2024-09-05 17:33:25
9 ᠰᠠᠷ᠎ᠠ ᠶ᠋ᠢᠨ 3 ᠤ᠋ ᠡᠳᠦᠷ᠂ ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠤᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠦᠪᠦᠷ ᠮᠤᠩᠭᠤᠯ ᠤ᠋ᠨ ᠡᠳᠦᠷ ᠤ᠋ᠨ ᠰᠤᠨᠢᠨ ᠤ᠋ ᠬᠤᠷᠢᠶ᠎ᠠ ᠳ᠋ᠤ ᠬᠦᠷᠴᠤ ᠤᠬᠠᠭᠤᠯᠤᠨ ᠲᠠᠢᠯᠪᠤᠷᠢᠯᠠᠪᠠ ᠃
ᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠭᠦᠨ ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠶ᠋ᠢᠨ ᠨᠠᠮ ᠤ᠋ᠨ ᠲᠡᠦᠬᠡ ᠪᠠ ᠤᠷᠤᠨ ᠨᠤᠳᠤᠭ ᠤ᠋ᠨ ᠤᠢᠯᠠᠯᠭ᠎ᠠ ᠰᠤᠳᠤᠯᠬᠤ ᠲᠠᠰᠤᠭ ᠤ᠋ᠨ ᠡᠷᠬᠢᠯᠡᠭᠴᠢ ᠳ᠋ᠦ᠋ ᠢ ᠰᠢᠨ 《ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠤᠷᠢᠭ ᠰᠠᠨᠠᠭ᠎ᠠ ᠶ᠋ᠢ ᠰᠠᠢᠳᠦᠷ ᠤᠢᠯᠠᠭᠠᠵᠤ ᠦᠭᠡᠷᠡᠴᠢᠯᠡᠯᠳᠡ ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠦᠶᠠ》 ᠭᠡᠬᠦ ᠰᠡᠳᠦᠪ ᠵᠢᠡᠷ ᠬᠤᠷᠢᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠭᠤᠤᠯ ᠰᠡᠳᠦᠪ ᠢ᠋ ᠭᠦᠨᠵᠡᠭᠡᠢ ᠤᠢᠯᠠᠭᠠᠨ ᠡᠵᠡᠮᠰᠢᠬᠦ᠂ ᠦᠭᠡᠷᠡᠴᠢᠯᠡᠯᠳᠡ ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠬᠦ ᠶ᠋ᠢᠨ ᠴᠢᠬᠤᠯᠠ ᠶᠡᠬᠡ ᠠᠴᠢ ᠬᠤᠯᠪᠤᠭᠳᠠᠯ ᠂ ᠵᠢᠯᠤᠭᠤᠳᠬᠤ ᠦᠵᠡᠯ ᠰᠠᠨᠠᠭ᠎ᠠ᠂ ᠬᠠᠷᠠᠯᠳᠠ ᠪᠠ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠠ ᠶ᠋ᠢ ᠭᠦᠨᠵᠡᠭᠡᠢ ᠤᠢᠯᠠᠭᠠᠨ ᠡᠵᠡᠮᠰᠢᠬᠦ ᠵᠢᠴᠢ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠶ᠋ᠮᠠᠳᠤᠭᠠᠷ ᠪᠦᠬᠦᠳᠡ ᠬᠤᠷᠠᠯ ᠤ᠋ᠨ ᠵᠤᠷᠢᠭ ᠰᠠᠨᠠᠭ᠎ᠠ ᠶ᠋ᠢ ᠲᠤᠭᠤᠰᠢᠯᠠᠭᠤᠯᠬᠤ᠂ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠶ᠋ᠢᠨ ᠦᠪᠦᠷ ᠮᠤᠩᠭᠤᠯ ᠤ᠋ᠨ ᠰᠢᠨ᠎ᠠ ᠬᠠᠭᠤᠳᠠᠰᠤ ᠶ᠋ᠢ ᠪᠢᠴᠢᠭᠯᠡᠬᠦ ᠵᠡᠷᠭᠡ ᠲᠠᠯ᠎ᠠ ᠡᠴᠡ ᠭᠦᠨᠵᠡᠭᠡᠢ ᠪᠦᠭᠡᠳ ᠰᠢᠰᠲ᠋ᠧᠮ ᠲᠠᠢ ᠤᠬᠠᠭᠤᠯᠤᠨ ᠲᠠᠢᠯᠪᠤᠷᠢᠯᠠᠵᠠᠢ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠳᠡ ᠶ᠋ᠢᠨ ᠭᠤᠤᠯ ᠰᠡᠳᠦᠪ ᠨᠢ ᠢᠯᠠ ᠲᠤᠳᠤ᠂ ᠵᠤᠬᠢᠶᠠᠮᠵᠢ ᠨᠢ ᠳᠤᠳᠤᠷᠬᠠᠢ᠂ ᠭᠤᠤᠯᠳᠠᠯᠭ᠎ᠠ ᠲᠤᠪᠤᠢᠮ᠎ᠠ ᠪᠠᠢᠵᠤ᠂ ᠦᠵᠡᠯ ᠰᠠᠨᠠᠭ᠎ᠠ ᠶ᠋ᠢᠨ ᠦᠨᠳᠦᠷᠴᠠ᠂ ᠤᠨᠤᠯ ᠤ᠋ᠨ ᠦᠨᠳᠦᠷᠴᠡ ᠲᠠᠢ ᠪᠦᠭᠡᠳ ᠮᠠᠰᠢ ᠴᠢᠩᠭ᠎ᠠ ᠴᠢᠭᠯᠡᠭᠦᠯᠦᠯᠳᠦ ᠴᠢᠨᠠᠷ ᠪᠠ ᠦᠢᠯᠡᠳᠦᠯᠭᠡᠴᠢ ᠴᠢᠨᠠᠷ ᠲᠠᠢ ᠪᠠᠢᠯ᠎ᠠ ᠃
ᠦᠪᠦᠷ ᠮᠤᠩᠭᠤᠯ ᠤ᠋ᠨ ᠡᠳᠦᠷ ᠤ᠋ᠨ ᠰᠤᠨᠢᠨ ᠤ᠋ ᠬᠤᠷᠢᠶ᠎ᠠ ᠶ᠋ᠢᠨ ᠪᠦᠷᠢᠨ ᠵᠠᠭᠤᠴᠢᠯᠠᠭᠤᠷ ᠤ᠋ᠨ ᠠᠵᠤ ᠠᠬᠤᠢ ᠶ᠋ᠢᠨ ᠰᠤᠨᠢᠨ ᠮᠡᠳᠡᠭᠡᠨ ᠤ᠋ ᠲᠦᠪ ᠤ᠋ᠨ ᠡᠷᠬᠢᠯᠡᠭᠴᠢ ᠯᠢ ᠰᠢᠶᠠ᠄ 《ᠨᠠᠮ ᠤ᠋ᠨ ᠵᠠᠭᠤᠴᠢᠯᠠᠭᠤᠷ ᠤ᠋ᠨ ᠠᠵᠢᠯᠳᠠᠨ ᠪᠤᠯᠤᠭᠰᠠᠨ ᠤ᠋ ᠬᠤᠪᠢ ᠳ᠋ᠤ ᠪᠢᠳᠡ ᠨᠢᠭᠡ ᠲᠠᠯ᠎ᠠ ᠪᠡᠷ ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠤᠷᠢᠭ ᠰᠠᠨᠠᠭ᠎ᠠ ᠶ᠋ᠢ ᠰᠠᠢᠳᠤᠷ ᠤᠬᠠᠭᠤᠯᠤᠨ ᠳᠠᠮᠵᠢᠭᠤᠯᠵᠤ᠂ 〈ᠤᠯᠤᠰ ᠤ᠋ᠨ ᠶᠡᠬᠡ ᠶᠠᠪᠤᠳᠠᠯ〉 ᠪᠠ 〈ᠠᠷᠠᠳ ᠲᠦᠮᠡᠨ ᠤ᠋ ᠠᠩᠬᠠᠷᠤᠯ ᠤ᠋ᠨ ᠴᠡᠭ〉 ᠤ᠋ᠨ ᠤᠬᠠᠭᠠᠨ ᠢ᠋ ᠨᠢ ᠤᠯᠵᠤ ᠤᠴᠢᠷ ᠢ᠋ ᠨᠢ ᠮᠡᠳᠡᠵᠦ᠂ ᠪᠦᠬᠦᠳᠠ ᠬᠤᠷᠠᠯ ᠤ᠋ᠨ ᠵᠤᠷᠢᠭ ᠰᠠᠨᠠᠭ᠎ᠠ ᠶ᠋ᠢ ᠠᠮᠢᠳᠤᠯᠢᠭ ᠪᠤᠳᠠᠳᠠᠢ ᠪᠡᠷ ᠤᠬᠠᠭᠤᠯᠤᠨ ᠳᠠᠮᠵᠢᠭᠤᠯᠬᠤ ᠪᠠᠷ ᠳᠠᠮᠵᠢᠨ ᠤᠯᠠᠨ ᠢ᠋ ᠴᠤᠤᠷᠢᠶᠠᠳᠤᠭᠤᠯᠤᠨ ᠳᠠᠭᠠᠭᠤᠯᠵᠤ᠂ ᠦᠪᠡᠷᠳᠡᠭᠡᠨ ᠵᠠᠰᠠᠬᠤ ᠤᠷᠤᠨ ᠤ᠋ ᠬᠤᠶᠠᠷ ᠶᠡᠬᠡ ᠶᠠᠪᠤᠳᠠᠯ ᠢ᠋ ᠰᠠᠢᠳᠦᠷ ᠬᠢᠵᠤ᠂ ᠰᠢᠨ᠎ᠠ ᠵᠠᠮ ᠨᠡᠭᠡᠭᠡᠵᠤ ᠳᠤᠮᠳᠠ ᠲᠦᠪᠰᠢᠨ ᠳ᠋ᠤ ᠤᠷᠤᠬᠤ ᠬᠠᠷᠠᠯᠳᠠ ᠶ᠋ᠢ ᠪᠡᠶᠡᠯᠡᠭᠦᠯᠤᠨ᠂ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠶ᠋ᠢᠨ ᠦᠪᠦᠷ ᠮᠤᠩᠭᠤᠯ ᠤ᠋ᠨ ᠰᠢᠨ᠎ᠠ ᠬᠠᠭᠤᠳᠠᠰᠤ ᠶ᠋ᠢ ᠪᠢᠴᠢᠭᠯᠡᠬᠦ ᠳ᠋ᠤ ᠰᠦᠷ ᠳᠠᠯᠠᠢᠴᠠᠳᠠᠢ ᠬᠦᠴᠦᠨ ᠴᠢᠳᠠᠯ ᠢ᠋ ᠨᠢᠭᠳᠠᠷᠠᠭᠤᠯᠤᠨ᠎ᠠ᠃ ᠨᠦᠬᠦᠭᠡ ᠲᠠᠯ᠎ᠠ ᠪᠡᠷ ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ〈ᠳᠤᠭᠳᠠᠭᠠᠯ〉ᠳ᠋ᠤ ᠳᠤᠷᠠᠳᠤᠭᠰᠠᠨ 〈ᠪᠦᠷᠢᠨ ᠵᠠᠭᠤᠴᠢᠯᠠᠭᠤᠷ ᠤ᠋ᠨ ᠦᠢᠯᠡᠳᠪᠤᠷᠢᠯᠡᠯ ᠳᠠᠮᠵᠢᠭᠤᠯᠭ᠎ᠠ ᠳ᠋ᠤ ᠵᠤᠬᠢᠴᠠᠬᠤ ᠠᠵᠢᠯ ᠤ᠋ᠨ ᠳᠤᠭᠳᠠᠴᠠ ᠪᠠ ᠦᠨᠡᠯᠡᠬᠦ ᠰᠢᠰᠲᠧᠮ ᠢ᠋ ᠪᠠᠢᠭᠤᠯᠵᠤ᠂ ᠭᠤᠤᠯ ᠵᠠᠭᠤᠴᠢᠯᠠᠭᠤᠷ ᠤ᠋ᠨ ᠰᠢᠰᠲ᠋ᠧᠮ ᠤ᠋ᠨ ᠴᠢᠨᠠᠷᠳᠠᠢ ᠬᠤᠪᠢᠰᠤᠯᠳᠠ ᠶ᠋ᠢ ᠠᠬᠢᠭᠤᠯᠬᠤ〉ᠱᠠᠭᠠᠷᠳᠠᠯᠭ᠎ᠠ ᠶ᠋ᠢ ᠰᠠᠢᠳᠦᠷ ᠨᠠᠢᠳᠠᠪᠤᠷᠢᠵᠢᠭᠤᠯᠵᠤ᠂ ᠠᠭᠤᠯᠭ᠎ᠠ ᠵᠢᠨ ᠦᠢᠯᠡᠳᠪᠤᠷᠢᠯᠡᠯ ᠤ᠋ᠨ ᠬᠠᠩᠭᠠᠯᠭ᠎ᠠ ᠶ᠋ᠢᠨ ᠲᠠᠯ᠎ᠠ ᠶ᠋ᠢᠨ ᠦᠭᠡᠷᠡᠴᠢᠯᠡᠯᠳᠡ ᠶ᠋ᠢ ᠤᠯᠠᠮ ᠨᠢᠭᠡ ᠠᠯᠬᠤᠮ ᠴᠢᠩᠭᠠᠳᠬᠠᠨ᠂ ᠢᠨᠲᠧᠷ ᠰᠦᠯᠵᠢᠶᠠᠨ ᠤ᠋ ᠰᠡᠳᠬᠢᠬᠦᠢ ᠪᠠ ᠮᠡᠳᠡᠭᠡ ᠵᠠᠩᠬᠢ ᠶ᠋ᠢᠨ ᠮᠡᠷᠭᠡᠵᠢᠯ ᠤ᠋ᠨ ᠬᠡᠷᠡᠭᠯᠡᠭᠡ ᠶ᠋ᠢ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤ᠋ᠨ ᠠᠵᠢᠯ ᠳ᠋ᠤ ᠰᠢᠰᠲ᠋ᠧᠮ ᠲᠠᠢ ᠲᠤᠭᠤᠰᠢᠯᠠᠭᠤᠯᠵᠤ᠂ ᠦᠭᠡᠷᠡᠴᠢᠯᠡᠯᠳᠡ ᠰᠢᠨ᠎ᠠ ᠡᠭᠦᠳᠦᠯᠳᠡ ᠶ᠋ᠢ ᠵᠠᠭᠤᠴᠢᠯᠠᠭᠤᠷ ᠤ᠋ᠨ ᠦᠢᠯᠡᠳᠪᠤᠷᠢᠯᠡᠯ ᠪᠠ ᠳᠠᠮᠵᠢᠭᠤᠯᠭ᠎ᠠ ᠶ᠋ᠢᠨ ᠠᠵᠢᠯ ᠤ᠋ᠨ ᠪᠦᠬᠦ ᠶᠠᠪᠤᠴᠠ ᠳ᠋ᠤ ᠲᠤᠭᠤᠰᠢᠯᠠᠭᠤᠯᠤᠨ᠂ ᠰᠢᠨ᠎ᠠ ᠴᠢᠨᠠᠷ ᠤ᠋ᠨ ᠦᠢᠯᠡᠳᠪᠤᠷᠢᠯᠡᠯ ᠤ᠋ᠨ ᠬᠦᠴᠦᠨ ᠢ᠋ ᠰᠢᠨ᠎ᠠ ᠴᠢᠨᠠᠷ ᠤ᠋ᠨ ᠳᠠᠮᠵᠢᠭᠤᠯᠭ᠎ᠠ ᠶ᠋ᠢᠨ ᠬᠦᠴᠦᠨ ᠪᠠ ᠵᠠᠭᠤᠴᠢᠯᠠᠭᠤᠷ ᠤ᠋ᠨ ᠬᠦᠳᠦᠯᠦᠨ ᠳᠠᠭᠠᠭᠤᠯᠬᠤ ᠬᠦᠴᠦᠨ ᠪᠤᠯᠭᠠᠨ ᠬᠤᠪᠢᠷᠠᠭᠤᠯᠵᠤ᠂ ᠯᠤᠳᠤ ᠶᠡᠬᠡ ᠳᠠᠮᠵᠢᠭᠤᠯᠬᠤ ᠬᠦᠴᠦᠨ᠂ ᠬᠦᠳᠦᠯᠦᠨ ᠳᠠᠭᠠᠭᠤᠯᠬᠤ ᠬᠦᠴᠦᠨ᠂ ᠨᠦᠯᠦᠭᠡᠯᠡᠬᠦ ᠬᠦᠴᠦᠨ ᠪᠠ ᠢᠳᠡᠭᠡᠭᠦᠯᠬᠦ ᠬᠦᠴᠦᠨ ᠪᠦᠬᠦᠢ ᠰᠢᠨ᠎ᠠ ᠬᠡᠯᠪᠡᠷᠢ ᠶ᠋ᠢᠨ ᠭᠤᠤᠯ ᠵᠠᠭᠤᠴᠢᠯᠠᠭᠤᠷ ᠢ᠋ ᠢᠳᠡᠪᠬᠢᠳᠠᠢ ᠴᠤᠭᠴᠠᠯᠠᠨ᠎ᠠ》 ᠭᠡᠵᠦ ᠬᠡᠯᠡᠪᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃