2024-09-01 18:12:43
8 ᠰᠠᠷ᠎ᠠ ᠶ᠋ᠢᠨ 23 ᠡᠴᠡ 27 ᠤ᠋ ᠡᠳᠦᠷ ᠪᠣᠯᠲᠠᠯ᠎ᠠ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ ᠶ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭᠳᠠᠵᠤ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭᠠᠵᠢ ᠦᠷᠭᠡᠨ ᠤᠯᠠᠨ ᠺᠠᠳ᠋ᠷ ᠠᠵᠢᠯᠳᠠᠨ ᠠᠵᠢᠯᠴᠢᠨᠳᠤ ᠲᠠᠮᠵᠢᠭᠤᠯᠪᠠ᠃
8 ᠰᠠᠷ᠎ᠠ ᠶ᠋ᠢᠨ 23 ᠤ᠋ ᠡᠳᠦᠷ᠂ ᠤᠮᠠᠷᠠᠲᠤ ᠬᠢᠯᠢ ᠶ᠋ᠢᠨ ᠡᠮᠡᠭ᠌ᠲᠡᠢᠴᠦᠳᠦᠨ ᠤᠬᠠᠭᠤᠯᠤᠨ ᠲᠠᠢᠯᠪᠤᠷᠢᠯᠠᠬᠤ ᠪᠦᠯᠬᠦᠮᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠡᠮᠡᠭ᠌ᠲᠡᠢᠴᠦᠳᠦᠨ ᠬᠣᠯᠪᠣᠭ᠎ᠠ ᠶ᠋ᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ᠂ ᠳᠡᠳ᠋ ᠲᠡᠷᠢᠭᠦᠯᠡᠭ᠌ᠴᠢ ᠵᠣᠣ ᠬᠣᠩ ᠵᠢᠶᠦ᠋ᠨ ᠪᠤᠭᠤᠲᠤ ᠬᠣᠲᠠ ᠶ᠋ᠢᠨ ᠭᠦᠶᠡᠩ ᠱᠢᠶᠠᠨ ᠤ᠋ ᠶ᠋ᠢᠨ ᠱᠠᠨ ᠪᠠᠯᠭᠠᠰᠤᠨ ᠤ᠋ ᠺᠸ ᠵᠢᠶᠤᠤ ᠨᠡᠢᠭᠡᠮ ᠲᠣᠭᠣᠷᠢᠭᠲᠤ ᠬᠦᠷᠴᠦ᠍᠂ 《ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠵᠤ᠂ ᠡᠮᠡᠭ᠌ᠲᠡᠢᠴᠦᠳ ᠬᠡᠦᠬᠡᠳᠦᠨ ᠬᠡᠷ ᠪᠦᠯᠢ ᠶ᠋ᠢᠨ ᠠᠵᠢᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠤᠶ᠎ᠠ》 ᠭᠡᠬᠦ᠌ ᠰᠡᠳᠦᠪᠤᠨ ᠲᠤᠭᠤᠷᠢᠨᠳᠤ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠬᠤᠷᠠᠯᠳᠤᠭᠰᠠᠨ ᠴᠢᠬᠤᠯᠠ ᠶᠡᠬᠡ ᠠᠴᠢ ᠬᠣᠯᠪᠣᠭ᠍ᠳᠠᠯᠢ ᠭᠦᠨᠵᠡᠭᠡᠶ ᠲᠠᠨᠢᠬᠤ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠡᠮᠡᠭ᠌ᠲᠡᠢᠴᠦᠳ ᠬᠡᠦᠬᠡᠳᠦᠨ ᠬᠡᠷ ᠪᠦᠯᠢ ᠶ᠋ᠢᠨ ᠠᠵᠢᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠵᠡᠷᠭᠡ 5 ᠲᠠᠯ᠎ᠠᠵᠢᠨ ᠠᠭᠤᠯᠭ᠎ᠠ ᠪᠠᠷ ᠭᠦᠶᠡᠩ ᠱᠢᠶᠠᠨ ᠤ᠋ ᠡᠮᠡᠭ᠌ᠲᠡᠶ ᠰᠠᠢᠨ ᠲᠤᠷᠠᠴᠤᠳᠲᠤ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃
ᠤᠬᠠᠭᠤᠯᠤᠨ ᠲᠠᠢᠯᠪᠤᠷᠢᠯᠠᠬᠤ ᠵᠢ ᠰᠣᠨᠣᠰᠤᠭ᠍ᠰᠠᠨᠤ ᠲᠠᠷᠠᠭ᠎ᠠ᠂ ᠤᠯᠠᠨᠢᠶᠠᠷᠢᠶᠠᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ᠂ ᠢᠯᠠᠩᠭᠤᠶ᠎ᠠ ᠨᠠᠮ ᠤ᠋ᠨ ᠲᠥᠪ ᠬᠤᠷᠢᠶ᠎ᠠ ᠡᠴᠡ ᠡᠮᠡᠭ᠌ᠲᠡᠢᠴᠦᠳ ᠬᠡᠦᠬᠡᠳ᠂ ᠭᠡᠷ ᠪᠦᠯᠢ ᠶ᠋ᠢᠨ ᠪᠠᠢᠭᠤᠯᠤᠯᠲᠠ ᠪᠣᠯᠤᠨ ᠤᠯᠠᠨ ᠲᠦᠮᠡᠨᠦ ᠪᠦᠯᠬᠦᠮ ᠨᠡᠢᠲᠡ ᠶ᠋ᠢᠨ ᠠᠵᠢᠯᠳ᠋ᠦ ᠲᠠᠯᠪᠢᠭᠰᠠᠨ ᠱᠢᠨ᠎ᠡ ᠱᠠᠭᠠᠷᠳᠠᠯᠭ᠎ᠠ ᠵᠡᠷᠭᠡ ᠲᠠᠯᠠᠪᠠᠷ ᠨᠡᠩ ᠭᠦᠨᠵᠡᠭᠡᠢ ᠲᠠᠨᠢᠯᠲᠠ ᠣᠢᠯᠠᠭᠠᠯᠲᠠ ᠲᠠᠶ ᠪᠣᠯᠤᠯ᠎ᠠ ᠭᠡᠵᠤ ᠪᠤᠳᠤᠯ ᠰᠠᠨᠠᠯᠵᠢᠡᠷ ᠲᠤᠳᠤᠷᠠᠭᠤᠯᠵᠤ ᠭᠠᠷᠤᠯ᠎ᠠ᠃
8 ᠰᠠᠷ᠎ᠠ ᠶ᠋ᠢᠨ 26 ᠤ᠋ ᠡᠳᠦᠷ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠥᠮᠴᠢᠯᠡᠯᠦᠨ ᠡᠳ᠋ ᠬᠥᠷᠥᠩᠭᠡ ᠤᠯᠤᠰ ᠤ᠋ᠨ ᠦᠮᠴᠢᠯᠡᠯ᠎ᠤᠨ ᠠᠵᠤ ᠠᠬᠤᠢᠯᠠᠯ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮᠦᠨ ᠮᠡᠳᠡᠭᠦᠯᠦᠯᠲᠡ ᠶ᠋ᠢᠨ ᠬᠤᠷᠠᠯ ᠪᠤᠭᠤᠲᠤ ᠶ᠋ᠢᠨ ᠪᠣᠯᠣᠳ ᠲᠡᠮᠦᠷᠦᠨ ᠪᠦᠯᠦᠭ᠌ᠯᠡᠯᠦᠨ ᠮᠡᠳᠡᠭᠡ ᠵᠠᠩᠭᠢ ᠶ᠋ᠢᠨ ᠲᠣᠮᠣ ᠠᠰᠠᠷᠲᠤ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠥᠮᠴᠢᠯᠡᠯᠦᠨ ᠡᠳ᠋ ᠬᠦᠷᠦᠩᠭᠡ ᠤᠯᠤᠰ ᠤ᠋ᠨ ᠦᠮᠴᠢᠯᠡᠯ᠎ᠤᠨ ᠠᠵᠤ ᠠᠬᠤᠢᠯᠠᠯ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮᠦᠨ ᠪᠦᠷᠢᠯᠳᠦᠬᠦᠨ᠂ ᠪᠤᠭᠤᠲᠤ ᠶ᠋ᠢᠨ ᠪᠤᠯᠤᠳ ᠲᠡᠮᠦᠷᠦᠨ (ᠪᠦᠯᠦᠭ᠌ᠯᠡᠯ) ᠺᠣᠮᠫᠠᠨᠢ ᠶ᠋ᠢᠨ ᠨᠠᠮ ᠤ᠋ᠨ ᠬᠣᠷᠢᠶᠠᠨ ᠤ᠋ ᠱᠦᠵᠢ᠂ ᠬᠡᠷᠡᠭ ᠮᠡᠳᠡᠭ᠌ᠴᠢᠳᠦᠨ ᠳᠠᠷᠤᠭ᠎ᠠ ᠮᠸᠩ ᠹᠠᠨ ᠶᠢᠩ 《ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠢᠷᠡᠭᠦᠯᠵᠦ᠍ ᠪᠤᠭᠤᠲᠤ ᠶ᠋ᠢᠨ ᠪᠤᠯᠤᠳ ᠲᠡᠮᠦᠷᠦᠨ ᠪᠦᠯᠦᠭ᠌ᠯᠡᠯᠦᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠤᠶ᠎ᠠ》 ᠭᠡᠬᠦ᠌ ᠰᠡᠳᠦᠪᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃
ᠮᠸᠩ ᠹᠠᠨ ᠶᠢᠩ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩᠦᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》ᠳ᠋ᠤ ᠳᠤᠷᠠᠳᠤᠭ᠍ᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ᠌ ᠲᠠᠯᠠᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠥᠬᠥ᠌ ᠲᠠᠯᠠᠪᠠᠷ ᠣᠨᠣᠪᠴᠢᠲᠠᠶ ᠣᠢᠯᠠᠭᠠᠬᠤ ᠵᠡᠷᠭᠡ ᠲᠠᠯᠠᠪᠠᠷ ᠱᠢᠰᠲ᠋ᠧᠮᠲᠡᠶ ᠲᠣᠳᠣᠷᠬᠠᠢᠯᠠᠨ ᠦᠭᠦᠯᠡᠪᠡ᠃ ᠡᠭᠦᠨ ᠤ᠋ ᠬᠠᠮᠲᠤ᠂ ᠪᠤᠭᠤᠲᠤ ᠶ᠋ᠢᠨ ᠪᠣᠯᠣᠳ ᠲᠡᠮᠦᠷᠦᠨ ᠪᠦᠯᠦᠭ᠌ᠯᠡᠯᠦᠨ ᠪᠣᠳᠠᠲᠤ ᠪᠠᠢᠳᠠᠯᠲᠠᠶ ᠤᠶᠠᠯᠳᠤᠭᠤᠯᠤᠨ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠪᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠶ᠋ᠮᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠵᠦᠶ᠋ᠯᠦᠨ ᠡᠭᠦᠷᠭᠡ ᠬᠠᠷᠠᠯᠲᠠ ᠵᠢ ᠨᠠᠢᠳᠠᠪᠤᠷᠢᠵᠢᠭᠤᠯᠤᠨ ᠠᠬᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃
ᠤᠬᠠᠭᠤᠯᠤᠨ ᠲᠠᠢᠯᠪᠤᠷᠢᠯᠠᠬᠤ ᠵᠢ ᠰᠣᠨᠣᠰᠤᠭ᠍ᠰᠠᠨᠤ ᠲᠠᠷᠠᠭ᠎ᠠ᠂ ᠤᠯᠠᠨᠢᠶᠠᠷᠢᠶᠠᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠵᠤ ᠠᠬᠤᠢᠯᠠᠯ ᠤ᠋ᠨ ᠪᠣᠳᠠᠲᠤ ᠪᠠᠢᠳᠠᠯᠲᠠᠶᠪᠠᠨ ᠤᠶᠠᠯᠳᠤᠭᠤᠯᠤᠨ ᠥᠭᠡᠷᠡᠴᠢᠯᠡᠯᠲᠡ ᠵᠢ ᠪᠦᠬᠦ᠌ ᠲᠠᠯᠠᠪᠠᠷ ᠭᠦᠨᠵᠡᠭᠡᠢᠷᠡᠭᠦᠯᠬᠦ᠌ ᠠᠬᠢᠴᠠᠪᠠᠨ ᠲᠦᠷᠭᠡᠳᠭᠡᠵᠦ᠍᠂ ᠺᠣᠮᠫᠠᠨᠢ ᠶ᠋ᠢᠨ ᠴᠢᠨᠠᠷ ᠰᠠᠢᠲᠠᠢ ᠬᠥᠭ᠌ᠵᠢᠯᠲᠡᠳᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠨ᠎ᠡ ᠭᠡᠵᠦ᠍ ᠵᠤᠷᠢᠭᠵᠢᠡᠡ ᠢᠯᠡᠳᠭᠡᠵᠡᠭᠡᠪᠡ᠃
8 ᠰᠠᠷ᠎ᠠ ᠶ᠋ᠢᠨ 27 ᠤ᠋ ᠡᠳᠦᠷ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠤᠮᠠᠷᠠᠲᠤ ᠬᠢᠯᠢ ᠶ᠋ᠢᠨ ᠵᠠᠯᠠᠭᠤᠴᠤᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢᠳᠤ ᠬᠦᠷᠴᠦ᠍ ᠤᠬᠠᠭᠤᠯᠤᠨ ᠲᠠᠢᠯᠪᠤᠷᠢᠯᠠᠪᠠ᠃ ᠤᠮᠠᠷᠠᠲᠤ ᠬᠢᠯᠢ ᠶ᠋ᠢᠨ ᠵᠠᠯᠠᠭᠤᠴᠤᠳ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮᠦᠨ ᠪᠦᠷᠢᠯᠳᠦᠬᠦᠨ᠂ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠶ᠋ᠢᠨ ᠡᠪᠯᠡᠯᠦᠨ ᠬᠣᠷᠢᠶᠠᠨ ᠤ᠋ ᠱᠦᠵᠢ ᠱᠢᠤᠸᠠᠢ ᠵᠢᠩ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯᠢ ᠭᠦᠨᠵᠡᠭᠡᠢ ᠣᠢᠯᠠᠭᠠᠬᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ᠌ ᠲᠠᠯᠠᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠵᠠᠷᠴᠢᠮᠢ ᠭᠦᠨᠵᠡᠭᠡᠢ ᠤᠢ᠍ᠢᠯᠠᠭᠠᠨ ᠡᠵᠡᠮᠱᠢᠬᠦ᠌ ᠵᠡᠷᠭᠡ ᠲᠠᠯᠠᠪᠠᠷ ᠲᠣᠳᠣᠷᠬᠠᠢᠯᠠᠨ ᠦᠭᠦᠯᠡᠪᠡ᠃
《ᠪᠢ ᠡᠮᠴᠢ ᠮᠦᠷᠲᠡᠭᠡᠨ ᠶᠡᠬᠡ ᠰᠤᠷᠭᠠᠭᠤᠯᠢ ᠶ᠋ᠢᠨ ᠪᠠᠭᠰᠢ ᠪᠤᠯᠤᠭᠰᠠᠨ ᠤ᠋ ᠬᠤᠪᠢ ᠳ᠋ᠦ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠬᠤᠪᠠᠷ ᠳᠡᠮᠵᠢᠨ᠂ ᠲᠤᠰᠭᠠᠶ ᠮᠡᠷᠭᠡᠵᠢᠯᠦᠨ ᠬᠡᠪ ᠪᠣᠯᠪᠠᠰᠤᠷᠠᠯᠢᠶᠠᠨ ᠴᠢᠷᠮᠠᠢᠨ ᠳᠡᠭᠡᠭ᠌ᠰᠢᠯᠡᠭᠦᠯᠵᠦ᠍᠂ ᠡᠮᠴᠢᠯᠡᠭᠡᠨ ᠤ᠋ ᠠᠵᠢᠯ ᠪᠠ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠶᠠᠪᠤᠴᠠᠳᠠᠭᠠᠨ ᠨᠠᠮ ᠤ᠋ᠨ ᠭᠡᠱᠢᠭᠦᠨᠦ ᠬᠣᠱᠢᠭᠤᠴᠢ ᠵᠢᠱ᠌ᠢᠶᠡᠴᠢ ᠦᠶ᠋ᠯᠡᠳᠦᠯ ᠶ᠋ᠢᠡᠨ ᠭᠦᠶ᠋ᠴᠡᠳ ᠪᠠᠳᠠᠷᠠᠭᠤᠯᠵᠤ᠂ ᠠᠵᠢᠯ ᠤ᠋ᠨ ᠪᠠᠢᠷᠢᠪᠠᠨ ᠬᠠᠢᠷᠠᠯᠠᠨ ᠠᠵᠢᠯ ᠦᠶ᠋ᠯᠡᠰᠢᠶᠡᠨ ᠳᠡᠭᠡᠳᠦᠯᠡᠵᠦ᠍᠂ ᠡᠷᠡᠭᠦᠯ ᠡᠩᠬᠡ ᠳᠤᠮᠳᠠᠳᠤ ᠤᠯᠤᠰ ᠤ᠋ᠨ ᠪᠥᠲᠥᠭᠡᠨ ᠪᠠᠢᠭᠤᠯᠤᠯᠲᠠᠳᠤ ᠬᠦᠴᠦᠨ ᠴᠢᠳᠠᠯᠢᠶᠠᠨ ᠨᠡᠮᠡᠷᠢᠯᠡᠬᠦ᠌ ᠬᠡᠷᠡᠭ᠌ᠲᠡᠶ ᠭᠡᠳᠡᠭ ᠢ᠋ ᠨᠡᠡᠭ ᠬᠦᠨᠵᠡᠭᠡᠢ ᠤᠬᠠᠵᠤ ᠤᠯᠤᠭᠰᠠᠨ ᠶᠤᠮ》 ᠭᠡᠵᠦ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠶ᠋ᠢᠨ ᠬᠠᠷᠢᠶᠠᠲᠤ ᠡᠮᠨᠡᠯᠭᠡ ᠶ᠋ᠢᠨ ᠬᠣᠷᠢᠶᠠᠨ ᠤ᠋ ᠶᠠᠰᠤᠨ ᠤ᠋ ᠰᠠᠯᠠᠭᠠᠨ ᠤ᠋ ᠳᠡᠳ᠋ ᠡᠷᠬᠢᠯᠡᠭ᠌ᠴᠢ ᠡᠮᠴᠢ᠂ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠶ᠋ᠢᠨ ᠪᠠᠭ᠍ᠰᠢ ᠵᠢᠶᠠᠩ ᠵᠦ᠍ ᠭᠦᠸᠧ ᠭᠡᠯᠡᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃