2024-09-02 09:32:15
8 ᠰᠠᠷ᠎ᠠ᠎ᠶ᠋ᠢᠨ 27 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠤᠷᠳᠤᠰ ᠬᠤᠳᠠ ᠪᠣᠯᠤᠨ ᠤᠯᠠᠭᠠᠨᠴᠠᠪ ᠬᠤᠳᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠦ ᠰᠡᠳᠭᠢᠯ᠎ᠳᠦ ᠳᠠᠮᠵᠢᠭᠤᠯᠪᠠ᠃
ᠤᠷᠳᠤᠰ ᠬᠤᠳᠠ᠎ᠶ᠋ᠢᠨ ᠬᠠᠩᠭᠢᠨ ᠬᠣᠱᠢᠭᠤᠨ᠎ᠤ ᠵᠢᠷᠭᠠᠯᠠᠩᠲᠤ ᠪᠠᠯᠭᠠᠰᠤ᠎ᠶ᠋ᠢᠨ ᠦᠨᠳᠦᠰᠦᠨ ᠱᠠᠲᠤᠨ᠎ᠤ ᠨᠠᠮ᠎ᠤᠨ ᠰᠤᠷᠭᠠᠭᠤᠯᠢ ᠳ᠋ᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠪᠠᠶᠠᠨᠨᠠᠭᠤᠷ ᠬᠤᠳᠠ᠎ᠶ᠋ᠢᠨ ᠯᠢᠨ ᠾᠧ ᠲᠣᠭᠣᠷᠢᠭ᠎ᠤᠨ ᠭᠠᠨᠵᠤᠤᠷ ᠰᠦᠮ᠎ᠡ ᠪᠠᠯᠭᠠᠰᠤ᠎ᠶ᠋ᠢᠨ ᠮᠢᠨ ᠵᠦ᠍ ᠲᠣᠰᠭᠣᠨ᠎ᠤ ᠠᠷᠠᠳ᠎ᠤᠨ ᠵᠥᠪᠯᠡᠯ᠎ᠦᠨ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ ᠵᠠᠩ ᠰᠠᠨ ᠮᠢᠩ ᠲᠤᠰ ᠪᠡᠶ᠎ᠡ᠎ᠶ᠋ᠢᠨ ᠠᠵᠢᠯ᠎ᠤᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠂ ᠠᠵᠢᠯᠳᠠᠨ ᠠᠵᠢᠯᠴᠢᠨ᠎ᠳᠤ ᠲᠦᠷᠦ᠍᠎ᠶ᠋ᠢᠨ ᠪᠤᠳᠤᠯᠭ᠎ᠠ᠎ᠶ᠋ᠢ ᠶᠠᠷᠢᠵᠤ᠂ ᠬᠤᠪᠢᠷᠠᠯᠲᠠ᠎ᠶ᠋ᠢ ᠶᠠᠷᠢᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃
ᠵᠢᠷᠭᠠᠯᠠᠩᠲᠤ ᠪᠠᠯᠭᠠᠰᠤᠨ᠎ᠤ ᠨᠠᠮ ᠵᠠᠰᠠᠭ᠎ᠤᠨ ᠠᠯᠪᠠᠨ ᠬᠡᠷ᠎ᠦᠨ ᠠᠵᠢᠯᠯᠠᠭ᠍ᠴᠢ ᠸᠸᠨ ᠵᠢᠨ ᠲᠤᠬᠠᠶ᠎ᠶ᠋ᠢᠨ ᠲᠠᠯᠠᠪᠠᠶ᠎ᠳᠤ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠄ 《ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ᠎ᠨᠢ ᠭᠦᠨᠵᠡᠭᠡᠶ ᠪᠥᠭᠡᠳ ᠣᠢᠯᠠᠭᠠᠮᠵᠢᠲᠠᠶ᠂ ᠪᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠩ ᠭᠦᠨᠵᠡᠭᠡᠶ ᠣᠢᠯᠠᠭᠠᠪᠠ᠃ ᠦᠨᠳᠦᠰᠦᠨ ᠱᠠᠲᠤᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠲᠣᠰ ᠪᠡᠶ᠎ᠡ᠎ᠶ᠋ᠢᠨ ᠤᠯᠤᠰ ᠲᠥᠷᠥ᠎ᠶ᠋ᠢᠨ ᠬᠡᠪ ᠪᠤᠯᠪᠠᠰᠤᠷᠠᠯ᠎ᠢᠶᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠷᠠᠳ ᠲᠦᠮᠡᠨ᠎ᠦ ᠦᠶ᠋ᠯᠡᠰ᠎ᠲᠦ ᠦᠨᠡᠨᠴᠢ ᠱᠢᠳᠤᠷᠭᠤ ᠪᠦᠭᠡᠳ ᠬᠠᠢᠷᠠᠳᠠᠢ ᠪᠠᠢᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠶᠠᠪᠤᠳᠠᠯ ᠢ᠋ ᠰᠡᠳᠭᠢᠯ ᠳᠡᠯᠪᠢᠨ ᠬᠦᠴᠦ ᠤᠷᠤᠭᠤᠯᠤᠨ ᠱᠢᠶ᠋ᠳᠪᠦᠷᠢᠯᠡᠵᠦ᠍᠂ ᠵᠢᠷᠭᠠᠯᠠᠩᠲᠤ ᠪᠠᠯᠭᠠᠰᠤ᠎ᠶ᠋ᠢᠨ ᠡᠬᠡ ᠭᠠᠵᠠᠷ ᠳᠡᠭᠡᠷ᠎ᠡ 〈ᠬᠥᠳᠡᠭᠡ ᠠᠵᠤ ᠠᠬᠤᠶ ᠬᠦᠴᠦᠷᠬᠡᠭ᠂ ᠬᠥᠳᠡᠭᠡ ᠲᠣᠰᠭᠣᠨ ᠦᠵᠡᠰᠭᠦᠯᠡᠩᠲᠦ ᠰᠠᠢᠬᠠᠨ᠂ ᠲᠠᠷᠢᠶᠠᠴᠢᠨ ᠪᠠᠶᠠᠨ ᠴᠢᠨᠡᠭᠡᠯᠢᠭ〉 ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠵᠢᠷᠤᠭ ᠲᠦᠰᠦᠪ᠎ᠢ ᠴᠢᠷᠮᠠᠢᠨ ᠵᠢᠷᠤᠭ᠍ᠯᠠᠨ᠎ᠠ》 ᠭᠡᠪᠡ᠃
ᠤᠯᠠᠭᠠᠨᠴᠠᠪ ᠬᠤᠳᠠ᠎ᠶ᠋ᠢᠨ ᠹᠸᠩᠵᠸᠨ ᠬᠤᠳᠠ᠎ᠶ᠋ᠢᠨ ᠪᠸᠢ ᠴᠧᠩ ᠲᠣᠭᠣᠷᠢᠭ᠎ᠤᠨ ᠬᠡᠷᠡᠭ ᠡᠷᠬᠢᠯᠡᠬᠦ᠌ ᠭᠠᠵᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲᠸᠮ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠤᠯᠠᠭᠠᠨᠴᠠᠪ ᠬᠤᠳᠠ᠎ᠶ᠋ᠢᠨ ᠥᠪᠥᠷ ᠮᠣᠩᠭᠣᠯ᠎ᠤᠨ ᠹᠸᠩ ᠴᠤᠸᠠᠨ ᠵᠢᠦ ᠰᠢᠩ ᠠᠷᠢᠬᠢᠨ᠎ᠤ ᠦᠢᠯᠡᠰ᠎ᠦᠨ ᠬᠢᠵᠠᠭᠠᠷᠲᠤ ᠺᠣᠮᠫᠠᠨᠢ᠎ᠶ᠋ᠢᠨ ᠠᠯᠪᠠᠨ ᠭᠡᠷ᠎ᠦᠨ ᠡᠷᠬᠢᠯᠡᠭ᠌ᠴᠢ ᠪᠥᠭᠡᠳ ᠠᠷᠢᠬᠢ ᠦᠢᠯᠡᠳᠪᠦᠷᠢᠯᠡᠬᠦ᠌ ᠲᠠᠰᠤᠭ᠎ᠤᠨ ᠡᠷᠬᠢᠯᠡᠭ᠌ᠴᠢ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠲᠥᠯᠥᠭᠡᠯᠡᠭ᠌ᠴᠢ᠂ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠵᠠᠩ ᠭᠸᠨ ᠵᠢᠦ 《ᠦᠵᠡᠯ ᠰᠠᠨᠠᠭᠠᠨ ᠤ᠋ ᠠᠤᠭ᠎ᠠ ᠬᠦᠴᠦᠨ ᠢ᠋ ᠤᠢᠯᠠᠭᠠᠵᠤ ᠪᠣᠳᠠᠲᠤ ᠠᠵᠢᠯᠯᠠᠭ᠎ᠠ᠎ᠪᠠᠷ᠎ᠢᠶᠠᠨ ᠤᠬ ᠰᠠᠨᠠᠭ᠎ᠠ᠎ᠪᠠᠨ ᠰᠠᠬᠢᠵᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠤᠶᠠ》 ᠭᠡᠬᠦ ᠰᠡᠳᠦᠪ ᠵᠢᠠᠷ ᠥᠪᠡᠷ᠎ᠦᠨ ᠠᠵᠢᠯ᠎ᠤᠨ ᠪᠣᠳᠠᠲᠤ ᠪᠠᠢᠳᠠᠯ ᠪᠣᠯᠤᠨ ᠲᠦᠷᠦᠭ᠌ᠳᠡᠯ᠎ᠲᠡᠶ᠎ᠪᠡᠨ ᠤᠶᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠪᠠ᠃
ᠲᠤᠰ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ ᠨᠢ ᠬᠠᠯᠠᠭᠤᠨ ᠳᠤᠰᠬᠠᠯ ᠭᠠᠷᠴᠤ᠂ ᠬᠥᠮᠦᠰ᠎ᠦᠨ ᠰᠡᠳᠭᠢᠯ᠎ᠳᠦ ᠭᠦᠨ ᠰᠠᠭᠤᠭ᠍ᠳᠠᠵᠠᠶ᠃ 《ᠵᠠᠩ ᠭᠸᠨ ᠵᠢᠦ ᠨᠥᠬᠥᠷ᠎ᠦᠨ ᠤᠬᠠᠭᠤᠯᠤᠨ ᠲᠠᠢᠯᠪᠤᠷᠢᠯᠠᠯᠲᠠ ᠨᠢ ᠨᠠᠳᠠ᠎ᠳᠤ ᠮᠠᠰᠢ ᠶᠡᠬᠡ ᠰᠡᠩᠬᠡᠷᠡᠭᠦᠯᠦᠯ ᠥᠭ᠌ᠴᠡᠢ᠂ ᠤᠬᠠᠭᠤᠯᠬᠤ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠤᠷᠢᠳᠴᠢᠯᠠᠨ ᠰᠤᠷᠤᠯᠴᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠵᠤ᠂ ᠬᠣᠢᠱᠢᠳᠠ᠎ᠶ᠋ᠢᠨ ᠠᠵᠢᠯ ᠳᠤᠮᠳᠠ᠎ᠪᠠᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠤᠬᠠᠭᠤᠯᠤᠨ ᠲᠠᠢᠯᠪᠤᠷᠢᠯᠠᠬᠤ ᠪᠠ ᠤᠨᠤᠯ᠎ᠤᠨ ᠰᠤᠳᠤᠯᠭᠠᠨ ᠵᠡᠷᠭᠡ ᠠᠵᠢᠯ᠎ᠢ ᠨᠠᠷᠢᠨ ᠬᠢᠨᠠᠮᠠᠭᠠᠢ ᠰᠠᠢᠲᠤᠷ ᠥᠷᠨᠢᠭᠦᠯᠵᠦ᠍᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠦᠷᠭᠦᠯᠵᠢᠯᠡᠨ ᠠᠬᠢᠭᠤᠯᠤᠨ᠎ᠠ》 ᠭᠡᠵᠦ᠍ ᠪᠸᠢ ᠴᠧᠩ ᠲᠣᠭᠣᠷᠢᠭ᠎ᠤᠨ ᠬᠡᠷᠡᠭ ᠡᠷᠬᠢᠯᠡᠬᠦ᠌ ᠭᠠᠵᠠᠷ᠎ᠤᠨ ᠤᠬᠠᠭᠤᠯᠬᠤ ᠭᠡᠱᠢᠭᠦᠨ ᠵᠠᠩ ᠢᠦᠢ ᠢᠲᠡᠭᠡᠯ ᠲᠡᠭᠦᠯᠳᠡᠷ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃