪᠠᠷ ᠴᠢᠷᠮᠠᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠪᠠᠲᠤ ᠴᠢᠩᠭ᠎ᠠ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠢᠯᠡᠴᠢᠯᠡᠭᠡᠨ᠎ᠦ ᠪᠠᠲᠤᠯᠠᠭ᠎ᠠ ᠬᠠᠩᠭᠠᠬᠤ ᠬᠡᠷᠡᠭᠳᠡᠢ》 ᠭᠡᠵᠦ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面