ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-09-05 17:35:57

ᠵᠣᠬᠢᠶᠠᠭ᠍ᠴᠢ᠄ ᠬᠤᠤ ᠵᠢᠶᠠ ᠯᠢ ᠵᠠᠩ ᠬᠤᠢ ᠯᠢᠩ ᠣᠩᠱᠢᠭ᠍ᠰᠠᠨ ᠣᠳᠠᠭ᠎ᠠ᠄ 3

8 ᠰᠠᠷ᠎ᠠ ᠢ᠋ᠢᠨ 28 ᠤ᠋ ᠡᠲᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠰᠢᠰᠲ᠋ᠸᠮ ᠨᠢᠭᠡᠴᠢ᠎ᠶᠢᠨ ᠬᠤᠪᠢᠶᠠᠷᠢᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭᠳᠠᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠪᠠ᠃

ᠲᠤᠬᠠᠢ᠎ᠶᠢᠨ ᠡᠳᠦᠷ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠵᠤᠤ ᠵᠢᠩ ᠬᠤᠸᠠ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶᠢ ᠠᠬᠢᠭᠤᠯᠬᠤ ᠵᠦᠪᠯᠡᠯ᠎ᠤᠨ ᠺᠠᠳ᠋ᠷ ᠠᠵᠢᠯᠲᠠᠨ᠎ᠳᠤ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠶ᠎ᠡ》 ᠭᠡᠬᠦ ᠰᠡᠳᠦᠪ᠎ᠢᠶᠡᠷ ᠤᠬᠠᠭᠤᠯᠤᠨ ᠲᠠᠢᠯᠪᠤᠷᠢᠯᠠᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠪᠣᠯ ᠵᠠᠩᠭᠢᠯᠠᠭ᠎ᠠ ᠶ᠋ᠢᠨ ᠦᠶ᠎ᠡ᠎ᠳᠦ ᠬᠤᠷᠠᠯᠳᠤᠭᠰᠠᠨ ᠨᠢᠭᠡ ᠤᠳᠠᠭᠠᠨ᠎ᠤ ᠴᠢᠬᠤᠯᠠ ᠬᠤᠷᠠᠯ ᠮᠥᠨ᠂ ᠶᠡᠷᠦᠩᠬᠡᠢ ᠱᠦᠵᠢ ᠰᠢ᠎ᠶᠢᠨ ᠫᠢᠩ ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ ᠳᠡᠭᠡᠷ᠎ᠡ ᠲᠠᠯᠪᠢᠭ᠍ᠰᠠᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠂ 《 ᠲᠣᠭᠲᠠᠭᠠᠯ 》 ᠳ᠋ᠤ ᠳᠤᠷᠠᠳᠤᠭᠰᠠᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠪᠥᠬᠥ ᠲᠠᠯ᠎ᠠ᠎ᠪᠠᠷ ᠣᠨᠣᠪᠴᠢᠲᠠᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠪᠥᠬᠥ ᠲᠠᠯ᠎ᠠ᠎ᠪᠠᠷ ᠰᠢᠰᠲᠧᠮ᠎ᠲᠠᠢ ᠲᠠᠢᠯᠤᠮᠵᠢ ᠪᠠ ᠲᠠᠢᠯᠪᠤᠷᠢᠯᠠᠯᠲᠠ ᠬᠢᠪᠡ᠃

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠪᠡᠯᠡ ᠣᠷᠣᠭᠤᠯᠤᠯᠲᠠ ᠬᠠᠮᠲᠤᠷᠠᠯᠴᠠᠭ᠎ᠠ᠎ᠶᠢ ᠠᠬᠢᠭᠤᠯᠬᠤ ᠭᠠᠵᠠᠷ᠎ᠤᠨ ᠳᠠᠷᠤᠭ᠎ᠠ ᠵᠤᠤ ᠨᠠ᠄ 《ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ ᠢ᠋ ᠣᠳᠣᠬᠠᠨ᠎ᠤ ᠪᠠ ᠬᠣᠢᠰᠢᠳᠠ ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ ᠶ᠋ᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ ᠲᠠᠢ ᠦᠨᠡᠨ᠎ᠬᠦ ᠨᠢᠭᠡᠳᠬᠡᠵᠦ᠂ ᠪᠥᠬᠥᠳᠡ ᠬᠤᠷᠠᠯ ᠡᠴᠡ ᠲᠣᠭᠲᠠᠭᠠᠭᠰᠠᠨ ᠥᠭᠡᠷᠡᠴᠢᠯᠡᠯᠲᠡ᠎ᠶᠢᠨ ᠵᠦᠢᠯᠡᠰ ᠯᠤᠭᠡ ᠪᠠᠷᠢᠮᠵᠢᠶᠠᠵᠢᠭᠤᠯᠤᠨ ᠬᠠᠷᠭᠤᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ ᠢ᠋ ᠰᠢᠯᠢᠳᠡᠭᠵᠢᠭᠦᠯᠬᠦ᠎ᠪᠡᠷ ᠭᠣᠣᠯᠳᠠᠯᠭ᠎ᠠ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠠᠵᠢᠯᠯᠠᠭ᠎ᠠ᠎ᠶᠢ ᠵᠢᠷᠤᠮᠵᠢᠭᠤᠯᠤᠨ᠂〈 ᠪᠡᠯᠡ ᠤᠷᠤᠭᠤᠯᠬᠤ ᠥᠪᠥᠷ ᠮᠣᠩᠭᠣᠯ 〉ᠲᠦᠷᠦᠯ ᠲᠡᠮᠳᠡᠭ ᠢ᠋ ᠴᠢᠷᠮᠠᠢᠨ ᠠᠯᠲᠠᠷᠰᠢᠭᠤᠯᠵᠦ᠂ ᠥᠪᠥᠷ ᠮᠣᠩᠭᠣᠯ᠎ᠤᠨ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠬᠢᠷᠢ ᠲᠦᠪᠰᠢᠨ ᠢ᠋ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠳᠡᠭᠡᠳᠦ ᠬᠡᠮᠵᠢᠶᠡᠨ᠎ᠦ ᠤᠯᠤᠰ ᠲᠥᠷᠥ᠎ᠶᠢᠨ ᠤᠬᠠᠮᠰᠠᠷ᠂ ᠪᠠᠳᠤ ᠴᠢᠩᠭ᠎ᠠ ᠡᠭᠦᠷᠭᠡ ᠬᠠᠷᠢᠭᠤᠴᠠᠯᠭ᠎ᠠ᠂ ᠯᠠᠪᠳᠠᠭᠤᠨ ᠪᠠᠲᠤᠲᠠᠢ ᠠᠵᠢᠯ᠎ᠤᠨ ᠠᠷᠭ᠎ᠠ ᠬᠡᠮᠵᠢᠶ᠎ᠡ᠎ᠪᠡᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠤᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ 》 ᠬᠡᠵᠦ ᠢᠯᠡᠷᠬᠡᠢᠯᠡᠪᠡ᠃

ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠢᠶᠠᠨ᠎ᠤ ᠠᠯᠪᠠᠨ ᠭᠡᠷ ᠲᠸ᠋᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠳᠡᠳ᠋ ᠬᠢᠨᠠᠨ ᠨᠠᠢᠷᠠᠭᠤᠯᠤᠬᠴᠢ᠂ ᠥᠪᠥᠷ ᠮᠣᠩᠭᠣᠯ᠎ᠤᠨ ᠨᠢᠭᠡᠳᠦᠮᠡᠯ ᠹᠷᠣᠨᠲ᠎ᠤᠨ ᠤᠶᠤᠨ᠎ᠤ ᠬᠥᠮᠥᠷᠭᠡ᠎ᠶᠢᠨ ᠠᠯᠪᠠᠨ ᠭᠡᠷ᠎ᠦᠨ ᠡᠷᠬᠢᠯᠡᠭᠴᠢ ᠹᠸᠩ ᠰᠢᠤᠸᠠᠨ᠂ ᠡᠨᠡ ᠤᠳᠠᠭ᠎ᠠ᠎ᠶᠢᠨ ᠪᠦᠬᠦᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠰᠠᠨ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠬᠤᠷᠠᠯ ᠪᠣᠯᠣᠨ᠎ᠠ; ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ; 《 ᠲᠣᠭᠲᠠᠭᠠᠯ 》 ᠳ᠋ᠤ ᠳᠤᠷᠠᠳᠤᠭᠰᠠᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠪᠦᠬᠦ ᠲᠠᠯ᠎ᠠ᠎ᠪᠠᠷ ᠣᠨᠣᠪᠴᠢᠲᠠᠶ ᠣᠢᠯᠠᠭᠠᠬᠤ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ ᠳᠥᠷᠪᠡᠨ ᠲᠠᠯ᠎ᠠ᠎ᠪᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠳᠤ ᠰᠢᠰᠲᠧᠮ᠎ᠲᠠᠢ ᠲᠠᠢᠯᠤᠮᠵᠢ ᠪᠠ ᠭᠦᠨᠵᠡᠭᠡᠢ ᠲᠠᠢᠯᠪᠤᠷᠢᠯᠠᠯᠲᠠ ᠬᠢᠪᠡ᠃ ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ ᠨᠢ ᠦᠵᠡᠯ ᠰᠠᠨᠠᠭᠠᠨ᠎ᠤ ᠥᠨᠳᠥᠷᠴᠡ ᠲᠠᠢ ᠪᠥᠭᠡᠳ ᠤᠨᠤᠯ᠎ᠤᠨ ᠭᠦᠨᠴᠡ᠎ᠲᠠᠢ ᠪᠠᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠤᠭᠣᠳᠬᠤ ᠴᠢᠨᠠᠷ᠎ᠲᠠᠢ ᠪᠤᠯᠵᠠᠢ᠃

ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠢᠶᠠᠨ᠎ᠤ ᠠᠯᠪᠠᠨ ᠭᠡᠷ᠎ᠦᠨ ᠬᠢᠯᠢ᠎ᠶᠢᠨ ᠵᠠᠭᠠᠭ᠎ᠤᠨ ᠬᠠᠮᠢᠶᠠᠷᠤᠯᠲᠠ᠎ᠶᠢᠨ ᠭᠠᠵᠠᠷ᠎ᠤᠨ ᠺᠠᠳ᠋ᠷ ᠦᠨᠡᠨᠲᠦ᠄ 《ᠭᠠᠳᠠᠭᠠᠳᠤ ᠶᠠᠪᠤᠳᠠᠯ᠎ᠤᠨ ᠰᠢᠰᠲ᠋ᠸᠮ᠎ᠤᠨ ᠺᠠᠳ᠋ᠷ ᠪᠣᠯᠤᠭᠰᠠᠨ᠎ᠤ ᠬᠤᠪᠢ᠎ᠳᠤ ᠪᠢ ᠤᠯᠤᠰ ᠲᠦᠷᠦ᠎ᠶᠢᠨ ᠵᠣᠭᠰᠣᠴᠠ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠬᠠᠢᠯᠠᠭᠰᠠᠨ ᠠᠵᠢᠯ᠎ᠤᠨ ᠰᠤᠷᠤᠯᠴᠠᠯᠭ᠎ᠠ᠎ᠪᠠᠨ ᠴᠢᠩᠭᠠᠳᠬᠠᠵᠤ᠂ ᠰᠠᠨᠠᠭᠠᠴᠢᠯᠠᠭ᠎ᠠ ᠡᠴᠡ᠎ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠢ ᠠᠵᠢᠯᠯᠠᠵᠤ᠂ ᠪᠦᠬᠦ ᠣᠷᠣᠨ᠎ᠤ ᠬᠢᠯᠢ᠎ᠶᠢᠨ ᠵᠠᠭᠠᠭ᠎ᠤᠨ ᠡᠳᠦᠷ ᠳᠤᠳᠤᠮ᠎ᠤᠨ ᠬᠠᠮᠠᠭᠠᠯᠠᠯᠲᠠ ᠬᠠᠮᠢᠶᠠᠷᠤᠯᠲᠠ᠎ᠶᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠢᠯᠤᠭᠣᠳᠬᠤ᠎ᠪᠠᠨ ᠴᠢᠩᠭᠠᠳᠬᠠᠵᠤ᠂ ᠤᠯᠤᠰ᠎ᠤᠨ ᠬᠢᠯᠢ᠎ᠶᠢᠨ ᠱᠤᠭᠤᠮ᠎ᠤᠨ ᠲᠣᠳᠣᠷᠬᠠᠢ ᠲᠣᠭᠲᠠᠭᠤᠨ ᠪᠠᠢᠬᠤ᠎ᠶᠢ ᠪᠠᠲᠤᠯᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠦᠲᠦᠭᠡᠨ ᠪᠠᠶ᠋ᠢᠭᠤᠯᠬᠤ ᠪᠠ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠬᠦ᠎ᠳᠦ ᠬᠦᠴᠦᠨ ᠴᠢᠳᠠᠯ᠎ᠢᠶᠠᠨ ᠡᠷᠭᠦᠨ᠎ᠡ》 ᠬᠡᠵᠦ ᠬᠦᠨ ᠲᠦᠷᠦᠭᠲᠡᠯ ᠲᠠᠢ ᠶᠠᠷᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面