ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-09-06 10:15:03

ᠵᠣᠬᠢᠶᠠᠭ᠍ᠴᠢ᠄ ​ᠯᠢ ᠶᠦᠩ ᠲᠤᠤ ᠱᠤᠸᠠᠢ ᠵᠧᠩ ᠪᠠᠢ ᠯᠢᠶᠠᠨ ᠣᠩᠱᠢᠭ᠍ᠰᠠᠨ ᠣᠳᠠᠭ᠎ᠠ᠄ 3

ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ 9 ᠰᠠᠷ᠎ᠠ ᠵᠢᠨ 2 ᠤ᠋ᠨ ᠡᠳᠦᠷ ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠥᠮᠴᠢᠯᠡᠯᠳᠦ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠥᠪᠥᠷ ᠮᠣᠩᠭᠣᠯ ᠪᠠᠩᠬᠢ᠎ᠳᠤ ᠬᠦᠷᠴᠤ ᠤᠬᠠᠭᠤᠯᠤᠨ ᠲᠠᠢᠯᠪᠤᠷᠢᠯᠠᠵᠤ᠂ 9 ᠰᠠᠷ᠎ᠠ ᠵᠢᠨ 4 ᠤ᠋ ᠡᠳᠦᠷ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠥᠮᠴᠢᠯᠡᠯᠳᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠳ᠋ᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠬᠠᠤᠯᠢ ᠲᠦᠷᠢᠮ᠎ᠦᠨ ᠵᠥᠪᠯᠡᠯ᠎ᠦᠨ ᠡᠷᠬᠢᠯᠡᠭ᠌ᠴᠢ ᠭᠡᠱᠢᠭᠦᠨ ᠰᠠᠷᠠᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》 ᠎ᠳ᠋ᠤ ᠳᠤᠷᠠᠳᠤᠭ᠍ᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠥᠬᠥ᠌ ᠲᠠᠯ᠎ᠠ ᠪᠡᠷ ᠣᠨᠣᠪᠴᠢᠲᠠᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠨᠠᠶ᠋ᠮᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠳᠥᠷᠪᠡᠨ ᠲᠠᠯ᠎ᠠ ᠪᠡᠷ ᠱᠢᠰᠲ᠋ᠧᠮ ᠲᠠᠢ ᠲᠠᠢᠯᠤᠮᠵᠢ ᠬᠢᠵᠦ᠍᠂ ᠤᠬᠠᠭᠤᠯᠤᠨ ᠲᠠᠢᠯᠪᠤᠷᠢᠯᠠᠭᠰᠠᠨ ᠠᠭᠤᠯᠭ᠎ᠠ ᠨᠢ ᠨᠠᠷᠢᠨ ᠪᠣᠳᠠᠲᠠᠶ᠂ ᠵᠤᠬᠢᠶᠠᠮᠵᠢ ᠨᠢ ᠲᠣᠳᠣᠷᠬᠠᠶ᠂ ᠠᠭᠤᠯᠤᠭ᠍ᠳᠠᠬᠤᠨ ᠨᠢ ᠬᠦᠨ ᠭᠦᠨᠵᠡᠭᠡᠶ ᠪᠠᠢᠯ᠎ᠠ᠃

ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠥᠮᠴᠢᠯᠡᠯᠳᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠦᠨ ᠠᠵᠤ ᠠᠬᠤᠢᠯᠠᠯ ᠤ᠋ᠨ ᠥᠭᠡᠷᠡᠴᠢᠯᠡᠯᠲᠡ ᠵᠢᠨ ᠭᠠᠵᠠᠷ ᠤ᠋ᠨ ᠳᠡᠳ᠋ ᠳᠠᠷᠤᠭ᠎ᠠ ᠹᠠᠨ ᠮᠢᠩ ᠵᠧ ᠤᠬᠠᠭᠤᠯᠤᠨ ᠲᠠᠢᠯᠪᠤᠷᠢᠯᠠᠬᠤ ᠵᠢ ᠰᠣᠨᠣᠰᠤᠭ᠍ᠰᠠᠨ ᠤ᠋ ᠳᠠᠷᠠᠭ᠎ᠠ᠄ 《ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ 〈ᠲᠣᠭ᠍ᠲᠠᠭᠠᠯ〉 ᠎ᠳ᠋ᠤ ᠤᠯᠤᠰ ᠤ᠋ᠨ ᠥᠮᠴᠢᠯᠡᠯᠳᠦ ᠡᠳ᠋ ᠬᠥᠷᠥᠩᠭᠡ ᠤᠯᠤᠰ ᠤ᠋ᠨ ᠥᠮᠴᠢᠯᠡᠯᠳᠦ ᠠᠵᠤ ᠠᠬᠤᠢᠯᠠᠯ ᠤ᠋ᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌ ᠵᠢ ᠥᠭᠡᠷᠡᠴᠢᠯᠡᠯᠲᠡ ᠵᠢ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠪᠠᠢᠯᠳᠤᠬᠤ ᠪᠣᠳᠣᠯᠭ᠎ᠠ ᠵᠢᠨ ᠪᠥᠬᠥ᠌ ᠲᠠᠯ᠎ᠠ᠎ᠳᠤ ᠣᠷᠣᠭᠤᠯᠵᠤ᠂ ᠱᠢᠰᠲ᠋ᠧᠮ ᠲᠠᠢ ᠪᠠᠢᠷᠢᠯᠠᠭᠤᠯᠤᠯᠲᠠ ᠬᠢᠪᠠ᠃ ᠪᠢᠳᠡ 〈ᠲᠠᠪᠤᠨ ᠶᠡᠬᠡ ᠡᠭᠦᠷᠭᠡ〉 ᠵᠢ ᠨᠠᠢᠳᠠᠪᠤᠷᠢᠵᠢᠭᠤᠯᠬᠤ᠎ᠳᠤ ᠠᠩᠬᠠᠷᠤᠯ ᠵᠢᠡᠨ ᠲᠥᠪᠯᠡᠷᠡᠭᠦᠯᠵᠦ᠍᠂ ᠤᠯᠤᠰ ᠤ᠋ᠨ ᠥᠮᠴᠢᠯᠡᠯᠳᠤ ᠡᠳ᠋ ᠬᠦᠷᠦᠩᠭᠡ ᠤᠯᠤᠰ ᠤ᠋ᠨ ᠥᠮᠴᠢᠯᠡᠯᠳᠤ ᠠᠵᠤ ᠠᠬᠤᠢᠯᠠᠯ ᠤ᠋ᠨ 〈ᠱᠢᠪᠲᠤᠯᠤᠯᠲᠠ〉 ᠵᠢ ᠠᠬᠢᠭᠤᠯᠬᠤ ᠪᠡᠷ ᠬᠠᠷᠠᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ᠋ ᠱᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠤᠯᠤᠰ ᠤ᠋ᠨ ᠥᠮᠴᠢᠯᠡᠯᠳᠦ ᠡᠳ᠋ ᠬᠦᠷᠦᠩᠭᠡ ᠤᠯᠤᠰ ᠤ᠋ᠨ ᠥᠮᠴᠢᠯᠡᠯᠳᠦ ᠠᠵᠤ ᠠᠬᠤᠢᠯᠠᠯ ᠤ᠋ᠨ ᠬᠤᠪᠢ ᠨᠡᠮᠡᠷᠢ ᠪᠡᠨ ᠦᠵᠡᠭᠦᠯᠦᠨ᠎ᠡ 》 ᠭᠡᠯ᠎ᠠ᠃

ᠥᠪᠥᠷ ᠮᠣᠩᠭᠣᠯ ᠪᠠᠩᠬᠢ᠎ᠳᠤ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠮᠥᠩᠭᠥᠨ ᠭᠦᠶ᠋ᠯᠭᠡᠭᠡᠨ ᠤ᠋ ᠠᠵᠢᠯ ᠤ᠋ᠨ ᠠᠯᠪᠠᠨ ᠬᠡᠷ᠎ᠦᠨ ᠡᠳᠦᠷ ᠲᠤᠲᠤᠮ ᠤ᠋ᠨ ᠠᠵᠢᠯ ᠢ᠋ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠮᠥᠩᠭᠥᠨ ᠭᠦᠶ᠋ᠯᠭᠡᠭᠡᠨ᠎ᠦ ᠠᠵᠢᠯ ᠤ᠋ᠨ ᠵᠥᠪᠯᠡᠯ᠎ᠦᠨ ᠡᠳᠦᠷ ᠲᠤᠲᠤᠮ ᠤ᠋ᠨ ᠠᠵᠢᠯ ᠢ᠋ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠱᠦᠵᠢ ᠮᠠ ᠪᠦᠦ ᠭᠦᠸᠧ ᠮᠥᠩᠭᠥᠨ ᠭᠦᠶ᠋ᠯᠭᠡᠭᠡᠨ᠎ᠦ ᠠᠵᠢᠯ ᠤ᠋ᠨ ᠦᠶ᠋ᠯᠡᠳᠦᠯᠭᠡ ᠲᠠᠢ ᠤᠶᠠᠯᠳᠤᠭᠤᠯᠤᠨ ᠥᠭᠡᠷᠡᠴᠢᠯᠡᠯᠲᠡ ᠵᠢ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠵᠢᠨ ᠴᠢᠬᠤᠯᠠ ᠴᠢᠨᠠᠷ ᠪᠣᠯᠤᠨ ᠵᠠᠢᠯᠠᠰᠢ ᠥᠬᠡᠶ ᠴᠢᠨᠠᠷ ᠢ᠋ ᠭᠦᠨᠵᠡᠭᠡᠶ ᠲᠠᠨᠢᠬᠤ᠂ 《ᠲᠣᠭ᠍ᠲᠠᠭᠠᠯ》 ᠤ᠋ᠨ ᠮᠥᠩᠭᠥᠨ ᠭᠦᠶ᠋ᠯᠭᠡᠭᠡᠨ᠎ᠦ ᠪᠠᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌ ᠲᠤᠬᠠᠢ ᠭᠠᠷᠭᠠᠭ᠍ᠰᠠᠨ ᠴᠢᠬᠤᠯᠠ ᠶᠡᠬᠡ ᠪᠠᠢᠷᠢᠯᠠᠭᠤᠯᠤᠯᠲᠠ ᠵᠢ ᠪᠥᠬᠥ᠌ ᠲᠠᠯ᠎ᠠ ᠪᠡᠷ ᠣᠨᠣᠪᠴᠢᠲᠠᠶ ᠣᠢᠯᠠᠭᠠᠬᠤ ᠵᠡᠷᠭᠡ ᠲᠠᠯ᠎ᠠ ᠪᠡᠷ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠪᠥᠭᠡᠳ ᠣᠢᠯᠠᠭᠠᠮᠵᠢᠲᠠᠶ᠂ ᠪᠥᠬᠥ᠌ ᠲᠠᠯ᠎ᠠ ᠪᠡᠷ ᠱᠢᠰᠲ᠋ᠧᠮ ᠲᠠᠢ ᠲᠠᠢᠯᠤᠮᠵᠢ ᠬᠢᠪᠡ᠃

《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠵᠢᠨ ᠭᠣᠣᠯᠳᠠᠯᠭ᠎ᠠ ᠲᠤᠪᠤᠢ᠌ᠮ᠎ᠠ᠂ ᠭᠦᠨᠵᠡᠭᠡᠢ ᠪᠦᠭᠡᠳ ᠴᠢᠩᠭ᠎ᠠ ᠨᠢᠮᠪᠠᠢ᠂ ᠲᠦᠬᠦᠮ ᠣᠢᠯᠠᠭᠠᠮᠵᠢᠲᠠᠢ ᠪᠠᠢᠵᠦ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ᠎ᠵᠢᠨ ᠲᠤᠬᠠᠢ ᠨᠢᠭᠡ ᠤᠳᠠᠭ᠎ᠠ ᠵᠢᠨ ᠱᠢᠰᠲᠸᠮ ᠲᠠᠢ ᠵᠢᠯᠤᠭᠤᠳᠤᠮᠵᠢ ᠪᠤᠯᠵᠠᠢ᠃ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠤ᠋ᠨ 〈ᠲᠣᠭ᠍ᠲᠠᠭᠠᠯ〉᠎ᠳ᠋ᠤ ᠮᠥᠩᠭᠥᠨ ᠭᠦᠶ᠋ᠯᠭᠡᠭᠡᠨ᠎ᠦ ᠪᠠᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌ ᠲᠤᠬᠠᠶ ᠪᠠᠢᠷᠢᠯᠠᠭᠤᠯᠤᠯᠲᠠ ᠬᠢᠵᠦ᠍᠂ ᠣᠳᠣᠬᠠᠨ ᠤ᠋ ᠪᠠ ᠬᠣᠢᠱᠢᠳᠠ ᠵᠢᠨ ᠨᠢᠭᠡ ᠬᠡᠰᠡᠭ ᠬᠤᠭᠤᠴᠠᠭᠠᠨ ᠤ᠋ ᠮᠥᠩᠭᠥᠨ ᠭᠦᠶ᠋ᠯᠭᠡᠭᠡᠨ᠎ᠦ ᠠᠵᠢᠯ ᠢ᠋ ᠰᠠᠢᠲᠤᠷ ᠬᠢᠬᠦ᠌ ᠭᠤᠤᠯ ᠵᠣᠷᠢᠯᠲᠠ ᠵᠢ ᠲᠣᠳᠣᠷᠬᠠᠶ ᠵᠢᠭᠠᠨ ᠥᠭ᠌ᠴᠦ ᠂ ᠦᠨᠳᠦᠰᠦᠨ ᠵᠢᠷᠤᠮᠯᠠᠯ ᠬᠠᠩᠭᠠᠪᠠ᠃ ᠡᠨᠡ ᠵᠢᠯ᠎ᠡᠴᠡ ᠨᠠᠭᠠᠰᠢ ᠪᠢᠳᠡ ᠨᠢᠭᠡᠨᠲᠡ ᠱᠢᠨ᠎ᠡ ᠡᠨᠧᠷᠭᠢ ᠵᠢᠨ ᠲᠥᠷᠥᠯ ᠵᠦᠶ᠋ᠯ᠂ ᠡᠯᠡᠰᠦᠷᠭᠡᠭᠵᠢᠯ ᠎ᠢ ᠵᠠᠰᠠᠬᠤ ᠪᠠ ᠬᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠲᠥᠷᠥᠯ ᠵᠦᠶ᠋ᠯ᠂ 〈ᠲᠤᠯᠠᠭᠠᠯᠠᠭ᠎ᠠ᠎ᠵᠢᠨ ᠢᠨᠵᠧᠨᠧᠷᠢᠩ〉 ᠵᠡᠷᠭᠡ ᠳ᠋ᠦ ᠴᠢᠭ᠌ᠯᠡᠭᠦᠯᠦᠨ ᠠᠯᠢ ᠣᠯᠠᠨ ᠱᠢᠨ᠎ᠡ ᠪᠦᠲᠦᠭᠡᠭᠳᠡᠬᠦᠨ ᠭᠠᠷᠭᠠᠵᠤ ᠂ ᠮᠠᠰᠢ ᠰᠠᠢᠨ ᠦᠷ᠎ᠡ ᠪᠦᠲᠦᠮᠵᠢ ᠣᠯᠵᠠᠶ᠃ ᠲᠠᠷᠠᠭᠠᠴᠢ ᠵᠢᠨ ᠠᠯᠬᠤᠮ᠎ᠳᠤ ᠪᠢᠳᠡ ᠥᠭᠡᠷᠡᠴᠢᠯᠡᠯᠲᠡ ᠵᠢᠨ 〈ᠵᠠᠩᠭᠢᠯᠠᠭ᠎ᠠ ᠵᠢᠨ ᠠᠷᠭ᠎ᠠ〉 ᠵᠢ ᠰᠠᠢᠲᠤᠷ ᠬᠡᠷᠡᠭ᠌ᠯᠡᠵᠦ᠍᠂ ᠬᠣᠶᠠᠷ ᠶᠡᠬᠡ ᠶᠠᠪᠤᠳᠠᠯ᠎ᠢ ᠰᠠᠢᠳᠤᠷ ᠬᠦᠢᠴᠡᠳᠬᠡᠬᠦ᠂〈ᠲᠠᠪᠤᠨ ᠶᠡᠬᠡ ᠡᠭᠦᠷᠭᠡ〉 ᠵᠢ ᠪᠡᠶᠡᠯᠡᠭᠦᠯᠬᠦ᠌᠂ 〈ᠵᠢᠷᠭᠤᠭᠠᠨ ᠢᠨᠵᠧᠨᠧᠷᠢᠩ〉 ᠢ᠋ ᠠᠬᠢᠭᠤᠯᠬᠤ᠎ᠳ᠋ᠤ ᠰᠠᠢᠲᠤᠷ ᠦᠢᠯᠡᠴᠢᠯᠡᠬᠦ᠌ ᠵᠡᠷᠭᠡ ᠲᠠᠯ᠎ᠠ ᠪᠡᠷ ᠨᠠᠢᠳᠠᠪᠤᠷᠢᠵᠢᠭᠤᠯᠤᠯᠲᠠ ᠵᠢ ᠠᠳᠭᠤᠵᠤ᠂ ᠦᠷ᠎ᠡ ᠪᠦᠲᠦᠮᠵᠢ ᠭᠠᠷᠭᠠᠨ᠎ᠠ》 ᠭᠡᠵᠦ ᠥᠪᠥᠷ ᠮᠣᠩᠭᠣᠯ ᠪᠠᠩᠬᠢ ᠺᠣᠮᠫᠠᠨᠢ ᠵᠢᠨ ᠪᠠᠩᠬᠢ ᠵᠢᠨ ᠬᠡᠯᠲᠡᠰ᠎ᠦᠨ ᠬᠠᠷᠢᠭᠤᠴᠠᠯᠭᠠᠲᠠᠨ ᠰᠦᠨ ᠸᠧᠶ ᠬᠡᠯᠡᠨ᠎ᠠ ᠃

ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠰᠤᠷᠭᠠᠨ ᠬᠥᠮᠦᠵᠢᠯ᠎ᠦᠨ ᠠᠵᠢᠯ ᠤ᠋ᠨ ᠬᠤᠷᠢᠶ᠎ᠠ ᠎ᠵᠢᠨ ᠳᠡᠳ᠋ ᠱᠦᠵᠢ᠂ ᠰᠤᠷᠭᠠᠨ ᠬᠥᠮᠦᠵᠢᠯ᠎ᠦᠨ ᠲᠢᠩᠬᠢᠮ᠎ᠦᠨ ᠳᠡᠳ᠋ ᠳᠠᠷᠤᠭ᠎ᠠ ᠯᠢ ᠶᠢᠩ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠢ᠍ᠮᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠵᠢᠨ ᠲᠣᠭᠣᠷᠢᠨ᠎ᠳᠤ ᠪᠥᠬᠥᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢᠯᠠᠭᠠᠬᠤ᠂ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ᠌ ᠲᠠᠯ᠎ᠠ ᠪᠡᠷ ᠭᠦᠨᠵᠡᠭᠡᠢᠷᠡᠭᠦᠯᠬᠦ᠌᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢ ᠠᠬᠢᠭᠤᠯᠬᠤ ᠲᠤᠬᠠᠶ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶᠠᠨ ᠤ᠋ ᠲᠣᠭ᠍ᠲᠠᠭᠠᠯ 》 ᠳ᠋ᠦ ᠳᠤᠷᠠᠳᠤᠭ᠍ᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ᠌ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠦᠬᠦ ᠲᠠᠯ᠎ᠠ ᠪᠡᠷ ᠤᠨᠤᠪᠴᠢᠳᠠᠢ ᠤᠢᠯᠠᠭᠠᠬᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠢ᠍ᠮᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ᠎ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠬᠦ᠌ ᠵᠡᠷᠭᠡ ᠳᠥᠷᠪᠡᠨ ᠲᠠᠯ᠎ᠠ ᠪᠡᠷ ᠱᠢᠰᠲ᠋ᠧᠮ ᠲᠠᠢ ᠲᠣᠳᠣᠷᠬᠠᠢᠯᠠᠨ ᠲᠠᠢᠯᠪᠤᠷᠢᠯᠠᠵᠤ ᠭᠦᠨᠵᠡᠭᠡᠶ ᠲᠠᠢᠯᠤᠮᠵᠢ ᠬᠢᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠵᠢᠨ ᠭᠣᠣᠯ ᠰᠡᠳᠦᠪ ᠨᠢ ᠢᠯᠡ ᠲᠣᠳᠣ᠂ ᠠᠭᠤᠯᠤᠭ᠍ᠳᠠᠬᠤᠨ ᠨᠢ ᠬᠦᠨ ᠭᠦᠨᠵᠡᠭᠡᠢ ᠂ ᠲᠡᠦᠬᠡ ᠵᠢᠨ ᠭᠦᠨᠴᠡ ᠲᠠᠢ ᠪᠥᠭᠡᠳ ᠪᠠᠰᠠ ᠠᠬᠤᠢᠴᠢ ᠦᠨᠳᠦᠷᠴᠡ ᠲᠠᠢ ᠪᠠᠢᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ ᠪᠠ ᠦᠢᠯᠡᠳᠦᠯᠭᠡᠴᠢ ᠴᠢᠨᠠᠷ᠎ᠲᠠᠶ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面