ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-09-01 18:08:42

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 30᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ᠎ᠳᠦ ᠬᠦᠷᠴᠦ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ᠎ᠶ᠋ᠢᠨ ᠪᠠᠢᠩᠭᠤ᠎ᠶ᠋ᠢᠨ ᠳᠡᠳ᠋ ᠱᠦᠵᠢ ᠵᠠᠩ ᠽᠢ ᠵᠢᠶᠦ᠋ᠨ ᠡᠴᠡ ᠡᠨᠡ ᠤᠳᠠᠭ᠎ᠠ᠎ᠶ᠋ᠢᠨ ᠪᠦᠭᠦᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠮᠠᠰᠢ ᠴᠢᠬᠤᠯᠠ ᠬᠤᠷᠠᠯ ᠪᠣᠯᠤᠨ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ ᠵᠡᠷᠭᠡ ᠲᠠᠯ᠎ᠠ ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠳᠤ ᠪᠦᠬᠦ᠌ ᠲᠠᠯ᠎ᠠ᠎ᠶ᠋ᠢᠨ ᠨᠠᠷᠢᠨ ᠲᠠᠢᠯᠤᠮᠵᠢ ᠬᠢᠵᠡᠢ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠠᠭᠤᠯᠤᠭ᠍ᠳᠠᠬᠤᠨ ᠨᠢ ᠡᠯᠪᠡᠭ ᠪᠠᠶᠠᠯᠢᠭ ᠪᠠᠢᠵᠤ᠂ ᠭᠦᠨᠵᠡᠭᠡᠢ ᠪᠥᠭᠡᠳ ᠣᠢᠯᠠᠭᠠᠮᠵᠢᠲᠠᠢ ᠤᠨᠤᠯ᠎ᠤᠨ ᠲᠠᠢᠯᠪᠤᠷᠢᠯᠠᠯᠲᠠ ᠪᠤᠯᠤᠭᠰᠠᠨ ᠵᠢᠠᠷ ᠪᠠᠷᠠᠬᠤ ᠦᠭᠡᠢ ᠪᠠᠰᠠ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠤᠨ ᠪᠣᠳᠠᠲᠠᠢ᠎ᠲᠠᠶ ᠬᠣᠯᠪᠣᠭ᠍ᠳᠠᠭ᠍ᠰᠠᠨ ᠲᠦᠷᠦᠭ᠌ᠳᠡᠯ ᠪᠠ ᠪᠣᠳᠣᠯᠬᠢᠯᠠᠯ ᠪᠤᠯᠵᠠᠢ ᠭᠡᠪᠡ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ᠎ᠶᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠎ᠤᠨ ᠺᠠᠳ᠋ᠷ ᠵᠦ᠍ ᠱᠢᠤᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠺᠠᠳ᠋ᠷ ᠪᠣᠯᠤᠭ᠍ᠰᠠᠨ᠎ᠤ ᠬᠤᠪᠢ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠰᠤᠷᠤᠯᠴᠠᠨ ᠲᠤᠭᠤᠱᠢᠯᠠᠭᠤᠯᠬᠤ ᠲᠠᠶ ᠤᠶᠠᠯᠳᠤᠭᠤᠯᠵᠤ᠂ ᠨᠡᠪᠲᠡᠷᠡᠯᠴᠡᠭᠦᠯᠵᠦ᠍᠂ ᠦᠨᠡᠨᠴᠢ ᠱᠢᠳᠤᠷᠭᠤ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠡᠯ᠎ᠡ ᠵᠦᠶ᠋ᠯ᠎ᠦᠨ ᠡᠭᠦᠷᠭᠡ᠎ᠶ᠋ᠢ ᠤᠯᠠᠮ ᠨᠢᠭᠡ ᠠᠯᠬᠤᠮ ᠰᠠᠢᠲᠤᠷ ᠬᠢᠨ᠎ᠠ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面