ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-09-02 09:21:34

ᠵᠣᠬᠢᠶᠠᠭ᠍ᠴᠢ᠄ ​ᠬᠤᠤ ᠵᠢᠶᠠ ᠯᠢ ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 27 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ᠎ᠦᠨ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠤ ᠰᠡᠳᠭᠢᠯ᠎ᠳᠦ ᠳᠠᠮᠵᠢᠭᠤᠯᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃

ᠲᠤᠬᠠᠶ᠎ᠶ᠋ᠢᠨ ᠡᠳᠦᠷ᠎ᠦᠨ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠵᠣᠣ ᠵᠢᠩ ᠬᠤᠸᠠ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠳᠤ ᠬᠦᠷᠴᠦ᠍ ᠮᠡᠳᠡᠭᠦᠯᠦᠯᠲᠡ ᠬᠢᠵᠦ᠍᠂ ᠤᠬᠠᠭᠤᠯᠤᠨ ᠲᠠᠢᠯᠪᠦᠷᠢᠯᠠᠯᠲᠠ ᠨᠢ 《ᠡᠨᠡ ᠤᠳᠠᠭ᠎ᠠ᠎ᠶ᠋ᠢᠨ ᠪᠥᠬᠥᠳᠡ ᠬᠤᠷᠠᠯ᠎ᠢ ᠶᠠᠭᠤᠨ᠎ᠳᠤ ᠬᠤᠷᠠᠯᠳᠤᠭᠤᠯᠤᠭᠰᠠᠨ ᠪᠣᠶ》᠂ 《ᠪᠥᠬᠥᠳᠡ ᠬᠤᠷᠠᠯ᠎ᠡᠴᠡ ᠶᠠᠮᠠᠷ ᠱᠠᠭᠠᠷᠳᠠᠯᠭ᠎ᠠ ᠳᠤᠷᠠᠳᠤᠭ᠍ᠰᠠᠨ ᠪᠣᠶ》᠂ 《ᠪᠥᠬᠥᠳᠡ ᠬᠤᠷᠠᠯ᠎ᠡᠴᠡ ᠶᠠᠮᠠᠷ ᠲᠣᠭ᠍ᠲᠠᠭᠠᠯ ᠭᠠᠷᠭᠠᠭ᠍ᠰᠠᠨ ᠪᠣᠶ》᠂ 《ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠨᠠᠢᠳᠠᠪᠤᠷᠢᠵᠢᠭᠤᠯᠬᠤ ᠪᠣᠶ》 ᠭᠡᠬᠦ᠌ ᠳᠥᠷᠪᠡᠨ ᠬᠡᠰᠡᠭ ᠠᠭᠤᠯᠭ᠎ᠠ᠎ᠶ᠋ᠢᠨ ᠲᠣᠭᠣᠷᠢᠨ᠎ᠳᠤ ᠶᠠᠪᠤᠬᠳᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠳᠤ ᠭᠦᠨᠵᠡᠭᠡᠶ ᠲᠠᠢᠯᠤᠮᠵᠢ ᠪᠠ ᠱᠢᠰᠲ᠋ᠧᠮ᠎ᠲᠡᠶ ᠲᠠᠢᠯᠪᠤᠷᠢᠯᠠᠯᠲᠠ ᠬᠢᠪᠠ᠃

ᠣᠯᠠᠨ᠎ᠢᠶᠠᠷ᠎ᠢᠶᠠᠨ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠠᠷᠠᠭᠠᠰᠤ ᠥᠷᠭᠡᠨ᠂ ᠭᠦᠨᠵᠡᠭᠡᠶ ᠨᠡᠪᠲᠡᠷᠬᠡᠶ᠂ ᠰᠣᠨᠣᠰᠤᠭ᠍ᠰᠠᠨ᠎ᠤ ᠳᠠᠷᠠᠭ᠎ᠠ ᠣᠯᠤᠯᠲᠠ ᠶᠡᠬᠡᠲᠡᠶ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠡᠷᠡᠰ ᠦᠶ᠋ᠯᠡᠳᠦᠯᠭᠡᠵᠢᠭᠦᠯᠦᠭ᠌ᠴᠢ ᠪᠣᠯᠵᠣ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ᠎ᠦᠨ ᠬᠤᠸᠠᠩ ᠯᠦ᠍ ᠴᠤᠤ᠄ 《ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢᠨ ᠲᠣᠭᠣᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠵᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠪᠠ ᠥᠪᠡᠷᠲᠡᠭᠡᠨ ᠵᠠᠰᠠᠬᠤ ᠣᠷᠣᠨ᠎ᠤ ᠱᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠠᠲᠤ ᠡᠵᠡᠮᠳᠡᠵᠦ᠂ ᠪᠡᠶ᠎ᠡ᠎ᠶ᠋ᠢᠨ ᠲᠠᠮᠢᠷ᠎ᠤᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠂ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ ᠪᠠ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ 〈ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠡᠷᠡᠮᠡᠬᠡᠢᠯᠡᠨ ᠲᠡᠮᠡᠴᠡᠬᠦ᠌᠎ᠳᠦ ᠪᠢ ᠪᠤᠢ〉 ᠭᠡᠬᠥ ᠬᠠᠷᠢᠭᠤᠴᠠᠯᠭ᠎ᠠ ᠡᠭᠦᠷᠭᠡᠯᠡᠯ᠎ᠢᠶᠡᠷ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠶ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ ᠬᠡᠷᠡᠭ᠌ᠲᠡᠶ》 ᠭᠡᠵᠡᠢ᠃

ᠲᠤᠰ ᠡᠳᠦᠷ᠎ᠦᠨ ᠦᠳᠡ᠎ᠶ᠋ᠢᠨ ᠬᠣᠢᠨ᠎ᠠ᠂ ᠵᠣᠣ ᠵᠢᠩ ᠬᠤᠸᠠ ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠬᠦᠷᠴᠦ᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》 ᠭᠡᠬᠦ᠌ ᠭᠤᠤᠯ ᠰᠡᠳᠦᠪ᠎ᠦᠨ ᠲᠣᠭᠣᠷᠢᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠪᠣᠯ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭᠤᠯᠤᠭ᠍ᠰᠠᠨ ᠨᠢᠭᠡ ᠤᠳᠠᠭᠠᠨ᠎ᠤ ᠴᠢᠬᠤᠯᠠ ᠬᠤᠷᠠᠯ ᠮᠥᠨ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》᠎ᠳ᠋ᠤ᠌ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠢ᠎ᠡ᠎ᠶ᠋ᠢ ᠪᠦᠬᠦ᠌ ᠲᠠᠯ᠎ᠠ᠎ᠪᠠᠷ ᠵᠦᠪ ᠣᠨᠣᠪᠴᠢᠲᠠᠢ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠵᠡᠷᠭᠡ ᠲᠦᠷᠪᠡᠨ ᠲᠠᠯ᠎ᠠ ᠡᠴᠡ᠂ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠵᠦ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠯᠲᠠ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠬᠣᠷᠢᠶ᠎ᠠ᠎ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶ᠋ᠢᠨ ᠱᠦᠵᠢ ᠸᠠᠩ ᠷᠦᠢ ᠭᠦᠨ ᠲᠥᠷᠥᠭ᠌ᠳᠡᠯ᠎ᠲᠡᠶ᠎ᠪᠡᠷ ᠄ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ ᠪᠣᠯ ᠬᠦᠴᠦᠷᠬᠡᠭ᠌ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭᠤᠯᠤᠭ᠍ᠰᠠᠨ ᠨᠢᠭᠡ ᠤᠳᠠᠭ᠎ᠠ᠎ᠶ᠋ᠢᠨ ᠮᠠᠰᠢ ᠴᠢᠬᠤᠯᠠ ᠬᠤᠷᠠᠯ ᠪᠠᠢᠵᠤ᠂ ᠪᠥᠬᠥ᠌ ᠣᠷᠣᠨ᠎ᠤ ᠭᠢᠨᠳᠠᠨ᠎ᠤ ᠱᠢᠰᠲ᠋ᠧᠮ᠎ᠦᠨ ᠬᠢᠨ᠎ᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠳᠦ ᠱᠢᠨᠵᠢᠯᠡᠬᠦ᠌ ᠤᠬᠠᠭᠠᠨᠴᠢ ᠵᠦᠭ᠌ᠯᠡᠭᠦᠷ ᠪᠠ ᠦᠨᠳᠦᠰᠦᠨ ᠵᠢᠷᠤᠮᠯᠠᠯ ᠬᠠᠩᠭᠠᠪᠠ᠃ ᠪᠢᠳᠡ ᠲᠣᠭ᠍ᠲᠠᠭᠤᠨ᠎ᠪᠠᠢᠯᠭᠠᠬᠤ ᠵᠢᠨ ᠵᠡᠷᠭᠡ᠎ᠳᠤ ᠤᠷᠤᠭᠰᠢᠯᠠᠭᠤᠯᠬᠤ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠱᠢᠨ᠎ᠡ ᠪᠠᠢᠳᠠᠯ ᠳᠤᠤᠷᠠᠬᠢ ᠭᠢᠨᠳᠠᠨ᠎ᠤ ᠥᠭᠡᠷᠡᠴᠢᠯᠡᠯᠲᠡ ᠪᠠ ᠬᠥᠭ᠌ᠵᠢᠯᠲᠡ᠎ᠶ᠋ᠢᠨ ᠰᠡᠳᠭᠢᠮᠵᠢ ᠠᠷᠭ᠎ᠠ ᠬᠡᠮᠵᠢᠶ᠎ᠡ᠎ᠶ᠋ᠢ ᠵᠣᠷᠢᠭ᠍ᠲᠠᠶ ᠰᠦᠪᠡᠭ᠌ᠴᠢᠯᠡᠵᠦ᠍᠂ ᠬᠠᠮᠢᠶᠠᠷᠤᠯᠲᠠ᠎ᠶ᠋ᠢ ᠴᠢᠩᠭ᠎ᠠ ᠵᠢᠷᠤᠮᠵᠢᠭᠤᠯᠵᠤ᠂ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠰᠠᠬᠢᠯᠭ᠎ᠠ ᠪᠠᠲᠤ᠎ᠶ᠋ᠢ ᠴᠢᠩᠭ᠎ᠠ ᠬᠡᠷᠡᠭ᠌ᠵᠢᠭᠦᠯᠵᠦ᠍᠂ ᠡᠷᠡᠮᠡᠬᠡᠢᠯᠡᠨ ᠤᠷᠤᠭ᠍ᠰᠢᠯᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠱᠢᠨ᠎ᠡ ᠠᠶᠠᠨ᠎ᠳᠤ ᠥᠭᠡᠷᠡᠴᠢᠯᠡᠯᠲᠡ ᠨᠡᠭᠡᠭᠡᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠠ》 ᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面