2024-09-03 08:59:43
8 ᠰᠠᠷ᠎ᠠ᠎ᠶ᠋ᠢᠨ 27᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ᠎ᠦᠨ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠦᠢᠯᠡᠰ ᠪᠤᠰᠭᠠᠬᠤ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠨᠢᠭᠡᠳᠦᠮᠡᠯ ᠬᠣᠯᠪᠣᠭ᠎ᠠ᠎ᠶ᠋ᠢᠨ ᠪᠡᠯᠡᠳᠭᠡᠯ ᠴᠢᠮᠡᠭᠡ ᠬᠣᠯᠪᠣᠭᠠᠨ᠎ᠤ ᠲᠣᠪᠴᠢᠢ᠎ᠠ᠎ᠳᠤ ᠬᠦᠷᠴᠦ᠍ ᠬᠤᠪᠢᠶᠠᠷᠢᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠪᠠᠭ᠍ᠰᠢ ᠰᠤᠷᠤᠬ᠍ᠴᠢ ᠵᠢᠴᠢ ᠺᠠᠳ᠋ᠷ ᠤᠯᠠᠨ ᠲᠦᠮᠡᠨ᠎ᠳᠦ ᠤᠯᠠᠮᠵᠢᠯᠠᠪᠠ᠃
8 ᠰᠠᠷ᠎ᠠ᠎ᠶ᠋ᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠬᠥᠬᠡᠬᠣᠲᠠ᠎ᠶ᠋ᠢᠨ ᠭᠠᠵᠠᠷ ᠳᠤᠤᠷᠠᠬᠢ ᠲᠡᠮᠦᠷ ᠵᠠᠮ᠎ᠤᠨ ᠡᠵᠡᠩᠨᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠦᠴᠦᠳᠡᠯ ᠥᠭᠡᠷᠡᠴᠢᠯᠡᠵᠦ᠍ ᠰᠡᠯᠪᠢᠨ ᠵᠠᠰᠠᠬᠤ ᠳᠡᠭᠡᠳᠦ ᠵᠡᠷᠭᠡ᠎ᠶ᠋ᠢᠨ ᠢᠨᠵᠧᠨᠧᠷ᠂ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠪᠥᠬᠥ᠌ ᠤᠯᠤᠰ᠎ᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ 2023 ᠣᠨ᠎ᠤ ᠲᠣᠮᠣ ᠤᠯᠤᠰ᠎ᠤᠨ ᠤᠷᠠᠨ ᠳᠠᠷᠬᠠᠨ ᠵᠢᠡᠷ ᠨᠡᠷ᠎ᠡ ᠳᠤᠷᠠᠳᠤᠭ᠍ᠳᠠᠭ᠍ᠰᠠᠨ ᠵᠢᠱ᠌ᠢᠭ᠌ᠳᠡᠭ᠌ᠴᠢ ᠭᠦᠸᠧ᠎ᠶ᠋ᠢᠨ ᠯᠦᠩ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠦᠶ᠋ᠯᠡᠰ ᠪᠤᠰᠬᠠᠬᠤ ᠳᠡᠭᠡᠳᠦ ᠰᠤᠷᠭᠠᠭᠤᠯᠢ᠎ᠳᠤ ᠬᠦᠷᠴᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠥᠪᠡᠷ᠎ᠦᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠭᠦᠸᠧ᠎ᠶ᠋ᠢᠨ ᠯᠦᠩ ᠲᠤᠬᠠᠢ᠎ᠶ᠋ᠢᠨ ᠲᠠᠯᠠᠪᠠᠢ᠎ᠶ᠋ᠢᠨ ᠪᠠᠭ᠍ᠰᠢ ᠰᠤᠷᠤᠭ᠍ᠴᠢᠳ᠎ᠲᠠᠶ ᠲᠡᠭᠦᠨ᠎ᠦ 40 ᠭᠠᠷᠤᠢ ᠵᠢᠯ᠎ᠦᠨ ᠠᠵᠢᠯ ᠮᠡᠷᠭᠡᠵᠢᠯ᠎ᠦᠨ ᠠᠮᠢᠳᠤᠷᠠᠯ ᠳᠤᠮᠳᠠ᠎ᠪᠠᠨ ᠱᠢᠷᠭᠠᠭᠤ ᠬᠠᠲᠠᠭᠤᠵᠢᠯᠲᠠᠢ ᠰᠤᠳᠤᠯᠵᠤ᠂ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠶᠡᠷᠦ᠍ ᠪᠤᠰᠤ᠎ᠶ᠋ᠢᠨ ᠠᠮᠵᠢᠯᠲᠠ ᠪᠦᠲᠦᠮᠵᠢ ᠭᠠᠷᠭᠠᠭ᠍ᠰᠠᠨ ᠰᠡᠳᠭᠢᠯ ᠬᠥᠳᠡᠯᠭᠡᠮ᠎ᠡ ᠦᠯᠢᠭᠡᠷᠵᠢᠠᠨ ᠬᠤᠪᠢᠶᠠᠯᠴᠠᠵᠤ᠂ ᠤᠯᠠᠨ᠎ᠤ ᠤᠷᠠᠨ ᠳᠠᠷᠬᠠᠨ᠎ᠤ ᠵᠣᠷᠢᠭ ᠰᠠᠨᠠᠭᠠᠨ᠎ᠤ ᠠᠭᠤᠯᠤᠭ᠍ᠳᠠᠬᠤᠨ ᠪᠣᠯᠤᠨ ᠦᠨ᠎ᠡ ᠦᠷᠲᠡᠭ᠎ᠢ ᠭᠦᠨᠵᠡᠭᠡᠢ ᠣᠢᠯᠠᠭᠠᠬᠤ᠎ᠳᠤ ᠬᠦᠴᠦᠨ ᠨᠡᠮᠡᠷᠢᠯᠡᠪᠡ᠃
《ᠤᠬᠠᠭᠤᠯᠤᠨ ᠲᠠᠢᠯᠪᠤᠷᠢᠯᠠᠬᠤ ᠵᠢ ᠰᠤᠨᠤᠰᠤᠭᠠᠳ ᠤᠯᠤᠯᠳᠠ ᠲᠦᠬᠦᠷᠡᠡᠭ ᠪᠤᠯᠵᠠᠢ᠃ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ ᠪᠣᠯᠤᠨ ᠴᠢᠳᠠᠮᠠᠭᠠᠢ᠎ᠪᠠᠷ ᠰᠤᠷᠴᠤ᠌ ᠰᠤᠳᠤᠯᠬᠤ ᠡᠷᠴᠢ ᠵᠣᠷᠢᠭ᠎ᠢᠶᠠᠷ ᠭᠦᠸᠧ ᠪᠠᠭ᠍ᠰᠢ ᠡᠭᠡᠯ ᠵᠢᠷ᠎ᠦᠨ ᠱᠠᠪᠢ ᠠᠵᠢᠯᠴᠢᠨ᠎ᠠᠴᠠ᠎ᠪᠠᠨ ᠲᠤᠮᠤ ᠤᠯᠤᠰ᠎ᠤᠨ ᠤᠷᠠᠨ ᠲᠠᠷᠬᠠᠨ ᠪᠤᠯᠪᠠ᠂ ᠪᠢ ᠦᠨᠡᠨ ᠰᠡᠳᠬᠢᠯ ᠡᠴᠨ ᠪᠠᠨ ᠠᠵᠢᠯ᠎ᠤᠨ ᠪᠠᠢᠷᠢ᠎ᠪᠠᠨ ᠬᠠᠢᠷᠠᠯᠠᠵᠤ ᠦᠢᠯᠡᠰ᠎ᠢᠶᠡᠨ ᠳᠡᠭᠡᠳᠦᠯᠡᠬᠦ᠌ ᠵᠣᠷᠢᠭ ᠰᠠᠨᠠᠭ᠎ᠠ ᠵᠢ ᠤᠢᠯᠠᠭᠠᠪᠠ 》 ᠭᠡᠵᠦ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠦᠶ᠋ᠯᠡᠰ ᠪᠤᠰᠬᠠᠬᠤ ᠳᠡᠭᠡᠳᠦ ᠰᠤᠷᠭᠠᠭᠤᠯᠢ᠎ᠶ᠋ᠢᠨ ᠦᠭᠡ ᠬᠡᠯᠡ ᠬᠢᠭᠡᠳ ᠵᠠᠭᠤᠴᠢᠯᠠᠭᠤᠷ᠎ᠤᠨ ᠳᠡᠭᠡᠳᠦ ᠰᠤᠷᠭᠠᠭᠤᠯᠢ᠎ᠶ᠋ᠢᠨ ᠬᠠᠪᠰᠤᠷᠤᠨ ᠵᠢᠯᠣᠭᠣᠳᠣᠭ᠍ᠴᠢ ᠸᠠᠩ ᠵᠣᠣ ᠬᠠᠨ ᠬᠡᠯᠡᠨ᠎ᠠ᠃ ᠲᠡᠷᠡ᠄ 《ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢᠳᠡ ᠦᠪᠡᠷ ᠤ᠋ᠨ ᠶᠡᠷᠦᠩᠬᠡᠶ ᠬᠡᠪ ᠪᠤᠯᠪᠠᠰᠤᠷᠠᠯ᠎ᠢᠶᠠᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠵᠢᠯ᠎ᠤᠨ ᠪᠠᠢᠷᠢ᠎ᠪᠠᠨ ᠬᠠᠢᠷᠠᠯᠠᠵᠤ ᠠᠵᠢᠯ ᠦᠶ᠋ᠯᠡᠰ᠎ᠢᠶᠡᠨ ᠳᠡᠭᠡᠳᠦᠯᠡᠬᠦ᠌ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠎ᠶ᠋ᠢ ᠪᠠᠭ᠍ᠰᠢ᠎ᠶ᠋ᠢᠨ ᠮᠣᠷᠠᠯ ᠪᠠᠭ᠍ᠰᠢ᠎ᠶ᠋ᠢᠨ ᠰᠤᠷᠲᠠᠯ᠎ᠲᠠᠶ ᠨᠢᠭ᠍ᠲᠠ ᠤᠶᠠᠯᠳᠤᠭᠤᠯᠵᠤ᠂ ᠱᠢᠨ᠎ᠡ᠎ᠶ᠋ᠢ ᠡᠭᠦᠳᠬᠦ᠌ ᠬᠡᠯᠪᠡᠷᠢ᠂ ᠬᠡᠷᠡᠭ᠌ᠯᠡᠭᠡᠨ᠎ᠦ ᠬᠡᠯᠪᠡᠷᠢ᠂ ᠬᠠᠮ ᠬᠡᠯᠪᠡᠷᠢ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠬᠤᠪᠢ ᠨᠡᠮᠡᠷᠢ ᠦᠵᠡᠭᠦᠯᠦᠨ᠎ᠠ》 ᠭᠡᠵᠡᠢ᠃
ᠥᠪᠥᠷ ᠮᠣᠩᠭᠣᠯ᠎ᠤᠨ ᠨᠢᠭᠡᠳᠦᠮᠡᠯ ᠬᠣᠯᠪᠣᠭ᠎ᠠ᠎ᠶ᠋ᠢᠨ ᠪᠡᠯᠡᠳᠭᠡᠯ ᠴᠢᠮᠡᠭᠡ ᠬᠣᠯᠪᠣᠭᠠᠨ᠎ᠤ ᠲᠣᠪᠴᠢᠢ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲᠸᠮ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠂ ᠤᠮᠠᠷᠠᠲᠤ ᠬᠢᠯᠢ᠎ᠶ᠋ᠢᠨ ᠤᠷᠠᠨ ᠲᠠᠷᠬᠠᠨ᠂ ᠪᠦᠬᠦ᠌ ᠤᠯᠤᠰ᠎ᠤᠨ ᠮᠡᠷᠭᠡᠵᠢᠯ᠎ᠦᠨ ᠴᠢᠳᠠᠪᠤᠷᠢᠲᠠᠨ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠳᠪᠦᠷᠢ᠎ᠶ᠋ᠢᠨ ᠵᠢᠷᠭᠤᠳᠤᠭᠠᠷ ᠬᠦᠷᠢᠶᠡᠯᠡᠩ᠎ᠦᠨ ᠥᠷᠥᠯᠪᠢᠴᠢᠨᠦ ᠣᠨᠴᠠ ᠲᠡᠰ᠎ᠤᠨ ᠮᠠᠰᠲ᠋ᠧᠷ ᠵᠧᠩ ᠵᠤᠤ ᠶᠠᠩ ᠥᠪᠡᠷ᠎ᠦᠨ ᠥᠩᠭᠡᠷᠡᠯᠲᠡ᠎ᠲᠡᠶ᠎ᠪᠡᠨ ᠤᠶᠠᠯᠳᠤᠭᠤᠯᠵᠤ᠂ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠮᠦᠨ᠎ᠡ ᠹᠷᠣᠨᠲ᠎ᠤᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠭᠣᠣᠯ ᠰᠡᠳᠦᠪ ᠤ᠋ᠨ ᠲᠤᠭᠤᠷᠢᠨ ᠳ᠋ᠤ ᠤᠬᠠᠭᠤᠯᠤᠨ ᠲᠠᠢᠯᠪᠤᠷᠢᠯᠠᠯᠲᠠ ᠬᠢᠵᠡᠢ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠠᠮᠢᠳᠤᠯᠢᠭ ᠪᠠᠢᠵᠤ᠂ ᠬᠥᠮᠦᠰ᠎ᠲᠦ ᠰᠡᠩᠬᠡᠷᠡᠭᠦᠯᠦᠯ ᠦᠭᠪᠡ᠃ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠲᠠᠷᠠᠭ᠎ᠠ᠂ ᠤᠯᠠᠨ᠎ᠢᠶᠠᠷ᠎ᠢᠶᠠᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠢ ᠡᠵᠡᠮᠳᠡᠵᠦ᠍᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠨ᠎ᠠ ᠭᠡᠵᠦ᠍ ᠢᠯᠡᠳᠭᠡᠵᠡᠭᠡᠪᠡ᠃
《ᠥᠨᠥᠳᠦᠷ᠎ᠦᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠲᠤᠢᠯ᠎ᠢᠶᠠᠷ ᠤᠷᠮᠠᠰᠢᠨ ᠵᠣᠷᠢᠭ᠍ᠵᠢᠪᠠ》᠃ ᠳᠤᠮᠳᠠᠳᠤ ᠤᠯᠤᠰ᠎ᠤᠨ ᠨᠢᠭᠡᠳᠦᠮᠡᠯ ᠬᠣᠯᠪᠣᠭ᠎ᠠ᠎ᠶ᠋ᠢᠨ ᠬᠥᠬᠡᠬᠣᠲᠠ᠎ᠳᠠᠬᠢ ᠬᠤᠪᠢᠶᠠᠷᠢ ᠺᠣᠮᠫᠠᠨᠢ᠎ᠶ᠋ᠢᠨ ᠠᠵᠢᠯᠲᠠᠨ ᠯᠦ᠍ ᠯᠢ ᠵᠢᠤᠸᠠᠨ᠂ ᠠᠵᠢᠯ᠎ᠤᠨ ᠪᠠᠢᠷᠢ ᠳᠡᠭᠡᠷ᠎ᠡ᠎ᠪᠡᠨ ᠬᠤᠪᠢ ᠳᠠᠬᠢᠨ ᠴᠢᠷᠮᠠᠢᠵᠤ᠂ ᠪᠥᠬᠥ᠌ ᠰᠡᠳᠭᠢᠯ ᠪᠥᠬᠥ᠌ ᠵᠣᠷᠢᠭ᠎ᠢᠶᠠᠷ ᠬᠡᠷᠡᠭ᠌ᠯᠡᠭ᠌ᠴᠢᠳ᠎ᠲᠦ ᠨᠠᠩ ᠴᠢᠨᠠᠷ ᠰᠠᠢᠲᠠᠶ ᠴᠢᠮᠡᠭᠡ ᠬᠣᠯᠪᠣᠭᠠᠨ᠎ᠤ ᠪᠠᠲᠤᠯᠠᠭ᠎ᠠ᠎ᠶ᠋ᠢᠨ ᠦᠶ᠋ᠯᠡᠴᠢᠯᠡᠭᠡ ᠬᠠᠩᠭᠠᠵᠤ᠂ ᠡᠵᠡᠩᠨᠡᠯᠲᠡ ᠬᠠᠮᠢᠶᠠᠷᠤᠯᠲᠠ ᠦᠶ᠋ᠯᠡᠴᠢᠯᠡᠭᠡᠨ᠎ᠦ ᠲᠦᠪᠱᠢᠨ ᠵᠢᠡᠨ ᠳᠡᠭᠡᠭ᠌ᠰᠢᠯᠡᠭᠦᠯᠵᠦ᠍᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠴᠢᠮᠡᠭᠡ ᠬᠣᠯᠪᠣᠭᠠᠨ᠎ᠤ ᠪᠠᠲᠤᠯᠠᠭ᠎ᠠ᠎ᠶ᠋ᠢᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃